6 ᠳ᠋ᠤᠭ᠋ᠠᠷ ᠰᠠᠷ᠎ᠠ ᠪᠣᠯ ᠪᠦᠬᠦ ᠤᠯᠤᠰ᠎ᠤᠨ 24 ᠳ᠋ᠦ᠍ᠭᠡᠷ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠪᠣᠯᠤᠨ᠎ᠠ᠂ 6 ᠳ᠋ᠤᠭ᠋ᠠᠷ ᠰᠠᠷ᠎ᠠ ᠵᠢᠨ 16᠎ᠤ ᠡᠳᠦᠷ ᠪᠣᠯ ᠪᠦᠬᠦ ᠤᠯᠤᠰ᠎ᠤᠨ 《ᠠᠶᠤᠯᠭᠦᠢ ᠦᠢ᠍ᠯᠡᠳᠪᠦᠷᠢᠯᠡᠯ᠎ᠤᠨ ᠤᠬᠠᠭᠤᠯᠭ᠎ᠠ ᠯᠠᠪᠯᠠᠭ᠎ᠠ ᠵᠢᠨ ᠡᠳᠦᠷ》 ᠪᠣᠯᠤᠨ᠎ᠠ᠃ 6 ᠳ᠋ᠤᠭ᠋ᠠᠷ ᠰᠠᠷ᠎ᠠ ᠵᠢᠨ 16᠎ᠤ ᠡᠳᠦᠷ᠂ 《ᠠᠮᠤᠷ ᠲᠦᠪᠰᠢᠨ᠎ᠤ ᠤᠬᠠᠭᠤᠯᠭ᠎ᠠ ᠯᠠᠪᠯᠠᠭ᠎ᠠ ᠵᠢᠨ ᠡᠳᠦᠷ》᠎ᠤᠨ ᠲᠤᠬᠠᠶ ᠵᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠵᠢᠨ ᠳᠣᠯᠣᠳᠤᠭ᠋ᠠᠷ ᠰᠠᠯᠪᠤᠷᠢ ᠠᠩᠭᠢ 《ᠬᠥᠮᠦᠨ ᠪᠦᠬᠦᠨ ᠠᠮᠤᠷ ᠲᠦᠪᠰᠢᠨ᠎ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ - ᠳᠡᠷᠭᠡᠳᠡᠬᠢ ᠠᠮᠤᠷ ᠲᠦᠪᠰᠢᠨ᠎ᠤ ᠳᠠᠯᠳᠠ ᠬᠡᠮ᠎ᠢ ᠡᠷᠢᠬᠦ》 ᠭᠤᠤᠯ ᠰᠡᠳᠦᠪ᠎ᠤᠨ ᠲᠣᠭᠤᠷᠢᠨ᠎ᠳᠤ᠂ ᠠᠰᠠᠭᠤᠨ ᠯᠠᠪᠯᠠᠬᠤ ᠲᠠᠪᠴᠠᠩ ᠭᠠᠷᠭ᠋ᠠᠵᠤ᠂ ᠬᠥᠨᠳᠡᠯᠡᠨ ᠪᠢᠴᠢᠭᠡᠰᠦ ᠡᠯᠭᠦᠬᠦ᠂ ᠠᠮᠤᠷ ᠲᠦᠪᠰᠢᠨ᠎ᠤ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢᠨ ᠦᠵᠡᠭᠦᠯᠭᠡ ᠵᠢᠨ ᠰᠠᠮᠪᠠᠷ᠎ᠠ ᠵᠢ ᠳᠡᠯᠭᠡᠨ ᠦᠵᠡᠭᠦᠯᠬᠦ᠂ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠠᠭ᠋ᠠᠰᠢ ᠴᠠᠭ᠋ᠠᠰᠢ ᠥᠩᠭᠡᠷᠡᠬᠦ ᠣᠯᠠᠨ ᠲᠦᠮᠡᠨ᠎ᠳᠤ ᠡᠯ᠎ᠡ ᠲᠥᠷᠥᠯ᠎ᠤᠨ ᠠᠮᠤᠷ ᠲᠦᠪᠰᠢᠨ᠎ᠤ ᠬᠠᠮᠢᠶ᠎ᠠ ᠪᠥᠬᠦᠶ ᠮᠡᠳᠡᠯᠭᠡ ᠵᠢ ᠤᠬᠠᠭᠤᠯᠬᠤ ᠵᠢᠨ ᠬᠠᠮᠲᠤ ᠮᠠᠳᠠᠭ᠎ᠲᠠᠢ ᠠᠰᠠᠭᠤᠳᠠᠯ᠎ᠢ ᠬᠠᠷᠢᠭᠤᠯᠵᠤ᠂ ᠣᠯᠠᠨ ᠲᠦᠮᠡᠨ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠵᠥᠪ ᠣᠨᠣᠪᠴᠢᠲᠠᠶ ᠠᠮᠤᠷ ᠲᠦᠪᠰᠢᠨ᠎ᠤ ᠦᠵᠡᠯᠲᠡ ᠵᠢ ᠪᠣᠶ ᠪᠣᠯᠭ᠋ᠠᠵᠤ᠂ ᠥᠷᠭᠡᠨ ᠣᠯᠠᠨ ᠲᠦᠮᠡᠨ᠎ᠤ ᠠᠶᠤᠯᠭᠦᠶ ᠦᠢ᠍ᠯᠡᠳᠪᠦᠷᠢᠯᠡᠯ᠎ᠤᠨ ᠠᠵᠢᠯ᠎ᠳᠤ ᠣᠷᠣᠯᠴᠠᠬᠤ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠳᠡᠭᠡᠭᠰᠢᠯᠡᠭᠦᠯᠪᠡ᠃
