5 ᠳ᠋ᠤᠭ᠋ᠠᠷ ᠰᠠᠷ᠎ᠠ ᠵᠢᠨ 20᠎ᠤ ᠡᠳᠦᠷ᠂ 335 ᠤᠯᠤᠰ᠎ᠤᠨ ᠵᠠᠮ᠎ᠤᠨ ᠬᠥᠬᠡᠪᠦᠷ᠎ᠠᠴᠠ ᠤᠯᠠᠭ᠋ᠠᠨᠬᠤᠸᠠ ᠬᠦᠷᠬᠦ ᠬᠡᠰᠡᠭ ᠲᠡᠷᠭᠡ ᠨᠡᠪᠲᠡᠷᠡᠪᠡ᠃
335 ᠤᠯᠤᠰ᠎ᠤᠨ ᠵᠠᠮ᠎ᠤᠨ ᠬᠥᠬᠡᠪᠦᠷ᠎ᠠᠴᠠ ᠤᠯᠠᠭ᠋ᠠᠨᠬᠤᠸᠠ ᠬᠥᠷᠬᠥ ᠬᠡᠰᠡᠭ᠎ᠤᠨ ᠵᠠᠰᠠᠮᠠᠯ ᠵᠠᠮ᠎ᠨᠢ ᠤᠯᠠᠭ᠋ᠠᠨᠴᠠᠪ ᠬᠣᠲᠠ ᠵᠢᠨ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠬᠥᠬᠡᠪᠦᠷ ᠪᠠᠯᠭ᠋ᠠᠰᠤᠨ᠎ᠤ ᠪᠠᠷᠠᠭᠤᠨ ᠲᠠᠯ᠎ᠠ᠎ᠠᠴᠠ ᠡᠬᠢᠯᠡᠵᠦ᠂ 335 ᠤᠯᠤᠰ᠎ᠤᠨ ᠵᠠᠮ᠎ᠤᠨ ᠵᠢᠨᠢᠩ᠎ᠠᠴᠠ ᠬᠥᠬᠡᠪᠦᠷ ᠬᠦᠷᠬᠦ ᠨᠢᠭᠡᠳᠦᠭᠡᠷ ᠳᠡᠰ᠎ᠤᠨ ᠵᠠᠰᠠᠮᠠᠯ ᠵᠠᠮ᠎ᠲᠠᠢ ᠵᠠᠯᠭ᠋ᠠᠭᠤᠯᠵᠤ᠂ ᠮᠢ ᠯᠢᠶᠠᠩ ᠵᠢᠦᠢ ᠰᠢᠶᠠᠩ᠂ ᠬᠤᠸᠠᠩ ᠶᠠᠩ ᠴᠧᠩ ᠰᠢᠶᠠᠩ᠂ ᠭᠤᠸᠠᠩ ᠡᠶ ᠯᠥᠩ ᠪᠠᠯᠭ᠋ᠠᠰᠤ᠂ ᠬᠦᠷᠢᠶᠡᠲᠦ ᠪᠠᠯᠭ᠋ᠠᠰᠤ᠎ᠪᠠᠷ ᠥᠩᠭᠡᠷᠡᠵᠦ᠂ ᠳᠥᠷᠪᠡᠳ ᠬᠣᠰᠢᠭᠤᠨ᠎ᠤ ᠤᠯᠠᠭ᠋ᠠᠨᠬᠤᠸᠠ ᠪᠠᠯᠭ᠋ᠠᠰᠤ ᠵᠢᠨ 335 ᠤᠯᠤᠰ᠎ᠤᠨ ᠵᠠᠮ ᠪᠣᠯᠤᠨ 209 ᠤᠯᠤᠰ᠎ᠤᠨ ᠵᠠᠮ᠎ᠤᠨ ᠬᠠᠮᠲᠤ ᠵᠢᠨ ᠱᠤᠭᠤᠮ᠎ᠤᠨ ᠬᠡᠰᠡᠭ ᠬᠦᠷᠦᠨ᠎ᠡ᠂ ᠪᠦᠬᠦ ᠤᠷᠲᠤ᠎ᠨᠢ 100.07 ᠺᠢᠯᠣᠮᠧᠲᠷ ᠪᠠᠢ᠌ᠵᠤ᠂ ᠡᠭᠦᠨ᠎ᠳᠤ 40.67 ᠺᠢᠯᠣᠮᠧᠲᠷ᠎ᠢ ᠰᠢᠨ᠎ᠡ᠎ᠪᠠᠷ ᠪᠠᠢ᠌ᠭᠤᠯᠤᠨ᠂ ᠤᠤᠯ᠎ᠤᠨ ᠪᠠᠢ᠌ᠭᠰᠠᠨ ᠬᠠᠭᠤᠴᠢᠨ ᠵᠠᠮ᠎ᠢ 59.4 ᠺᠢᠯᠣᠮᠧᠲᠷ ᠳᠡᠰ ᠳᠡᠪᠰᠢᠭᠦᠯᠦᠨ ᠥᠭᠡᠷᠡᠴᠢᠯᠡᠨ ᠵᠠᠰᠠᠵᠤ᠂ ᠨᠡᠢ᠌ᠲᠡ 3 ᠰᠠᠭᠤᠷᠢ ᠶᠡᠬᠡ ᠬᠥᠭᠥᠷᠭᠡ᠂ 4 ᠰᠠᠭᠤᠷᠢ ᠳᠤᠮᠳᠠ ᠬᠥᠭᠥᠷᠭᠡ᠂ 21 ᠰᠠᠭᠤᠷᠢ ᠵᠢᠵᠢᠭ ᠬᠥᠭᠥᠷᠭᠡ᠂ 2 ᠰᠠᠭᠤᠷᠢ ᠬᠠᠷᠢᠯᠴᠠᠨ ᠨᠡᠪᠲᠡᠷᠡᠯᠴᠡᠬᠦ ᠵᠦᠷᠢᠯᠢᠭ ᠬᠦᠭᠦᠷᠭᠡ ᠪᠠᠢ᠌ᠭᠤᠯᠵᠤ᠂ ᠶᠡᠷᠦᠩᠬᠡᠢ ᠪᠡᠯᠡ ᠣᠷᠣᠭᠤᠯᠤᠯᠲᠠ᠎ᠨᠢ 26.8314 ᠳ᠋ᠦᠩᠰᠢᠭᠤᠷ ᠲᠥᠭᠥᠷᠢᠭ᠂ ᠪᠦᠬᠦ ᠱᠤᠭᠤᠮ᠎ᠢ ᠬᠣᠣᠰ ᠴᠢᠭᠯᠡᠯᠲᠦ ᠳᠥᠷᠪᠡᠨ ᠲᠡᠷᠭᠡᠨ ᠵᠠᠮ᠎ᠤᠨ ᠨᠢᠭᠡᠳᠦᠭᠡᠷ ᠳᠡᠰ᠎ᠤᠨ ᠵᠠᠰᠠᠮᠠᠯ ᠵᠠᠮ᠎ᠤᠨ ᠪᠠᠷᠢᠮᠵᠢᠶ᠎ᠠ᠎ᠪᠠᠷ ᠪᠦᠲᠦᠭᠡᠨ ᠪᠠᠢ᠌ᠭᠤᠯᠪᠠ᠃
ᠲᠣᠰ ᠲᠥᠷᠥᠯ ᠵᠦᠢᠯ᠎ᠢ 2022 ᠣᠨ᠎ᠤ 6 ᠳ᠋ᠤᠭ᠋ᠠᠷ ᠰᠠᠷ᠎ᠠ᠎ᠠᠴᠠ ᠡᠬᠢᠯᠡᠵᠦ ᠪᠠᠢ᠌ᠭᠤᠯᠤᠭᠰᠠᠨ᠎ᠠᠴᠠ ᠨᠠᠭ᠋ᠠᠰᠢ᠂ ᠡᠯ᠎ᠡ ᠪᠥᠲᠥᠭᠡᠨ ᠪᠠᠢ᠌ᠭᠤᠯᠤᠯᠲᠠ᠎ᠳᠤ ᠣᠷᠣᠯᠴᠠᠭᠰᠠᠨ ᠨᠢᠭᠡᠴᠢ᠎ᠨᠢ ᠭᠠᠵᠠᠷ ᠰᠢᠨᠵᠢᠯᠡᠭᠡᠨ᠎ᠤ ᠨᠥᠬᠥᠴᠡᠯ ᠪᠤᠳᠤᠯᠢᠶᠠᠨᠲᠠᠶ᠂ ᠠᠭᠤᠷ ᠠᠮᠢᠰᠬᠤᠯ ᠬᠤᠪᠢᠷᠠᠯᠲᠠ ᠶᠡᠬᠡᠲᠡᠶ᠂ ᠪᠠᠷᠢᠯᠭ᠎ᠠ ᠵᠢᠨ ᠬᠤᠭᠤᠴᠠᠭ᠎ᠠ ᠪᠠᠴᠢᠮ ᠪᠠᠢ᠌ᠬᠤ ᠵᠡᠷᠭᠡ ᠠᠯᠢ ᠣᠯᠠᠨ ᠬᠦᠴᠢᠷᠳᠡᠯ᠎ᠢ ᠢᠯᠡᠨ ᠳᠠᠪᠠᠵᠤ᠂ ᠪᠠᠷᠢᠯᠭ᠎ᠠ ᠵᠢᠨ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠵᠣᠬᠢᠶᠠᠨ ᠪᠠᠢ᠌ᠭᠤᠯᠵᠤ᠂ ᠶᠠᠰᠤ ᠴᠢᠨᠠᠷ ᠬᠢᠭᠡᠳ ᠠᠮᠤᠷ ᠲᠦᠪᠰᠢᠨ᠎ᠢ ᠴᠢᠩᠭ᠎ᠠ ᠡᠵᠡᠮᠳᠡᠵᠦ᠂ ᠬᠢᠨᠠᠨ ᠬᠠᠮᠢᠶᠠᠷᠬᠤ ᠨᠢᠭᠡᠴᠢ ᠪᠥᠬᠥ ᠶᠠᠪᠤᠴᠠ᠎ᠳᠤ ᠰᠠᠭᠤᠬᠤ ᠵᠢᠯᠤᠭᠤᠳᠴᠤ᠂ 《ᠨᠢᠭᠡ ᠴᠦ᠍ ᠡᠨᠳᠡᠯ ᠭᠠᠷᠤᠭᠰᠠᠨ ᠥᠬᠡᠶ》 ᠪᠠ 《ᠬᠢᠷᠢ ᠲᠡᠩᠴᠡᠭᠰᠡᠨ ᠨᠣᠷᠮ᠎ᠠ᠎ᠨᠢ ᠵᠠᠭᠤᠨ᠎ᠤ ᠵᠠᠭᠤ》 ᠪᠠᠢ᠌ᠬᠤ ᠬᠣᠤᠰ ᠬᠠᠷᠠᠯᠲᠠ ᠵᠢ ᠪᠡᠶᠡᠯᠡᠭᠦᠯᠵᠦ᠂ ᠪᠠᠷᠢᠯᠭ᠎ᠠ ᠵᠢᠨ ᠤᠷᠤᠭᠰᠢᠲᠠᠶ ᠠᠭᠢᠬᠤ ᠵᠢ ᠦᠨᠡᠨ ᠬᠦ᠌ ᠪᠠᠲᠤᠯᠠᠪᠠ᠃ ᠪᠥᠲᠥᠭᠡᠨ ᠪᠠᠢ᠌ᠭᠤᠯᠬᠤ ᠶᠠᠪᠤᠴᠠ᠎ᠳᠤ᠂ ᠲᠥᠷᠥᠯ ᠵᠦᠢᠯ᠎ᠤᠨ ᠪᠦᠯᠬᠦᠮ ᠨᠡᠢ᠌ᠲᠡ᠎ᠨᠢ ᠠᠵᠢᠯ᠎ᠤᠨ ᠬᠤᠭᠤᠴᠠᠭ᠎ᠠ᠎ᠪᠠᠨ ᠲᠣᠩᠭᠣᠷᠤᠭᠤᠯᠤᠨ ᠵᠢᠭᠰᠠᠭ᠋ᠠᠵᠤ᠂ ᠵᠢᠷᠤᠭ ᠡᠯᠭᠦᠨ ᠠᠵᠢᠯᠯᠠᠵᠤ᠂ ᠪᠠᠷᠢᠯᠭ᠎ᠠ ᠵᠢᠨ ᠠᠵᠢᠯ᠂ ᠮᠠᠰᠢᠨ ᠴᠠᠬᠢᠯᠭ᠋ᠠᠨ᠂ ᠵᠠᠮ ᠬᠠᠷᠢᠯᠴᠠᠭ᠋ᠠᠨ᠎ᠤ ᠠᠮᠤᠷ ᠲᠦᠪᠰᠢᠨ ᠵᠡᠷᠭᠡ ᠠᠵᠢᠯ᠎ᠤᠨ ᠳᠡᠰ ᠳᠠᠷᠠᠭ᠋ᠠᠯᠠᠯ᠎ᠢ ᠵᠠᠪᠰᠠᠷ ᠥᠬᠡᠶ ᠵᠣᠯᠭ᠋ᠠᠭᠤᠯᠬᠤ ᠵᠢ ᠪᠡᠶᠡᠯᠡᠭᠦᠯᠵᠦ᠂ ᠰᠢᠨ᠎ᠡ ᠮᠡᠷᠭᠡᠵᠢᠯ᠂ ᠰᠢᠨ᠎ᠡ ᠤᠷ᠎ᠠ ᠮᠡᠷᠭᠡᠰᠢᠯ᠎ᠢ ᠢᠳᠡᠪᠬᠢᠲᠡᠶ ᠬᠡᠷᠡᠭᠯᠡᠨ᠂ ᠪᠠᠷᠢᠯᠭ᠎ᠠ ᠵᠢᠨ ᠲᠥᠰᠦᠯ᠎ᠢ ᠰᠢᠯᠢᠳᠡᠭᠵᠢᠭᠦᠯᠵᠦ᠂ ᠪᠠᠷᠢᠯᠭ᠎ᠠ ᠵᠢᠨ ᠦᠷ᠎ᠡ ᠪᠦᠲᠦᠮᠵᠢ ᠵᠢ ᠪᠦᠲᠦᠮᠵᠢᠲᠡᠶ ᠳᠡᠭᠡᠭᠰᠢᠯᠡᠭᠦᠯᠬᠦ ᠵᠢᠨ ᠬᠠᠮᠲᠤ᠂ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠬᠤᠯᠠᠴᠢᠯᠠᠵᠤ᠂ ᠵᠠᠮ ᠳᠠᠭ᠋ᠠᠤ ᠵᠢᠨ ᠪᠠᠢ᠌ᠭ᠋ᠠᠯᠢ ᠵᠢᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠪᠠ᠃
335 ᠤᠯᠤᠰ᠎ᠤᠨ ᠵᠠᠮ ᠪᠣᠯ ᠮᠠᠨ᠎ᠤ ᠤᠯᠤᠰ᠎ᠤᠨ ᠵᠡᠭᠦᠨᠰᠢ ᠪᠠᠷᠠᠭᠤᠨᠰᠢ ᠬᠥᠨᠳᠡᠯᠡᠨ ᠳᠤᠭᠤᠯᠬᠤ ᠤᠯᠤᠰ᠎ᠤᠨ ᠵᠠᠮ ᠪᠣᠯᠤᠨ᠎ᠠ᠂ ᠾᠸᠪᠸᠢ ᠮᠤᠵᠢ ᠵᠢᠨ ᠴᠧᠩᠳᠧ᠎ᠠᠴᠠ ᠡᠬᠢᠯᠡᠵᠦ᠂ ᠰᠢᠨᠵᠢᠶᠠᠩ᠎ᠤᠨ ᠲᠠᠷᠪᠠᠭ᠋ᠠᠲᠠᠢᠳᠤ ᠬᠦᠷᠴᠦ᠂ ᠵᠠᠮ ᠳᠠᠭ᠋ᠠᠤ ᠵᠢᠨ ᠡᠯ᠎ᠡ ᠮᠤᠵᠢ᠂ ᠣᠷᠣᠨ᠎ᠤ ᠬᠣᠭᠣᠷᠣᠨᠳᠣᠬᠢ ᠬᠠᠷᠢᠯᠴᠠᠭ᠋ᠠᠨ᠎ᠤ ᠲᠦᠷᠭᠡᠨ ᠵᠠᠮ ᠪᠣᠯᠤᠭᠰᠠᠨ ᠪᠠᠢ᠌ᠨ᠎ᠠ᠃ ᠲᠣᠰ ᠲᠥᠷᠥᠯ ᠵᠦᠢᠯ᠎ᠤᠨ ᠲᠡᠷᠭᠡ ᠨᠡᠪᠲᠡᠷᠡᠭᠰᠡᠨ᠎ᠨᠢ ᠤᠯᠠᠭ᠋ᠠᠨᠴᠠᠪ ᠬᠣᠲᠠ ᠵᠢᠨ ᠪᠠᠷᠠᠭᠤᠨ ᠬᠣᠢ᠌ᠲᠤ ᠣᠷᠣᠨ᠎ᠤ ᠵᠠᠮ ᠬᠠᠷᠢᠯᠴᠠᠭ᠋ᠠᠨ᠎ᠤ ᠳᠠᠷᠤᠯᠲᠠ ᠵᠢ ᠪᠦᠲᠦᠮᠵᠢᠲᠡᠶ ᠨᠠᠮᠳᠠᠭᠤᠯᠵᠤ᠂ ᠤᠯᠠᠭ᠋ᠠᠨᠴᠠᠪ ᠬᠣᠲᠠ ᠵᠢᠨ ᠵᠠᠮ ᠬᠠᠷᠢᠯᠴᠠᠭ᠋ᠠᠨ᠎ᠤ ᠲᠣᠤᠷ ᠰᠦᠯᠵᠢᠶ᠎ᠡ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠣᠷᠣᠨ ᠪᠦᠰᠡ ᠵᠢᠨ ᠬᠣᠯᠪᠣᠯᠳᠤᠨ ᠨᠡᠪᠲᠡᠷᠡᠯᠴᠡᠬᠦ ᠴᠢᠳᠠᠪᠤᠷᠢ ᠵᠢ ᠨᠡᠮᠡᠭᠳᠡᠭᠦᠯᠬᠦ ᠪᠥᠭᠡᠳ ᠪᠠᠰᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠪᠠᠷᠠᠭ᠋ᠠᠨ᠎ᠤ ᠭᠦᠢᠯᠭᠡᠭᠡ ᠪᠠ ᠵᠢᠭᠤᠯᠴᠢᠯᠠᠯ᠎ᠤᠨ ᠵᠠᠮ ᠪᠣᠯᠵᠣ᠂ ᠣᠷᠣᠨ ᠨᠤᠲᠤᠭ᠎ᠤᠨ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ᠎ᠳᠤ ᠬᠦᠴᠦᠨ ᠨᠡᠮᠡᠷᠢᠯᠡᠬᠦ ᠪᠣᠯᠤᠨ᠎ᠠ᠃