ᠣᠶ᠋ᠢᠷ᠎ᠠ᠎ᠳᠤ᠂ ᠪᠠᠶᠠᠨᠴᠠᠭ᠋ᠠᠨ᠎ᠠᠴᠠ ᠶᠥᠩ᠎ᠲᠠᠢ ᠭᠥᠩ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠬᠠᠮᠢᠶᠠᠷᠤᠯᠲᠠ ᠵᠢᠨ ᠲᠥᠪ᠎ᠤᠨ ᠶᠡᠷᠦᠩᠬᠡᠶ᠋ᠢᠯᠡᠭᠰᠡᠨ ᠠᠰᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ 2024 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠠᠵᠢᠯ᠎ᠤᠨ ᠠᠮᠤᠷ ᠲᠦᠪᠰᠢᠨ᠎ᠤ ᠪᠠᠷᠢᠮᠵᠢᠶᠠᠵᠢᠭᠤᠯᠤᠯᠲᠠ ᠵᠢᠨ ᠵᠢᠱ᠌ᠢᠶ᠎ᠡ ᠦᠵᠡᠭᠦᠯᠬᠦ ᠪᠠᠷᠢᠯᠭ᠎ᠠ ᠵᠢᠨ ᠭᠠᠵᠠᠷ᠎ᠤᠨ ᠢᠷᠠᠭᠤ ᠠᠯᠳᠠᠷ᠎ᠤᠨ ᠴᠣᠯᠠ ᠵᠢ ᠭᠥᠷᠳᠡᠵᠦ᠂ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠠᠵᠢᠯ ᠲᠥᠷᠥᠯ᠎ᠳᠤ ᠠᠮᠤᠷ ᠲᠦᠪᠰᠢᠨ ᠪᠣᠯᠪᠠᠰᠤᠨ ᠵᠶ᠋ᠠᠷ ᠪᠠᠷᠢᠯᠭ᠎ᠠ ᠪᠠᠷᠢᠬᠤ ᠰᠢᠨ᠎ᠡ ᠬᠡᠪ ᠳᠠᠭᠤᠷᠢᠶᠠᠯ᠎ᠢ ᠪᠣᠶ ᠪᠣᠯᠭ᠋ᠠᠪᠠ᠃
ᠠᠮᠤᠷ ᠲᠦᠪᠰᠢᠨ᠎ᠤ ᠪᠠᠷᠢᠯᠭ᠎ᠠ ᠵᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠵᠦ᠂ ᠪᠣᠰᠤᠭ᠎ᠠ ᠴᠣᠭᠴᠠᠲᠤ ᠠᠮᠤᠷ ᠲᠦᠪᠰᠢᠨ᠎ᠤ ᠬᠠᠯᠬᠠᠪᠴᠢ ᠵᠢ ᠪᠠᠢ᠌ᠭᠤᠯᠪᠠ᠃ ᠪᠠᠶᠠᠨᠴᠠᠭ᠋ᠠᠨ᠎ᠠᠴᠠ ᠶᠥᠩ᠎ᠲᠠᠢ ᠭᠥᠩ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠨᠢ ᠠᠮᠤᠷ ᠲᠦᠪᠰᠢᠨ ᠵᠶ᠋ᠠᠷ ᠰᠠᠭᠤᠷᠢ ᠪᠣᠯᠭ᠋ᠠᠵᠤ᠂ ᠪᠦᠬᠦ ᠲᠠᠯ᠎ᠠ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠢ᠌ᠭᠤᠯᠪᠠ᠃ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠬᠦ᠎ᠪᠠᠷ ᠳᠠᠮᠵᠢᠭᠤᠯᠤᠨ᠂ ᠭᠤᠷᠪᠠᠨ ᠱᠠᠲᠤᠨ᠎ᠤ ᠰᠤᠷᠭ᠋ᠠᠨ ᠬᠥᠮᠦᠵᠢᠯ᠂ ᠠᠵᠢᠯ ᠡᠬᠢᠯᠡᠬᠦ᠎ᠠᠴᠠ ᠡᠮᠦᠨ᠎ᠡ ᠦᠨᠳᠦᠰᠦᠨ ᠪᠠᠶ᠋ᠢᠳᠠᠯ᠎ᠢ ᠲᠤᠰᠢᠶᠠᠬᠤ᠂ ᠮᠡᠳᠡᠯᠭᠡ ᠵᠢᠨ ᠲᠠᠶ᠋ᠢᠯᠤᠮᠵᠢ ᠬᠢᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠬᠢᠬᠦ ᠵᠡᠷᠭᠡ ᠬᠡᠯᠪᠡᠷᠢ᠎ᠪᠠᠷ ᠳᠠᠮᠵᠢᠭᠤᠯᠤᠨ᠂ ᠠᠵᠢᠯᠲᠠᠨ᠎ᠤ ᠠᠮᠤᠷ ᠲᠦᠪᠰᠢᠨ᠎ᠤ ᠦᠵᠡᠯ ᠤᠬᠠᠮᠰᠠᠷ ᠪᠠ ᠤᠷ᠎ᠠ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠵᠦ᠂ ᠠᠮᠤᠷ ᠲᠦᠪᠰᠢᠨ᠎ᠤ ᠣᠨᠣᠯᠵᠢᠬᠤᠨ᠎ᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠤᠨ᠎ᠠ᠃ ᠵᠠᠩᠭᠢᠯᠠᠭ᠎ᠠ ᠵᠢᠨ ᠭᠤᠭᠴᠤᠭ᠎ᠠ᠎ᠳᠤ ᠴᠢᠭᠯᠡᠭᠦᠯᠦᠨ᠂ ᠬᠡᠯᠪᠡᠷᠢᠵᠢᠭᠦᠯᠦᠭᠰᠡᠨ ᠰᠡᠷᠭᠡᠶ᠋ᠢᠯᠡᠨ ᠬᠠᠮᠠᠭ᠋ᠠᠯᠠᠬᠤ ᠲᠥᠬᠦᠭᠡᠷᠦᠮᠵᠢ᠂ ᠤᠶᠤᠨᠴᠢᠯᠠᠭᠰᠠᠨ ᠬᠢᠨᠠᠨ ᠬᠡᠮᠵᠢᠬᠦ ᠲᠥᠬᠦᠭᠡᠷᠦᠮᠵᠢ ᠵᠢ ᠰᠢᠨ᠎ᠡ᠎ᠪᠠᠷ ᠡᠭᠦᠳᠦᠨ ᠬᠡᠷᠡᠭᠯᠡᠵᠦ᠂ ᠬᠡᠪ ᠵᠠᠭᠪᠤᠷ ᠵᠶ᠋ᠠᠷ ᠲᠤᠯᠭ᠋ᠠᠭᠤᠷᠢᠯᠠᠬᠤ᠂ ᠴᠠᠬᠤᠯᠠᠭᠤᠷ᠂ ᠲᠦᠷ ᠴᠠᠭ ᠬᠡᠷᠡᠭᠯᠡᠬᠦ ᠴᠠᠬᠢᠯᠭ᠋ᠠᠨ ᠵᠡᠷᠭᠡ ᠵᠢᠨ ᠠᠮᠤᠷ ᠲᠦᠪᠰᠢᠨ᠎ᠢ ᠡᠵᠡᠮᠳᠡᠵᠦ ᠪᠣᠯᠬᠤ ᠵᠢ ᠦᠨᠡᠨᠬᠦ ᠪᠠᠲᠤᠯᠠᠨ᠎ᠠ᠃ ᠪᠠᠷᠢᠮᠵᠢᠶᠠᠵᠢᠭᠤᠯᠤᠭᠰᠠᠨ ᠬᠠᠮᠢᠶᠠᠷᠤᠯᠲᠠ᠂ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠰᠣᠶᠣᠯ ᠵᠶ᠋ᠠᠷ ᠬᠥᠲᠥᠯᠥᠨ ᠳᠠᠭ᠋ᠠᠭᠤᠯᠬᠤ᠎ᠪᠠᠷ ᠳᠠᠮᠵᠢᠭᠤᠯᠤᠨ᠂ ᠲᠥᠷᠥᠯ ᠵᠦᠢ᠍ᠯ᠎ᠢ ᠪᠣᠰᠤᠭ᠎ᠠ ᠴᠣᠭᠴᠠᠲᠤ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠣᠶ ᠪᠣᠯᠭ᠋ᠠᠵᠤ᠂ ᠠᠶᠤᠯᠭᠦᠢ ᠦᠢ᠍ᠯᠡᠳᠪᠦᠷᠢᠯᠡᠯ᠎ᠢ ᠪᠠᠲᠤᠯᠠᠨ᠎ᠠ᠃
ᠶᠠᠰᠤ ᠴᠢᠨᠠᠷ᠎ᠤᠨ ᠶᠠᠪᠤᠴᠠ ᠵᠢᠨ ᠡᠵᠡᠮᠳᠡᠯ᠎ᠢ ᠴᠢᠩᠭ᠋ᠠᠳᠬᠠᠵᠤ᠂ ᠰᠣᠳᠣᠨ ᠪᠠᠷᠢᠯᠭ᠎ᠠ ᠵᠢᠨ ᠬᠡᠪ ᠳᠠᠭᠤᠷᠢᠶᠠᠯ᠎ᠢ ᠪᠤᠢ ᠪᠣᠯᠭ᠋ᠠᠪᠠ᠃ ᠾᠧᠩ ᠰᠢᠨ ᠺᠣᠮᠫᠠᠨᠢ ᠪᠠᠷᠢᠯᠭ᠎ᠠ ᠵᠢᠨ ᠶᠠᠰᠤ ᠴᠢᠨᠠᠷ᠎ᠢ ᠠᠵᠤ ᠠᠬᠤᠢ᠍ᠯᠠᠯ᠎ᠤᠨ ᠠᠮᠢᠨ ᠰᠤᠳᠠᠰᠤ ᠪᠣᠯᠭ᠋ᠠᠵᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢᠨ ᠣᠢ᠌ᠯᠠᠭ᠋ᠠᠭᠳᠠᠬᠤᠨ᠎ᠢ ᠭᠣᠭᠴᠣᠭ᠎ᠠ ᠪᠦᠷᠢ᠎ᠳᠤ ᠭᠦᠨ ᠨᠡᠪᠴᠢᠭᠦᠯᠦᠨ᠎ᠡ᠃ ᠲᠥᠷᠥᠯ ᠵᠦᠢ᠍ᠯ᠎ᠨᠢ ᠠᠵᠢᠯ ᠡᠬᠢᠯᠡᠭᠰᠡᠨ᠎ᠠᠴᠠ ᠨᠠᠭ᠋ᠠᠰᠢ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢᠨ ᠣᠶ᠋ᠢᠯᠠᠭ᠋ᠠᠭᠳᠠᠬᠤᠨ᠎ᠢ ᠢᠮᠠᠭᠲᠠ ᠪᠠᠷᠢᠮᠲᠠᠯᠠᠵᠤ᠂ ᠵᠠᠩᠭᠢᠯᠠᠭ᠎ᠠ ᠵᠢᠨ ᠴᠡᠭ᠎ᠢ ᠰᠢᠨᠵᠢᠯᠡᠬᠦ ᠤᠬᠠᠭ᠋ᠠᠨᠴᠢ᠎ᠪᠠᠷ ᠡᠵᠡᠮᠳᠡᠨ᠂ ᠬᠥᠮᠦᠨ᠎ᠤ ᠬᠦᠴᠦᠨ᠂ ᠪᠣᠳᠠᠰ᠎ᠤᠨ ᠬᠦᠴᠦᠨ ᠵᠢᠴᠢ ᠲᠥᠬᠦᠭᠡᠷᠦᠮᠵᠢ ᠵᠢᠨ ᠡᠬᠢ ᠪᠠᠶᠠᠯᠢᠭ᠎ᠢ ᠨᠠᠷᠢᠨ ᠨᠢᠮᠪᠠᠶ ᠲᠣᠬᠢᠷᠠᠭᠤᠯᠵᠤ᠂ ᠲᠦᠭᠦᠬᠡᠶ ᠮᠠᠲ᠋ᠧᠷᠢᠶᠠᠯ᠎ᠢ ᠲᠠᠯᠠᠪᠠᠢ᠎ᠳᠤ ᠣᠷᠣᠭᠤᠯᠬᠤ ᠪᠣᠭᠤᠮᠲᠠ ᠵᠢ ᠴᠢᠩᠭ᠎ᠠ ᠠᠳᠬᠤᠵᠤ᠂ ᠪᠠᠷᠢᠯᠭ᠎ᠠ ᠪᠠᠷᠢᠬᠤ ᠶᠠᠪᠤᠴᠠ ᠵᠢ ᠴᠠᠭ ᠲᠤᠬᠠᠶ᠎ᠳᠤᠨᠢ ᠣᠨᠣᠪᠴᠢᠲᠠᠶ ᠬᠢᠨᠠᠨ ᠡᠵᠡᠮᠳᠡᠬᠦ᠂ ᠪᠦᠲᠦᠭᠡᠭᠳᠡᠬᠦᠨ᠎ᠤ ᠥᠨᠳᠥᠷ ᠪᠠᠷᠢᠮᠵᠢᠶ᠎ᠠ᠎ᠪᠠᠷ ᠰᠢᠯᠭ᠋ᠠᠨ ᠪᠠᠶ᠋ᠢᠴᠠᠭ᠋ᠠᠵᠤ ᠰᠢᠯᠭ᠋ᠠᠨ ᠠᠪᠬᠤ ᠬᠦᠷᠲᠡᠯ᠎ᠡ᠂ ᠭᠠᠷᠮᠠᠭ᠋ᠠᠶ ᠪᠠᠶ᠋ᠢᠬᠤ ᠵᠢ ᠬᠥᠭᠡᠭᠡᠴᠡᠯᠳᠦᠬᠦ᠂ ᠨᠢᠭᠲᠠ᠎ᠠᠴᠠ ᠨᠢᠭᠲᠠ ᠪᠠᠶ᠋ᠢᠬᠤ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠢᠯᠡᠷᠡᠭᠦᠯᠵᠡᠶ᠃
ᠣᠷᠴᠢᠨ ᠠᠬᠤᠢ ᠵᠢ ᠬᠠᠮᠠᠭ᠋ᠠᠯᠠᠬᠤ ᠪᠠᠷᠢᠯᠭ᠎ᠠ ᠵᠢᠨ ᠣᠶ᠋ᠢᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠨᠡᠢ᠌ᠭᠡᠮ᠎ᠤᠨ ᠬᠠᠷᠢᠭᠤᠴᠠᠯᠭ᠎ᠠ ᠵᠢ ᠢᠯᠡᠷᠡᠭᠦᠯᠪᠡ᠃ ᠾᠧᠩ ᠰᠢᠨ ᠺᠣᠮᠫᠠᠨᠢ ᠪᠣᠬᠢᠷᠲᠤᠯ ᠥᠬᠡᠶ ᠪᠠᠷᠢᠯᠭ᠎ᠠ ᠵᠢᠨ ᠣᠶ᠋ᠢᠯᠠᠭ᠋ᠠᠭᠳᠠᠬᠤᠨ᠎ᠢ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠎ᠳᠤ ᠢᠮᠠᠭᠲᠠ ᠲᠣᠭᠤᠰᠢᠯᠠᠭᠤᠯᠵᠤ᠂ 《ᠲᠥᠷᠥᠯ ᠬᠤᠪᠢᠶᠠᠨ ᠬᠠᠳᠠᠭ᠋ᠠᠯᠠᠬᠤ - ᠢᠯᠭ᠋ᠠᠨ ᠬᠠᠮᠢᠶᠠᠷᠬᠤ - ᠬᠠᠶᠠᠭᠳᠠᠮᠠᠯ ᠮᠠᠲ᠋ᠧᠷᠢᠶᠠᠯ᠎ᠢ ᠡᠭᠡᠭᠦᠯᠦᠨ ᠬᠤᠷᠢᠶᠠᠬᠤ》 ᠪᠥᠬᠦ ᠶᠠᠪᠤᠴᠠ ᠵᠢᠨ ᠬᠠᠮᠢᠶᠠᠷᠤᠨ ᠡᠵᠡᠮᠳᠡᠬᠦ ᠲᠣᠭᠲᠠᠴᠠ ᠵᠢ ᠪᠠᠶ᠋ᠢᠭᠤᠯᠵᠤ᠂ ᠡᠬᠢ ᠪᠠᠶᠠᠯᠢᠭ᠎ᠢ ᠠᠷᠪᠢᠯᠠᠬᠤ ᠬᠡᠯᠪᠡᠷᠢ ᠵᠢᠨ᠂ ᠣᠷᠴᠢᠨ ᠲᠣᠭᠤᠷᠢᠨ᠎ᠲᠠᠢ ᠨᠥᠬᠦᠷᠰᠡᠭ ᠬᠡᠯᠪᠡᠷᠢ ᠵᠢᠨ ᠪᠠᠷᠢᠯᠭ᠎ᠠ ᠵᠢᠨ ᠭᠠᠵᠠᠷ᠎ᠢ ᠢᠳᠡᠪᠬᠢᠲᠡᠶ ᠪᠠᠶ᠋ᠢᠭᠤᠯᠪᠠ᠃ ᠲᠥᠷᠥᠯ ᠵᠦᠢ᠍ᠯ᠎ᠤᠨ ᠲᠤᠬᠠᠶ ᠵᠢᠨ ᠲᠠᠯᠠᠪᠤᠷ᠎ᠲᠤ ᠢᠯᠡ ᠭᠠᠷᠤᠭᠰᠠᠨ ᠰᠢᠷᠣᠶ ᠵᠢ ᠱᠦᠭᠦᠬᠦ ᠲᠣᠤᠷ ᠵᠶ᠋ᠠᠷ ᠪᠦᠷᠢᠨ ᠪᠦᠷᠬᠦᠭᠦᠯᠵᠦ᠂ ᠬᠦᠷᠢᠶᠡᠨ᠎ᠤ ᠡᠷᠭᠢᠨ ᠲᠣᠭᠤᠷᠢᠨ᠎ᠳᠤ ᠮᠠᠨᠠᠨᠲᠤ ᠫᠤᠤ ᠵᠢᠨ ᠮᠠᠰᠢᠨ ᠪᠠ ᠨᠡᠭᠦᠳᠡᠯ ᠤᠰᠤ ᠰᠦᠷᠴᠢᠬᠦ ᠲᠡᠷᠭᠡ ᠳᠣᠭᠢᠷᠠᠭᠤᠯᠵᠤ᠂ ᠤᠰᠤ ᠰᠦᠷᠴᠢᠨ ᠲᠣᠭᠤᠰᠣ ᠪᠠᠭᠤᠬᠤ ᠵᠢ ᠪᠦᠬᠦᠨ᠎ᠢ ᠬᠠᠮᠤᠷᠬᠤ ᠵᠢ ᠪᠡᠶᠡᠯᠡᠭᠦᠯᠪᠡ᠃ ᠣᠷᠴᠢᠨ ᠲᠣᠭᠤᠷᠢᠨ᠎ᠢ ᠬᠢᠨᠠᠨ ᠬᠡᠮᠵᠢᠬᠦ ᠬᠡᠮᠵᠢᠭᠦᠷᠯᠢᠭ ᠲᠣᠬᠢᠷᠠᠭᠤᠯᠵᠤ᠂ ᠪᠠᠷᠢᠯᠭ᠎ᠠ ᠵᠢᠨ ᠲᠣᠭᠤᠷᠢᠭ᠎ᠤᠨ ᠣᠷᠴᠢᠨ ᠲᠣᠭᠤᠷᠢᠨ᠎ᠢ ᠴᠠᠭ ᠲᠤᠬᠠᠶ᠎ᠳᠤᠨᠢ ᠬᠢᠨᠠᠨ ᠬᠡᠮᠵᠢᠵᠦ᠂ ᠲᠣᠭᠤᠰᠣ ᠳᠡᠭᠳᠡᠬᠦ᠂ ᠱᠤᠤᠭᠢᠶᠠᠨ ᠵᠡᠷᠭᠡ ᠬᠦᠢ᠍ᠴᠡᠳᠬᠡᠯ ᠲᠤᠭ᠎ᠠ ᠵᠢ ᠪᠠᠷᠢᠮᠵᠢᠶ᠎ᠠ᠎ᠳᠤ ᠬᠦᠷᠦᠭᠦᠯᠬᠦ ᠵᠢ ᠦᠨᠡᠨᠬᠦ ᠪᠠᠲᠤᠯᠠᠨ᠎ᠠ᠃ ᠪᠣᠬᠢᠷᠲᠤᠯ ᠥᠬᠡᠶ ᠪᠠᠷᠢᠯᠭ᠎ᠠ ᠵᠢᠨ ᠣᠶ᠋ᠢᠯᠠᠭ᠋ᠠᠭᠳᠠᠬᠤᠨ᠎ᠢ ᠪᠠᠷᠢᠯᠭ᠎ᠠ ᠵᠢᠨ ᠭᠤᠭᠴᠤᠭ᠎ᠠ ᠨᠢᠭᠡᠪᠦᠷᠢ᠎ᠳᠤ ᠠᠭᠤᠰᠬᠠᠨ ᠣᠷᠣᠭᠤᠯᠵᠤ᠂ ᠠᠵᠤ ᠠᠬᠤᠶ᠋ᠢᠯᠠᠯ᠎ᠤᠨ ᠨᠡᠶ᠋ᠢᠭᠡᠮ᠎ᠤᠨ ᠬᠠᠷᠢᠭᠤᠴᠠᠯᠭ᠎ᠠ ᠵᠢ ᠢᠯᠡᠷᠡᠭᠦᠯᠪᠡ᠃ (ᠹᠠᠨ ᠢᠦᠢ ᠳ᠋ᠧ)