ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠠᠯᠠᠱ᠌ᠠ ᠠᠶ᠋ᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠲᠤᠤᠷ᠎ᠠ ᠠᠭ᠋ᠠᠷ᠎ᠤᠨ ᠪᠠᠷᠠᠭ᠋ᠠᠨ᠎ᠤ ᠭᠦᠢ᠍ᠯᠭᠡᠭᠡ ᠵᠢ ᠢᠳᠡᠪᠬᠢᠲᠡᠶ ᠬᠥᠭᠵᠢᠭᠦᠯᠵᠦ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠨ ᠨᠡᠮᠡᠷᠢᠯᠡᠪᠡ
ᠨᠡᠶ᠋ᠢᠲᠡᠯᠡᠭᠰᠡᠨ ᠴᠠᠭ᠄ 2025-05-28

    2024 ᠣᠨ᠎ᠠᠴᠠ ᠨᠠᠭ᠋ᠠᠰᠢ᠂ ᠠᠯᠠᠱ᠌ᠠ ᠠᠶ᠋ᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ          《ᠥᠪᠡᠷᠲᠡᠭᠡᠨ ᠵᠠᠰᠠᠬᠤ ᠣᠷᠣᠨ᠎ᠤ ᠲᠤᠤᠷ᠎ᠠ ᠠᠭ᠋ᠠᠷ᠎ᠤᠨ ᠪᠠᠷᠠᠭ᠋ᠠᠨ᠎ᠤ ᠭᠦᠢ᠍ᠯᠭᠡᠭᠡᠨ᠎ᠤ ᠴᠢᠨᠠᠷ ᠰᠠᠶ᠋ᠢᠲᠠᠶ ᠬᠥᠭᠵᠢᠯᠲᠡ ᠵᠢᠨ ᠬᠡᠷᠡᠭᠵᠢᠭᠦᠯᠬᠦ ᠲᠥᠰᠦᠯ (2024 - 2027 ᠣᠨ)》᠂ 《ᠥᠪᠡᠷᠲᠡᠭᠡᠨ ᠵᠠᠰᠠᠬᠤ ᠣᠷᠣᠨ᠎ᠤ ᠲᠤᠤᠷ᠎ᠠ ᠠᠭ᠋ᠠᠷ᠎ᠤᠨ ᠣᠷᠣᠨ ᠪᠦᠰᠡ ᠵᠢᠨ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠦᠯ》᠎ᠢ ᠭᠦᠨᠵᠡᠭᠡᠶ ᠨᠠᠶ᠋ᠢᠳᠠᠪᠤᠷᠢᠵᠢᠭᠤᠯᠵᠤ᠂ ᠳᠣᠤᠷ᠎ᠠ ᠠᠭ᠋ᠠᠷ᠎ᠤᠨ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢ ᠲᠦᠭᠦᠭᠡᠷᠦᠮᠵᠢ ᠵᠢ ᠲᠡᠭᠦᠯᠳᠡᠷᠵᠢᠭᠦᠯᠦᠨ᠂ ᠳᠣᠤᠷ᠎ᠠ ᠠᠭ᠋ᠠᠷ᠎ᠤᠨ ᠪᠠᠷᠠᠭ᠋ᠠᠨ᠎ᠤ ᠭᠦᠢ᠍ᠯᠭᠡᠭᠡᠨ᠎ᠤ ᠣᠯᠠᠨ ᠡᠰᠢᠲᠦ ᠪᠠᠶ᠋ᠢᠳᠠᠯ᠎ᠢ ᠢᠳᠡᠪᠬᠢᠲᠡᠶ ᠨᠡᠭᠡᠭᠡᠨ ᠬᠥᠭᠵᠢᠭᠦᠯᠵᠦ᠂ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠨ ᠨᠡᠮᠡᠷᠢᠯᠡᠪᠡ᠃

0528-1.jpg


    2025 ᠣᠨ᠎ᠳᠤ ᠪᠥᠬᠦ ᠠᠶ᠋ᠢᠮᠠᠭ ᠵᠶ᠋ᠠᠷ ᠵᠶ᠋ᠠᠨ ᠵᠢᠯᠣᠭᠤᠴᠢ ᠥᠬᠡᠶ ᠨᠢᠰᠬᠡᠯ᠎ᠤᠨ ᠨᠢᠰᠴᠦ ᠪᠠᠭᠤᠬᠤ 44 ᠲᠠᠯᠠᠪᠠᠶ ᠵᠢᠨ ᠴᠡᠭ᠎ᠢ ᠪᠠᠶ᠋ᠢᠷᠢᠰᠢᠭᠤᠯᠬᠤ᠎ᠪᠠᠷ ᠲᠥᠯᠥᠪᠯᠡᠵᠦ᠂ ᠣᠳᠣᠬᠠᠨ᠎ᠳᠤ ᠨᠢᠭᠡᠨᠲᠡ 12᠎ᠢ ᠪᠠᠶ᠋ᠢᠭᠤᠯᠵᠤ᠂ 32 ᠶᠠᠭ ᠲᠦᠷᠭᠡᠨ ᠠᠬᠢᠭᠤᠯᠵᠤ ᠪᠠᠶ᠋ᠢᠨ᠎ᠠ᠃ ᠡᠯ᠎ᠡ ᠬᠤᠰᠢᠭᠤ ᠲᠣᠭᠤᠷᠢᠭ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠤᠬᠢᠷᠠᠭᠤᠯᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠠᠯᠠᠱ᠌ᠠ ᠵᠡᠭᠦᠨ ᠬᠤᠰᠢᠭᠤᠨ᠎ᠤ᠎ᠬᠢᠨ ᠵᠢᠯᠣᠭᠤᠴᠢ ᠥᠬᠡᠶ ᠨᠢᠰᠬᠡᠯ᠎ᠤᠨ ᠨᠢᠰᠴᠦ ᠪᠠᠭᠤᠬᠤ ᠴᠡᠭ᠎ᠢ 5 ᠪᠠᠶ᠋ᠢᠭᠤᠯᠬᠤ᠎ᠪᠠᠷ ᠲᠥᠯᠥᠪᠯᠡᠵᠦ᠂ ᠡᠭᠦᠨ᠎ᠳᠤ ᠪᠠᠶᠠᠨᠬᠤᠲᠠ ᠪᠠᠯᠭ᠋ᠠᠰᠤᠨ᠎ᠤ ᠪᠠᠷᠠᠭᠤᠨ ᠬᠤᠲᠠ ᠵᠢᠨ ᠲᠣᠭᠤᠷᠢᠭ᠎ᠤᠨ ᠠᠵᠤ ᠦᠢ᠍ᠯᠡᠳᠪᠦᠷᠢ ᠵᠢᠨ ᠦᠢ᠍ᠯᠡᠴᠢᠯᠡᠭᠡᠨ᠎ᠤ ᠨᠢᠰᠴᠦ ᠪᠠᠭᠤᠬᠤ ᠴᠡᠭ ᠪᠠ᠎ᠲᠠᠢ ᠰᠢ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠤᠷᠢᠭ᠎ᠤᠨ ᠨᠢᠰᠴᠦ ᠪᠠᠭᠤᠬᠤ ᠴᠡᠭ᠎ᠢ ᠨᠢᠭᠡᠨᠲᠡ ᠳᠠᠭᠤᠰᠬᠠᠵᠤ᠂ ᠦᠯᠡᠳᠡᠭᠰᠡᠨ 3 ᠭᠠᠵᠠᠷ᠎ᠨᠢ ᠭᠠᠵᠠᠷ ᠰᠣᠩᠭᠤᠨ ᠬᠠᠶ᠋ᠢᠨ ᠪᠠᠶ᠋ᠢᠴᠠᠭ᠋ᠠᠵᠤ ᠳᠠᠭᠤᠰᠬᠠᠬᠤ ᠵᠢᠨ ᠬᠠᠮᠲᠤ ᠲᠥᠯᠥᠪᠯᠡᠭᠡ ᠶᠣᠰᠣᠭ᠋ᠠᠷ ᠳᠥᠯᠭᠢᠨ ᠠᠬᠢᠭᠤᠯᠵᠤ ᠪᠣᠶ; ᠠᠯᠠᠱ᠌ᠠ ᠪᠠᠷᠠᠭᠤᠨ ᠬᠤᠰᠢᠭᠤᠨ᠎ᠤ ᠲᠥᠯᠥᠪᠵᠢᠭᠦᠯᠦᠨ ᠪᠦᠲᠦᠭᠡᠨ ᠪᠠᠶ᠋ᠢᠭᠤᠯᠤᠭᠰᠠᠨ ᠵᠢᠯᠣᠭᠤᠴᠢ ᠥᠬᠡᠶ ᠨᠢᠰᠬᠡᠯ᠎ᠤᠨ ᠨᠢᠰᠴᠦ ᠪᠠᠭᠤᠬᠤ 10 ᠴᠡᠭ᠎ᠢ ᠪᠦᠬᠦᠨ᠎ᠢ ᠪᠠᠶ᠋ᠢᠭᠤᠯᠵᠤ ᠳᠠᠭᠤᠰᠬᠠᠪᠠ; ᠡᠵᠡᠨ᠎ᠡ ᠬᠤᠰᠢᠭᠤ ᠵᠢᠯᠣᠭᠤᠴᠢ ᠥᠬᠡᠶ ᠨᠢᠰᠬᠡᠯ᠎ᠤᠨ ᠨᠢᠰᠴᠦ ᠪᠠᠭᠤᠬᠤ ᠴᠡᠭ᠎ᠢ 19 ᠪᠠᠶ᠋ᠢᠭᠤᠯᠬᠤ᠎ᠪᠠᠷ ᠲᠥᠯᠥᠪᠯᠡᠵᠦ᠂ ᠣᠳᠣᠬᠠᠨ᠎ᠳᠤ ᠡᠯ᠎ᠡ ᠲᠥᠷᠥᠯ ᠵᠦᠢ᠍ᠯ᠎ᠢ ᠡᠮᠬᠢ ᠵᠢᠷᠤᠮ᠎ᠲᠠᠢ ᠳᠥᠯᠭᠢᠨ ᠠᠬᠢᠭᠤᠯᠵᠤ ᠪᠣᠶ;   ᠬᠣᠶᠠᠷᠬᠤᠳᠳᠤᠭ᠎ᠤᠨ ᠠᠮᠢ ᠠᠬᠤᠶ ᠵᠢᠨ ᠨᠡᠭᠦᠳᠡᠯ ᠠᠷᠠᠳ᠎ᠤᠨ ᠵᠢᠱ᠌ᠢᠶ᠎ᠡ ᠦᠵᠡᠭᠦᠯᠬᠦ ᠣᠷᠣᠨ 10 ᠳᠣᠤᠷ᠎ᠠ ᠠᠭ᠋ᠠᠷ᠎ᠤᠨ ᠨᠢᠰᠦᠭᠦᠷ᠎ᠤᠨ ᠨᠢᠰᠴᠦ ᠪᠠᠭᠤᠬᠤ ᠴᠡᠭ᠎ᠢ ᠪᠠᠶ᠋ᠢᠭᠤᠯᠬᠤ᠎ᠪᠠᠷ ᠲᠥᠯᠥᠪᠯᠡᠵᠦ᠂ ᠣᠳᠣᠬᠠᠨ᠎ᠳᠤ ᠶᠠᠭ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠭᠠᠵᠠᠷ ᠰᠣᠩᠭᠤᠬᠤ ᠬᠠᠶ᠋ᠢᠨ ᠪᠠᠶ᠋ᠢᠴᠠᠭ᠋ᠠᠯᠲᠠ ᠵᠢ ᠥᠷᠨᠢᠭᠦᠯᠵᠦ ᠪᠠᠶ᠋ᠢᠨ᠎ᠠ᠃

0528-2.jpg


     ᠡᠭᠦᠨ᠎ᠳᠤ ᠠᠯᠠᠱ᠌ᠠ ᠪᠠᠷᠠᠭᠤᠨ ᠬᠤᠰᠢᠭᠤ ᠵᠢᠯᠣᠭᠤᠴᠢ ᠥᠬᠡᠶ ᠨᠢᠰᠬᠡᠯ᠎ᠤᠨ ᠨᠢᠰᠴᠦ ᠪᠠᠭᠤᠬᠤ ᠴᠡᠭ᠎ᠲᠤ ᠲᠦᠰᠢᠭᠯᠡᠨ᠂ ᠪᠠᠷᠠᠭᠤᠨ ᠬᠤᠶ᠋ᠢᠲᠤ ᠣᠷᠣᠨ᠎ᠤ ᠠᠩᠬᠠᠳᠠᠭᠴᠢ ᠡᠯᠡᠰᠦᠨ ᠴᠦᠯ᠎ᠤᠨ ᠵᠢᠯᠣᠭᠤᠴᠢ ᠥᠬᠡᠶ ᠨᠢᠰᠬᠡᠯ᠎ᠤᠨ ᠲᠡᠮᠡᠭᠡᠨ ᠰᠦ ᠵᠥᠭᠡᠭᠡᠪᠦᠷᠢᠯᠡᠬᠦ ᠲᠤᠷᠰᠢᠯᠲᠠ ᠵᠢᠨ ᠵᠠᠮ᠎ᠢ ᠨᠢᠭᠡᠨᠲᠡ ᠪᠠᠶ᠋ᠢᠭᠤᠯᠵᠤ᠂ ᠱᠦᠨ ᠹᠧᠩ ᠪᠦᠯᠦᠭᠯᠡᠯ᠂       ᠮᠧᠩ ᠢ ᠠᠭ᠋ᠠᠷ᠎ᠤᠨ ᠠᠶᠠᠯᠠᠯ ᠵᠡᠷᠭᠡ ᠠᠵᠤ ᠠᠬᠤᠶ᠋ᠢᠯᠠᠯ᠎ᠲᠠᠢ ᠬᠠᠮᠲᠤᠷᠠᠨ 3 ᠲᠥᠷᠥᠯ᠎ᠤᠨ ᠨᠢᠰᠬᠡᠯ᠎ᠤᠨ ᠬᠡᠯᠪᠡᠷᠢ ᠵᠢᠨ ᠲᠣᠬᠢᠷᠠᠭᠤᠯᠤᠯᠲᠠ ᠵᠢᠨ ᠰᠢᠯᠭ᠋ᠠᠯᠲᠠ ᠵᠢ ᠪᠡᠶᠡᠯᠡᠭᠦᠯᠵᠦ᠂ 3 ᠡᠷᠦᠬᠡ ᠮᠠᠯᠴᠢᠳ᠎ᠲᠤ ᠵᠢᠯᠣᠭᠤᠴᠢ ᠥᠬᠡᠶ ᠨᠢᠰᠬᠡᠯ᠎ᠤᠨ ᠲᠡᠮᠡᠭᠡᠨ ᠰᠦ ᠵᠥᠭᠡᠭᠡᠪᠦᠷᠢᠯᠡᠬᠦ ᠠᠵᠢᠯ᠎ᠢ 20 ᠤᠳᠠᠭ᠎ᠠ ᠥᠷᠨᠢᠭᠦᠯᠵᠦ᠂ 113KG ᠵᠥᠭᠡᠭᠡᠪᠦᠷᠢᠯᠡᠵᠦ᠂ ᠲᠡᠮᠡᠭᠡᠨ ᠰᠦ ᠵᠢᠨ ᠲᠡᠭᠡᠭᠡᠪᠦᠷᠢ ᠵᠢᠨ ᠬᠦᠴᠦᠨ᠎ᠲᠠᠢ ᠬᠤᠭᠤᠴᠠᠭ᠎ᠠ᠎ᠨᠢ ᠤᠯᠠᠮᠵᠢᠯᠠᠯᠲᠤ ᠠᠷᠭ᠎ᠠ ᠬᠡᠯᠪᠡᠷᠢ᠎ᠠᠴᠠ 60%᠎ᠪᠠᠷ ᠳᠡᠭᠡᠭᠰᠢᠯᠡᠵᠦ᠂ ᠮᠠᠯᠵᠢᠬᠤ ᠣᠷᠣᠨ᠎ᠤ ᠪᠠᠷᠠᠭ᠋ᠠᠨ᠎ᠤ ᠭᠦᠢ᠍ᠯᠭᠡᠭᠡᠨ᠎ᠤ ᠦᠷ᠎ᠡ ᠪᠦᠲᠦᠮᠵᠢ ᠵᠢᠨ ᠰᠢᠪᠲᠤᠯᠤᠯᠲᠠ ᠵᠢᠨ ᠴᠢᠨᠠᠷᠲᠠᠶ ᠳᠡᠭᠡᠭᠰᠢᠯᠡᠯᠲᠡ ᠵᠢ ᠪᠡᠶᠡᠯᠡᠭᠦᠯᠵᠦ᠂ ᠠᠯᠠᠱ᠌ᠠ ᠵᠢᠨ ᠲᠡᠮᠡᠭᠡᠨ ᠰᠦ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃

0528-3.jpg


