ᠣᠢᠷ᠎ᠠ᠎ᠶ᠋ᠢᠨ ᠡᠳᠦᠷ᠎ᠤᠳ᠎ᠲᠤ᠌᠂ ᠣᠷᠳᠣᠰ ᠬᠤᠲᠠ᠎ᠶ᠋ᠢᠨ ᠵᠠᠮ ᠠᠷᠠᠴᠢᠯᠠᠨ ᠬᠠᠮᠠᠭᠠᠯᠠᠬᠤ ᠦᠢᠯᠡᠴᠢᠯᠡᠭᠡᠨ᠎ᠤ ᠲᠥᠪ᠎ᠤᠨ ᠵᠡᠭᠦᠨᠭᠠᠷ ᠵᠠᠰᠠᠮᠠᠯ ᠵᠠᠮ᠎ᠤᠨ ᠠᠵᠢᠯ᠎ᠤᠨ ᠲᠣᠭᠤᠷᠢᠭ 《ᠴᠠᠰᠤᠨ》 ᠡᠴᠡ ᠡᠮᠦᠨ᠎ᠡ ᠪᠠᠢ᠌ᠰᠢᠩ᠎ᠢᠶᠠᠨ ᠰᠡᠯᠪᠢᠵᠦ᠂ ᠤᠷᠢᠳᠴᠢᠯᠠᠨ ᠬᠥᠳᠡᠯᠦᠯᠴᠡᠵᠦ᠍᠂ ᠵᠠᠰᠠᠮᠠᠯ ᠵᠠᠮ᠎ᠤᠨ ᠪᠠᠴᠢᠮ ᠪᠠᠢᠳᠠᠯ᠎ᠢ ᠠᠷᠭ᠋ᠠᠴᠠᠭ᠋ᠠᠬᠤ ᠡᠳ᠋ ᠪᠣᠳᠠᠰ᠎ᠢ ᠨᠥᠭᠡᠴᠡᠯᠡᠬᠦ᠂ ᠲᠣᠭᠤᠷᠢᠨ ᠪᠠᠢᠴᠠᠭᠠᠵᠤ ᠬᠢᠨᠠᠨ ᠬᠡᠮᠵᠢᠬᠦ᠂ ᠪᠠᠴᠢᠮ ᠪᠠᠢᠳᠠᠯ᠎ᠢ ᠠᠷᠭ᠋ᠠᠴᠠᠭ᠋ᠠᠨ ᠱᠢᠢᠳᠪᠦᠷᠢᠯᠡᠬᠦ᠌ ᠵᠡᠷᠭᠡ ᠲᠠᠯ᠎ᠠ᠎ᠠᠴᠠ ᠭᠠᠷᠳᠠᠵᠤ᠂ ᠡᠪᠦᠯ᠎ᠤᠨ ᠤᠯᠠᠷᠢᠯ᠎ᠤᠨ ᠵᠠᠰᠠᠮᠠᠯ ᠵᠠᠮ᠎ᠤᠨ ᠠᠮᠤᠷ ᠲᠦᠪᠱᠢᠨ ᠲᠣᠭ᠍ᠲᠠᠭᠤᠨ᠎ᠢᠶᠠᠷ ᠠᠵᠢᠯᠯᠠᠬᠤ᠎ᠳᠤ ᠪᠠᠲᠤ ᠪᠠᠬᠢ ᠬᠠᠯᠬᠠᠪᠴᠢ᠎ᠶ᠋ᠢ ᠪᠡᠬᠢᠵᠢᠭᠦᠯᠪᠡ᠃
ᠪᠥᠬᠥ ᠱᠤᠭᠤᠮ᠎ᠢᠶᠠᠷ ᠲᠣᠭᠣᠷᠢᠨ ᠪᠠᠢᠴᠠᠭᠠᠵᠤ᠂ ᠵᠠᠮ᠎ᠤᠨ ᠪᠠᠢᠳᠠᠯ᠎ᠤᠨ 《 ᠬᠢᠨᠠᠨ ᠬᠡᠮᠵᠢᠬᠦ ᠲᠣᠣᠷ 》 ᠢᠶᠠᠨ ᠨᠢᠭ᠍ᠲᠠ ᠰᠦᠯᠵᠢᠪᠡ᠃ ᠲᠣᠰ ᠠᠵᠢᠯ᠎ᠤᠨ ᠲᠣᠭᠤᠷᠢᠭ᠎ᠨᠢ ᠲᠤᠰᠭᠠᠶ ᠠᠷᠠᠴᠢᠯᠠᠨ ᠬᠠᠮᠠᠭᠠᠯᠠᠬᠤ ᠡᠩᠨᠡᠭᠡ᠎ᠶ᠋ᠢ ᠵᠣᠬᠢᠶᠠᠨ ᠪᠠᠢᠭᠤᠯᠵᠤ᠂ ᠬᠠᠷᠢᠶ᠎ᠠ ᠵᠠᠰᠠᠮᠠᠯ ᠵᠠᠮ᠎ᠢ ᠪᠥᠬᠦ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠵᠠᠮ᠎ᠤᠨ ᠭᠠᠳᠠᠷᠭᠤ᠎ᠶ᠋ᠢᠨ ᠠᠩ ᠴᠠᠪᠠ ᠭᠠᠷᠬᠤ᠂ ᠨᠦᠬᠡᠨ ᠬᠤᠩᠭᠢᠯ᠂ ᠳᠣᠷᠣᠭ᠍ᠰᠢ ᠰᠠᠭᠤᠭ᠍ᠰᠠᠨ ᠵᠡᠷᠭᠡ ᠵᠠᠮ᠎ᠤᠨ ᠭᠠᠳᠠᠷᠭᠤ᠎ᠶ᠋ᠢᠨ ᠬᠥᠨᠥᠭᠡᠯ᠂ ᠬᠥᠭᠥᠷᠭᠡ᠎ᠶᠢᠨ ᠰᠤᠨᠵᠤ ᠠᠪᠴᠢᠬᠤ ᠵᠠᠪᠰᠠᠷ᠂ ᠲᠤᠯᠬᠤ ᠰᠠᠭᠤᠳᠠᠯ ᠵᠡᠷᠭᠡ ᠬᠥᠭᠥᠷᠭᠡ᠎ᠶᠢᠨ ᠵᠠᠩᠭᠢᠯᠠᠭ᠎ᠠ᠎ᠶᠢᠨ ᠤᠭᠰᠠᠷᠠᠭ᠎ᠠ ᠲᠣᠨᠤᠭ᠂ ᠭᠤᠯᠳᠤᠩ᠎ᠤᠨ ᠤᠰᠤ ᠲᠠᠲᠠᠷᠠᠭᠤᠯᠬᠤ ᠰᠠᠭᠠᠳ ᠥᠬᠡᠶ ᠨᠡᠪᠲᠡᠷᠡᠬᠦ᠌ ᠪᠠᠢᠳᠠᠯ ᠵᠢᠴᠢ ᠵᠠᠮ ᠳᠠᠭᠠᠤ᠎ᠶ᠋ᠢᠨ ᠵᠠᠮ ᠬᠠᠷᠢᠯᠴᠠᠭᠠᠨ᠎ᠤ ᠲᠡᠮᠳᠡᠭ ᠱᠤᠭᠤᠮ᠂ ᠰᠡᠷᠭᠡᠢᠯᠡᠨ ᠬᠠᠮᠠᠭᠠᠯᠠᠯᠲᠠ᠎ᠶᠢᠨ ᠲᠥᠬᠦᠭᠡᠷᠦᠮᠵᠢ᠎ᠶᠢᠨ ᠪᠦᠷᠢᠨ ᠪᠦᠲᠦᠨ ᠪᠠᠢᠳᠠᠯ ᠳᠤ ᠭᠤᠤᠯᠳᠠᠯᠭ᠎ᠠ᠎ᠲᠠᠢ ᠠᠩᠬᠠᠷᠤᠯ᠎ᠢᠶᠠᠨ ᠲᠦᠪᠯᠡᠷᠡᠭᠦᠯᠪᠡ᠃ ᠡᠯ᠎ᠡ ᠲᠥᠷᠥᠯ᠎ᠤᠨ ᠡᠪᠡᠳᠴᠢᠨ᠎ᠦ ᠬᠥᠨᠥᠭᠡᠯ᠎ᠤᠨ ᠮᠡᠳᠡᠭᠡ ᠵᠠᠩᠭᠢ᠎ᠶ᠋ᠢ ᠨᠠᠷᠢᠨ ᠲᠡᠮᠳᠡᠭ᠌ᠯᠡᠵᠦ᠍᠂ ᠪᠦᠷᠢᠨ ᠲᠡᠭᠦᠯᠳᠡᠷ 《ᠵᠠᠰᠠᠮᠠᠯ ᠵᠠᠮ᠎ᠤᠨ ᠡᠪᠡᠳᠴᠢᠨ᠎ᠦ ᠬᠥᠨᠥᠭᠡᠯ᠎ᠤᠨ ᠡᠬᠡ ᠲᠠᠩᠰᠠ》 ᠶ᠋ᠢ ᠪᠠᠢᠭᠤᠯᠵᠤ᠂ ᠡᠪᠡᠳᠴᠢᠨ᠎ᠦ ᠬᠥᠨᠥᠭᠡᠯ᠎ᠤᠨ ᠲᠠᠷᠬᠠᠯᠲᠠ᠎ᠶ᠋ᠢᠨ ᠬᠡᠪᠴᠢᠶ᠎ᠡ ᠪᠠ ᠬᠦᠨᠳᠦ ᠨᠣᠴᠢᠲᠠᠶ ᠬᠡᠮᠵᠢᠶ᠎ᠡ᠎ᠶ᠋ᠢ ᠣᠨᠣᠴᠠᠲᠠᠢ ᠡᠵᠡᠮᠱᠢᠵᠦ᠍᠂ ᠦᠷᠭᠦᠯᠵᠢᠯᠡᠨ ᠨᠠᠷᠢᠯᠢᠭ᠋ ᠣᠨᠣᠴᠠᠲᠠᠢ᠎ᠪᠠᠷ ᠠᠷᠠᠴᠢᠯᠠᠨ ᠬᠠᠮᠠᠭᠠᠯᠠᠬᠤ᠎ᠳᠤ ᠳ᠋ᠡᠢ᠌ᠲ᠋ᠠ᠎ᠶᠢᠨ ᠲᠤᠯᠭᠠᠭᠤᠷᠢᠯᠠᠯ ᠬᠠᠩᠭ᠋ᠠᠪᠠ᠃
ᠪᠠᠢᠯᠳᠤᠭᠠᠨ᠎ᠳᠤ ᠨᠠᠷᠢᠯᠢᠭ᠋ ᠪᠡᠯᠡᠳᠬᠡᠵᠦ᠂ ᠪᠠᠴᠢᠮ ᠪᠠᠢᠳᠠᠯ᠎ᠢ ᠠᠷᠭ᠋ᠠᠴᠠᠭ᠋ᠠᠬᠤ 《ᠠᠮᠤᠷ ᠲᠦᠪᠰᠢᠨ᠎ᠦ ᠨᠡᠭᠡᠯᠡᠭᠡᠢ》 ᠪᠠᠨ ᠴᠢᠩᠭ᠋ᠠᠯᠠᠪᠠ᠃ ᠲᠣᠰ ᠠᠵᠢᠯ᠎ᠤᠨ ᠲᠣᠭᠤᠷᠢᠭ᠎ᠨᠢ ᠥᠩᠭᠡᠷᠡᠭ᠌ᠰᠡᠨ ᠵᠢᠯ᠎ᠤᠳ᠎ᠤᠨ ᠡᠪᠦᠯ᠎ᠤᠨ ᠤᠯᠠᠷᠢᠯ᠎ᠤᠨ ᠵᠠᠰᠠᠮᠠᠯ ᠵᠠᠮ᠎ᠤᠨ ᠪᠠᠴᠢᠮ ᠪᠠᠢᠳᠠᠯ᠎ᠢ ᠠᠷᠭ᠋ᠠᠴᠠᠭ᠋ᠠᠨ ᠱᠢᠢᠳᠪᠦᠷᠢᠯᠡᠬᠦ᠌ ᠲᠤᠷᠱᠢᠯᠭ᠎ᠠ᠎ᠲᠠᠢ ᠤᠶᠠᠯᠳᠤᠭᠤᠯᠤᠨ᠂ ᠡᠪᠦᠯ᠎ᠤᠨ ᠤᠯᠠᠷᠢᠯ᠎ᠤᠨ ᠵᠠᠰᠠᠮᠠᠯ ᠵᠠᠮ᠎ᠤᠨ ᠪᠠᠴᠢᠮ ᠪᠠᠢᠳᠠᠯ᠎ᠢ ᠠᠷᠭ᠋ᠠᠴᠠᠭ᠋ᠠᠨ ᠱᠢᠢᠳᠪᠦᠷᠢᠯᠡᠬᠦ᠌ ᠪᠡᠯᠡᠳᠭᠡᠯ ᠲᠥᠰᠦᠯ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍᠂ ᠪᠠᠴᠢᠮ ᠪᠠᠢᠳᠠᠯ᠎ᠢ ᠠᠷᠭ᠋ᠠᠴᠠᠭ᠋ᠠᠬᠤ ᠱᠢᠢᠳᠪᠦᠷᠢᠯᠡᠬᠦ᠌ ᠶᠠᠪᠤᠴᠠ᠂ ᠠᠵᠢᠯᠲᠠᠨ ᠲᠣᠬᠢᠷᠠᠭᠤᠯᠬᠤ᠂ ᠡᠳ᠋ ᠪᠣᠳᠠᠰ ᠱᠢᠯᠵᠢᠭᠦᠯᠦᠨ ᠬᠡᠷᠡᠭ᠌ᠯᠡᠬᠦ᠌ ᠵᠡᠷᠭᠡ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢ ᠲᠣᠳᠣᠷᠬᠠᠢᠯᠠᠬᠤ᠎ᠶ᠋ᠢᠨ ᠬᠠᠮᠲᠤ᠌᠂ ᠪᠠᠴᠢᠮ ᠪᠠᠢᠳᠠᠯ᠎ᠢ ᠠᠷᠭ᠋ᠠᠴᠠᠭ᠋ᠠᠬᠤ ᠡᠳ᠋ ᠪᠣᠳᠠᠰ᠎ᠢ ᠤᠷᠢᠳᠴᠢᠯᠠᠨ ᠨᠥᠭᠡᠴᠡᠯᠡᠵᠦ᠍᠂ ᠴᠠᠰᠤ ᠠᠷᠢᠯᠭᠠᠬᠤ ᠲᠡᠷᠭᠡ᠂ ᠰᠠᠴᠤᠬᠤ ᠮᠠᠱᠢᠨ᠂ ᠲᠣᠭᠤᠷᠢᠨ ᠪᠠᠢᠴᠠᠭᠠᠬᠤ ᠲᠡᠷᠭᠡ ᠬᠥᠰᠭᠡ ᠵᠡᠷᠭᠡ ᠠᠷᠠᠴᠢᠯᠠᠨ ᠬᠠᠮᠠᠭᠠᠯᠠᠬᠤ ᠲᠥᠬᠦᠭᠡᠷᠦᠮᠵᠢ᠎ᠶ᠋ᠢ ᠪᠥᠬᠦ᠌ ᠲᠠᠯ᠎ᠠ᠎ᠪᠠᠷ ᠪᠠᠢᠴᠠᠭᠠᠨ ᠵᠠᠰᠠᠵᠤ᠂ ᠡᠯ᠎ᠡ ᠲᠥᠷᠥᠯ᠎ᠤᠨ ᠡᠳ᠋ ᠪᠣᠳᠠᠰ᠎ᠤᠨ ᠨᠥᠭᠡᠴᠡ ᠭᠦᠢᠴᠡᠳ᠂ ᠲᠣᠨᠤᠭ ᠲᠥᠬᠦᠭᠡᠷᠦᠮᠵᠢ᠎ᠶ᠋ᠢᠨ ᠴᠢᠨᠠᠷ ᠴᠢᠨᠰᠠᠭ᠎ᠠ ᠰᠠᠢᠨ ᠪᠠᠢᠬᠤ᠎ᠶ᠋ᠢ ᠦᠨᠡᠨ ᠬᠦ᠌ ᠪᠠᠲᠤᠯᠠᠵᠤ᠂ ᠴᠠᠭ ᠲᠤᠬᠠᠶ᠎ᠳᠤᠨᠢ ᠵᠠᠷᠯᠢᠭ ᠬᠦᠯᠢᠶᠡᠬᠦ᠌ ᠪᠠᠢᠳᠠᠯ᠎ᠳᠤ ᠪᠠᠢᠵᠤ᠂ ᠪᠠᠴᠢᠮ ᠪᠠᠢᠳᠠᠯ᠎ᠢ ᠠᠷᠭ᠋ᠠᠴᠠᠭ᠋ᠠᠨ ᠱᠢᠢᠳᠪᠦᠷᠢᠯᠡᠬᠦ᠌ ᠴᠢᠳᠠᠪᠤᠷᠢ᠎ᠪᠠᠨ ᠪᠥᠬᠦ᠌ ᠲᠠᠯ᠎ᠠ᠎ᠪᠠᠷ ᠳᠡᠭᠡᠭᠰᠢᠯᠡᠭᠦᠯᠪᠡ᠃
ᠬᠠᠮᠵᠢᠯᠴᠠᠨ ᠬᠥᠳᠡᠯᠦᠯᠴᠡᠵᠦ᠂ ᠪᠠᠲᠤᠯᠠᠭ᠎ᠠ᠎ᠶᠢᠨ 《ᠲᠥᠪᠯᠡᠩᠭᠦᠶ ᠬᠦᠴᠦᠨ》 ᠢᠶᠠᠨ ᠨᠢᠭᠲᠠᠷᠠᠭᠤᠯᠪᠠ᠃ 《ᠨᠢᠭᠡ ᠵᠠᠮ᠎ᠤᠨ ᠣᠯᠠᠨ ᠲᠠᠯ᠎ᠠ》 ᠶ᠋ᠢᠨ ᠬᠠᠮᠵᠢᠯᠴᠠᠨ ᠬᠥᠳᠡᠯᠦᠯᠴᠡᠬᠦ᠌ ᠲᠣᠭ᠍ᠲᠠᠴᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠵᠠᠮ᠎ᠤᠨ ᠶᠠᠪᠤᠳᠠᠯ᠂ ᠵᠠᠮ ᠬᠠᠷᠢᠯᠴᠠᠭᠠᠨ᠎ᠤ ᠬᠠᠮᠢᠶᠠᠷᠤᠯᠲᠠ᠂ ᠴᠠᠭ ᠠᠭᠤᠷ ᠵᠡᠷᠭᠡ ᠰᠠᠯᠠᠭ᠎ᠠ ᠮᠥᠴᠢᠷ᠎ᠲᠠᠢ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠵᠤ᠂ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌ ᠠᠷᠭ᠎ᠠ ᠵᠠᠮ᠎ᠢ ᠰᠠᠭᠠᠳ ᠥᠬᠡᠶ ᠨᠡᠪᠲᠡᠷᠡᠭᠦᠯᠵᠦ᠍᠂ ᠶᠡᠷᠦ᠍ ᠪᠣᠰᠤ᠎ᠶ᠋ᠢᠨ ᠴᠠᠭ ᠠᠭᠤᠷ᠎ᠢ ᠠᠷᠭ᠋ᠠᠴᠠᠭ᠋ᠠᠬᠤ ᠠᠷᠭ᠎ᠠ ᠬᠡᠮᠵᠢᠶ᠎ᠡ᠎ᠶ᠋ᠢ ᠤᠷᠢᠳᠴᠢᠯᠠᠨ ᠰᠠᠢᠲᠤᠷ ᠬᠢᠨ᠎ᠡ᠃ ᠤᠳᠤᠷᠢᠳᠤᠯᠭ᠎ᠠ ᠵᠢᠵᠢᠭᠦᠷ ᠳᠠᠭᠠᠭᠤᠯᠬᠤ ᠪᠠ 24 ᠴᠠᠭ᠎ᠢᠶᠠᠷ ᠵᠢᠵᠢᠭᠦᠷᠯᠡᠬᠦ᠌ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠪᠠ᠃
ᠲᠣᠰ ᠠᠵᠢᠯ᠎ᠤᠨ ᠲᠣᠭᠤᠷᠢᠭ᠎ᠨᠢ ᠴᠠᠭ ᠠᠭᠤᠷ᠎ᠤᠨ ᠬᠤᠪᠢᠷᠠᠯᠲᠠ᠎ᠶ᠋ᠢ ᠴᠢᠩᠭ᠎ᠠ ᠠᠩᠬᠠᠷᠴᠤ᠌᠂ ᠠᠶᠤᠯ ᠦᠭᠡᠢ ᠦᠶ᠋ᠯᠡᠳᠪᠦᠷᠢᠯᠡᠯ᠎ᠤᠨ ᠡᠯ᠎ᠡ ᠵᠦᠶ᠋ᠯ᠎ᠤᠨ ᠠᠵᠢᠯ᠎ᠢ ᠵᠦᠶ ᠵᠣᠬᠢᠰᠲᠠᠶ ᠳᠣᠭᠢᠷᠠᠭᠤᠯᠵᠤ᠂ 《ᠲᠡᠭᠦᠰ ᠪᠡᠯᠡᠳᠬᠡᠯ》᠎ᠢᠶᠡᠷ 《ᠬᠡᠲᠦᠷᠡᠮᠡᠬᠡᠢ ᠪᠠᠢᠳᠠᠯ》᠎ᠢ ᠠᠷᠭ᠋ᠠᠴᠠᠭ᠋ᠠᠵᠤ᠂ ᠣᠯᠠᠨ ᠲᠦᠮᠡᠨ᠎ᠤ ᠡᠪᠦᠯ᠎ᠤᠨ ᠤᠯᠠᠷᠢᠯ᠎ᠤᠨ ᠶᠠᠪᠤᠵᠤ ᠰᠠᠭᠤᠬᠤ ᠪᠠ ᠡᠳ᠋ ᠪᠣᠳᠠᠰ᠎ᠤᠨ ᠲᠡᠭᠡᠭᠡᠪᠦᠷᠢ᠎ᠳᠤ ᠪᠠᠲᠤ ᠪᠠᠬᠢ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠪᠠᠲᠤᠯᠠᠭ᠎ᠠ᠎ᠶᠢ ᠬᠠᠩᠭ᠋ᠠᠭᠰᠠᠨ ᠪᠠᠢ᠌ᠨ᠎ᠠ᠃ ( ᠭᠤᠤ ᠶᠧ ᠶᠢᠩ )