ᠬᠢᠩᠭ᠋ᠠᠨ ᠠᠢ᠌ᠮᠠᠭ ᠡᠨᠡ ᠵᠢᠯ ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠢ 256.3 ᠺᠢᠯᠣᠮᠧᠲᠷ ᠬᠡᠷᠡᠭᠵᠢᠭᠦᠯᠬᠦ᠎ᠪᠠᠷ ᠲᠥᠯᠥᠪᠯᠡᠵᠦ ᠪᠣᠶ᠂ ᠡᠭᠦᠨ᠎ᠳᠤ 210 ᠮᠤᠵᠢ ᠵᠢᠨ ᠵᠠᠮ᠎ᠤᠨ ᠲᠦᠴᠢᠦᠸᠠᠨ— ᠳ᠋ᠢ ᠭᠦᠩ ᠬᠤᠸᠠ ᠬᠡᠰᠡᠭ 99.3 ᠺᠢᠯᠣᠮᠧᠲᠷ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ 157 ᠺᠢᠯᠣᠮᠧᠲᠷ ᠪᠠᠢ᠌ᠵᠤ᠂ ᠶᠡᠷᠦᠩᠬᠡᠶ ᠪᠠᠯᠠ ᠣᠷᠣᠭᠤᠯᠤᠯᠲᠠ᠎ᠨᠢ 10.3 ᠳ᠋ᠦᠩᠰᠢᠭᠤᠷ ᠲᠥᠭᠥᠷᠢᠭ᠎ᠲᠤ ᠬᠦᠷᠴᠦ᠂ ᠣᠳᠣᠬᠠᠨ᠎ᠳᠤ ᠶᠠᠭ ᠳᠠᠭ᠋ᠠᠭ᠋ᠠᠴᠢᠯᠠᠯᠲᠠ ᠵᠠᠷᠯᠠᠬᠤ ᠠᠵᠢᠯ᠎ᠢ ᠶᠠᠪᠤᠭᠳᠠᠭᠤᠯᠵᠤ ᠪᠣᠶ; ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ 20 ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠲᠥᠯᠥᠪᠯᠡᠵᠦ᠂ ᠶᠡᠷᠦᠩᠬᠡᠢ ᠤᠷᠳᠤᠨᠢ 164.61 ᠺᠢᠯᠣᠮᠧᠲᠷ ᠪᠠᠢ᠌ᠵᠤ᠂ ᠶᠡᠷᠦᠩᠬᠡᠢ ᠪᠡᠯᠡ ᠣᠷᠣᠭᠤᠯᠤᠯᠲᠠ᠎ᠨᠢ 0.5 ᠳ᠋ᠦᠩᠰᠢᠭᠤᠷ ᠲᠥᠭᠥᠷᠢᠭ ᠪᠠᠢ᠌ᠵᠤ᠂ ᠤᠳᠤ ᠶᠠᠭ ᠳᠠᠭ᠋ᠠᠭ᠋ᠠᠴᠢᠯᠠᠯᠲᠠ ᠵᠠᠷᠯᠠᠬᠤ ᠠᠵᠢᠯ᠎ᠢ ᠶᠠᠪᠤᠭᠳᠠᠭᠤᠯᠵᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠪᠥᠳᠥᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠠᠬᠢᠴᠠᠯᠤᠭᠠ ᠦᠨᠳᠦᠰᠦᠨ᠎ᠳᠤ᠎ᠪᠠᠨ ᠠᠳᠠᠯᠢ ᠠᠯᠬᠤᠮ ᠵᠶ᠋ᠠᠷ ᠶᠠᠪᠤᠭᠳᠠᠵᠤ ᠪᠤᠢ᠃
2024 ᠣᠨ᠎ᠳᠤ ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠢ 2 ᠪᠠᠭᠤᠯᠭ᠋ᠠᠵᠤ᠂ ᠶᠡᠷᠦᠩᠬᠡᠶ ᠣᠷᠳᠣᠨ᠎ᠢ 41.5 ᠺᠢᠯᠣᠮᠧᠲᠷ ᠪᠠᠢ᠌ᠵᠤ᠂ ᠶᠡᠷᠦᠩᠬᠡᠶ ᠪᠠᠯᠠ ᠣᠷᠣᠭᠤᠯᠤᠯᠲᠠ᠎ᠨᠢ 0.4 ᠳ᠋ᠦᠩᠰᠢᠭᠤᠷ ᠲᠥᠭᠥᠷᠢᠭ᠎ᠲᠤ ᠬᠦᠷᠴᠦ᠂ ᠨᠢᠭᠡᠨᠲᠡ 0.07 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠵᠦ᠂ ᠡᠨᠡ ᠵᠢᠯ ᠦᠷᠭᠦᠯᠵᠢᠯᠡᠨ ᠬᠡᠷᠡᠭᠵᠢᠭᠦᠯᠦᠨ᠎ᠡ᠃
ᠣᠢ᠌ᠯᠠᠭ᠋ᠠᠭᠰᠠᠨ ᠵᠶ᠋ᠠᠷ᠂ 《ᠵᠠᠮ ᠵᠶ᠋ᠠᠷ ᠡᠯᠡᠰᠦ ᠵᠢ ᠵᠠᠰᠠᠬᠤ》 ᠬᠡᠷᠡᠭᠴᠡᠭᠡ ᠱᠠᠭ᠋ᠠᠷᠳᠠᠯᠭ᠎ᠠ ᠪᠠ ᠵᠠᠮ᠎ᠤᠨ ᠲᠣᠤᠷ᠎ᠤᠨ ᠪᠦᠬᠦᠯᠢ ᠴᠣᠭᠴᠠᠲᠤ ᠴᠢᠨᠠᠷ ᠪᠠ ᠬᠣᠯᠪᠣᠯᠳᠤᠨ ᠨᠡᠪᠲᠡᠷᠡᠯᠴᠡᠬᠦ ᠴᠢᠨᠠᠷ᠎ᠢ ᠪᠣᠳᠣᠯᠬᠢᠯᠠᠭᠰᠠᠨ ᠤᠷᠢᠲᠠᠯ ᠳᠣᠤᠷ᠎ᠠ᠂ ᠬᠥᠨᠳᠡᠯᠡᠨ ᠴᠢᠭᠯᠡᠯ ᠵᠶ᠋ᠡᠷ ᠡᠯᠡᠰᠦᠷᠬᠡᠭ ᠭᠠᠵᠠᠷ᠎ᠢ ᠣᠭᠲᠣᠯᠬᠤ ᠵᠠᠮ᠎ᠤᠨ ᠲᠣᠤᠷ᠎ᠤᠨ ᠪᠥᠲᠥᠭᠡᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠵᠢᠨ ᠲᠥᠯᠥᠭᠡ᠂ ᠬᠢᠩᠭ᠋ᠠᠨ ᠠᠢ᠌ᠮᠠᠭ ᠨᠡᠢ᠌ᠲᠡ 1 ᠮᠤᠵᠢ ᠵᠢᠨ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠢ ᠭᠤᠶᠤᠴᠢᠯᠠᠨ ᠮᠡᠳᠡᠭᠦᠯᠵᠦ᠂ ᠶᠡᠷᠦᠩᠬᠡᠶ ᠪᠥᠲᠥᠭᠡᠨ ᠪᠠᠢ᠌ᠭᠤᠯᠤᠯᠲᠠ ᠵᠢᠨ ᠬᠡᠪᠴᠢᠶ᠎ᠡ᠎ᠨᠢ 99.3 ᠺᠢᠯᠣᠮᠧᠲᠷ ᠪᠣᠯᠤᠨ᠎ᠠ; ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ 30 ᠲᠥᠷᠥᠯ ᠵᠦᠢᠯ᠎ᠤᠨ ᠶᠡᠷᠦᠩᠬᠡᠶ ᠪᠦᠲᠦᠭᠡᠨ ᠪᠠᠢ᠌ᠭᠤᠯᠤᠯᠲᠠ ᠵᠢᠨ ᠬᠡᠪᠴᠢᠶ᠎ᠡ᠎ᠨᠢ 471.3 ᠺᠢᠯᠣᠮᠧᠲᠷ ᠪᠣᠯᠤᠨ᠎ᠠ; 31 ᠬᠥᠳᠡᠭᠡ ᠲᠣᠰᠬᠣᠨ᠎ᠤ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠪᠠᠷᠢᠯᠭ᠎ᠠ ᠵᠢᠨ ᠲᠥᠷᠥᠯ ᠵᠦᠢᠯ᠎ᠳᠤ 243.7 ᠺᠢᠯᠣᠮᠧᠲᠷ ᠤᠷᠲᠤ ᠠᠷᠠᠴᠢᠯᠠᠨ ᠬᠠᠮᠠᠭ᠋ᠠᠯᠠᠬᠤ᠎ᠪᠠᠷ ᠲᠥᠯᠥᠪᠯᠡᠵᠦ᠂ ᠪᠦᠬᠦᠨ᠎ᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠴᠢᠨ ᠪᠠ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠬᠦ ᠣᠷᠣᠨ᠎ᠤ 〈ᠵᠠᠮ ᠵᠶ᠋ᠠᠷ ᠡᠯᠡᠰᠦ ᠵᠢ ᠵᠠᠰᠠᠬᠤ〉 ᠬᠥᠭᠵᠢᠯᠲᠡ ᠵᠢᠨ ᠲᠥᠯᠥᠪᠵᠢᠭᠦᠯᠭᠡ (2024 - 2030 ᠣᠨ)》᠎ᠳᠤ ᠣᠷᠣᠭᠤᠯᠵᠠᠶ᠃