     ᠠᠯᠠᠱ᠌ᠠ ᠠᠶ᠋ᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠲᠥᠷᠥ ᠵᠢᠨ ᠪᠣᠳᠣᠯᠭ᠎ᠠ ᠵᠢᠨ ᠵᠢᠯᠣᠭᠤᠳᠣᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ᠎ᠤ ᠲᠤᠤᠷ᠎ᠠ ᠠᠭ᠋ᠠᠷ᠎ᠤᠨ ᠠᠵᠤ ᠠᠬᠤᠶ ᠵᠢᠨ ᠡᠭᠦᠷᠭᠡ ᠵᠢᠨ ᠠᠵᠢᠯ᠎ᠤᠨ ᠬᠤᠪᠢᠶᠠᠷᠢᠯᠠᠯ᠎ᠢ ᠨᠠᠶ᠋ᠢᠳᠠᠪᠤᠷᠢᠵᠢᠭᠤᠯᠵᠤ᠂ ᠵᠢᠯᠣᠭᠤᠴᠢ ᠥᠬᠡᠶ ᠨᠢᠰᠬᠡᠯ᠎ᠤᠨ ᠨᠢᠰᠴᠦ ᠪᠠᠭᠤᠬᠤ ᠴᠡᠭ᠎ᠤᠨ ᠡᠯ᠎ᠡ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠤᠨ ᠠᠬᠢᠴᠠ ᠵᠢ ᠲᠦᠷᠭᠡᠳᠬᠡᠨ᠂ ᠬᠡᠷᠡᠭᠯᠡᠭᠡᠨ᠎ᠤ ᠪᠠᠶ᠋ᠢᠳᠠᠯ᠎ᠢ ᠲᠠᠰᠤᠷᠠᠯᠲᠠ ᠥᠬᠡᠶ ᠰᠢᠨᠡᠴᠢᠯᠡᠵᠦ᠂ ᠠᠵᠤ ᠦᠢ᠍ᠯᠡᠰ᠎ᠤᠨ ᠬᠦᠴᠦᠨ᠎ᠢ ᠨᠢᠭᠲᠠᠷᠠᠭᠤᠯᠤᠨ᠂ ᠲᠤᠤᠷ᠎ᠠ ᠠᠭ᠋ᠠᠷ᠎ᠤᠨ ᠪᠠᠷᠠᠭ᠋ᠠᠨ᠎ᠤ ᠭᠦᠢ᠍ᠯᠭᠡᠭᠡ ᠵᠢ ᠲᠥᠪᠯᠡᠷᠡᠭᠦᠯᠦᠨ᠂ ᠠᠯᠠᠱ᠌ᠠ ᠠᠶ᠋ᠢᠮᠠᠭ᠎ᠤᠨ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠬᠥᠳᠡᠯᠭᠡᠬᠦ ᠡᠨᠧᠷᠭᠢ ᠨᠡᠮᠡᠷᠢᠯᠡᠬᠦ ᠪᠤᠯᠤᠨ᠎ᠠ᠃ (ᠪᠣᠶᠠᠠᠠᠦ᠋ᠨᠳᠦᠷ)

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠤᠲᠠ ᠵᠢᠨ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ ᠲᠡᠷᠭᠡ ᠨᠡᠪᠲᠡᠷᠡᠭᠰᠡᠨ ᠵᠠᠮ᠎ᠤᠨ ᠤᠷᠲᠤ 1.45 ᠲᠦᠮᠡᠨ ᠺᠢᠯᠦᠮᠸᠲᠷ᠎ᠲᠤ ᠬᠦᠷᠪᠡ
ᠬᠥᠯᠥᠨ ᠪᠣᠢ᠌ᠷ ᠬᠣᠲᠠ ᠵᠢᠨ ᠵᠠᠰᠠᠮᠠᠯ ᠵᠠᠮ᠎ᠤᠨ ᠨᠡᠪᠲᠡᠷᠡᠬᠦ ᠰᠦᠢ᠍ᠳᠭᠡᠯ ᠲᠠᠲᠠᠪᠤᠷᠢᠯᠠᠬᠤ ᠲᠥᠪ᠎ᠤᠨ ᠰᠢᠪᠡᠭᠡ ᠰᠦᠢ᠍ᠳᠭᠡᠯ ᠬᠤᠷᠢᠶᠠᠬᠤ ᠥᠷᠲᠡᠭᠡ ᠵᠢᠨ᠎ᠬᠢᠨ ᠵᠢᠯᠣᠭᠣᠴᠢ ᠪᠠ ᠠᠶᠠᠨᠴᠢᠳ᠎ᠲᠤ ᠳᠣᠲᠣᠨᠣᠰᠣᠭ ᠵᠶ᠋ᠠᠷ ᠦᠢ᠍ᠯᠡᠴᠢᠯᠠᠨ᠎ᠠ
ᠰᠢᠯᠢ ᠵᠢᠨ ᠭᠣᠤᠯ ᠠᠢ᠌ᠮᠠᠭ ᠭᠣᠤᠯᠳᠠᠯᠭ᠎ᠠ᠎ᠲᠠᠢ ᠵᠠᠰᠠᠮᠠᠯ ᠵᠠᠮ᠎ᠤᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ ᠪᠣᠶ
ᠪᠠᠶᠠᠨᠨᠠᠭᠤᠷ ᠬᠤᠲᠠ ᠵᠢᠨ 《ᠬᠠᠶ᠋ᠢᠷ᠎ᠠ ᠬᠠᠯᠠᠮᠵᠢ ᠵᠢᠨ ᠰᠢᠯᠭ᠋ᠠᠯᠲᠠ᠎ᠳᠤ ᠬᠦᠷᠭᠡᠬᠦ》 ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠵᠢᠩᠬᠢᠨᠢ᠎ᠪᠠᠷ ᠡᠬᠢᠯᠡᠪᠡ
ᠪᠠᠶᠠᠨᠴᠠᠭ᠋ᠠᠨ᠎ᠠᠴᠠ ᠶᠥᠩ᠎ᠲᠠᠢ ᠭᠥᠩ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠬᠠᠮᠢᠶᠠᠷᠤᠯᠲᠠ ᠵᠢᠨ ᠲᠥᠪ᠎ᠤᠨ ᠶᠡᠷᠦᠩᠬᠡᠶ᠋ᠢᠯᠡᠭᠰᠡᠨ ᠠᠰᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠷᠢᠯᠭ᠎ᠠ ᠵᠢᠨ ᠠᠵᠢᠯ᠎ᠤᠨ ᠠᠮᠤᠷ ᠲᠦᠪᠰᠢᠨ᠎ᠤ ᠪᠠᠷᠢᠮᠵᠢᠶᠠᠵᠢᠭᠤᠯᠤᠯᠲᠠ ᠵᠢᠨ ᠵᠢᠱ᠌ᠢᠶ᠎ᠡ ᠦᠵᠡᠭᠦᠯᠬᠦ ᠪᠠᠷᠢᠯᠭ᠎ᠠ ᠵᠢᠨ ᠭᠠᠵᠠᠷ᠎ᠤᠨ ᠢᠷᠠᠭᠤ ᠠᠯᠳᠠᠷ᠎ᠤᠨ ᠴᠣᠯᠠ ᠵᠢ ᠭᠥᠷᠳᠡᠪᠡ
 
            