ᠲᠣᠰ ᠰᠠᠯᠪᠤᠷᠢ ᠠᠩᠭᠢ ᠵᠢᠨ ᠬᠤᠶᠠᠳᠤᠭ᠋ᠠᠷ ᠶᠡᠭᠡ ᠠᠩᠭᠢ ᠰᠢᠯᠢᠩᠬᠤᠲᠠ ᠵᠢᠨ ᠡᠮᠦᠨ᠎ᠡ ᠬᠡᠰᠡᠭ᠎ᠤᠨ ᠰᠦᠢ᠍ᠳᠭᠡᠯ ᠬᠤᠷᠢᠶᠠᠬᠤ ᠥᠷᠲᠡᠭᠡ ᠵᠢᠨ ᠠᠭᠤᠳᠠᠮ ᠲᠠᠯᠠᠪᠠᠶ᠎ᠳᠤ ᠠᠰᠠᠭᠤᠨ ᠯᠠᠪᠯᠠᠬᠤ ᠲᠠᠪᠴᠠᠩ᠂ ᠬᠥᠨᠳᠡᠯᠡᠨ ᠪᠢᠴᠢᠭᠡᠰᠦ᠂ ᠳᠡᠯᠭᠡᠨ ᠦᠵᠡᠭᠦᠯᠬᠦ ᠰᠠᠮᠪᠠᠷ᠎ᠠ ᠲᠣᠬᠢᠷᠠᠭᠤᠯᠵᠤ᠂ ᠨᠠᠭ᠋ᠠᠰᠢ ᠴᠠᠭ᠋ᠠᠰᠢ ᠥᠩᠭᠡᠷᠡᠬᠦ ᠵᠢᠯᠣᠭᠤᠴᠢ ᠪᠠ ᠠᠶᠠᠨᠴᠢᠳ᠎ᠲᠤ ᠠᠮᠤᠷ ᠲᠦᠪᠰᠢᠨ᠎ᠤ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢᠨ ᠭᠠᠷ ᠳᠡᠪᠲᠡᠷ 100 ᠭᠠᠷᠤᠶ ᠬᠤᠪᠢ ᠲᠠᠷᠬᠠᠭ᠋ᠠᠵᠤ᠂ ᠠᠮᠤᠷ ᠲᠦᠪᠰᠢᠨ᠎ᠤ ᠮᠡᠳᠡᠯᠭᠡ ᠵᠢ ᠲᠦᠭᠡᠮᠡᠯᠵᠢᠭᠦᠯᠦᠨ᠂ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠬᠤ ᠬᠡᠳᠦ ᠬᠤᠷᠳᠤᠴᠠ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠬᠠᠤᠯᠢ ᠴᠠᠭ᠋ᠠᠵᠠ ᠵᠢᠨ ᠡᠴᠦᠰ ᠳ᠋ᠦᠩ᠎ᠢ ᠲᠠᠶ᠋ᠢᠯᠪᠤᠷᠢᠯᠠᠪᠠ᠃
ᠲᠣᠰ ᠰᠠᠯᠪᠤᠷᠢ ᠠᠩᠭᠢ ᠵᠢᠨ ᠳᠦᠷᠪᠡᠳᠦᠭᠡᠷ ᠶᠡᠭᠡ ᠠᠩᠭᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠴᠠᠭᠳᠠᠭ᠎ᠠ᠂ ᠠᠷᠠᠴᠢᠯᠠᠨ ᠬᠠᠮᠠᠭ᠋ᠠᠯᠠᠬᠤ ᠰᠠᠯᠠᠭ᠎ᠠ ᠮᠥᠴᠢᠷ᠂ ᠰᠦᠢ᠍ᠳᠭᠡᠯ ᠬᠤᠷᠢᠶᠠᠬᠤ ᠥᠷᠲᠡᠭᠡ ᠵᠡᠷᠭᠡ ᠨᠢᠭᠡᠴᠢ᠎ᠲᠠᠢ ᠬᠠᠮᠲᠤᠷᠠᠨ᠂ ᠤᠷᠢᠳ ᠬᠤᠵᠢᠳ ᠬᠤᠸᠠᠳᠧ ᠵᠢᠨ ᠵᠡᠭᠦᠨ ᠬᠡᠰᠡᠭ᠎ᠤᠨ ᠰᠦᠢ᠍ᠳᠭᠡᠯ ᠬᠤᠷᠢᠶᠠᠬᠤ ᠥᠷᠲᠡᠭᠡ᠂ ᠬᠥᠪᠡᠭᠡᠲᠦ ᠰᠢᠷ᠎ᠠ ᠬᠤᠰᠢᠭᠤᠨ᠎ᠤ ᠰᠦᠢ᠍ᠳᠭᠡᠯ ᠬᠤᠷᠢᠶᠠᠬᠤ ᠥᠷᠲᠡᠭᠡ ᠵᠢᠴᠢ ᠬᠠᠷᠢᠶ᠎ᠠ ᠣᠷᠣᠨ᠎ᠤ ᠲᠡᠯᠭᠡᠭᠦᠷ ᠫᠦᠰᠡ᠂ ᠦᠢ᠍ᠯᠡᠴᠢᠯᠡᠭᠡᠨ᠎ᠤ ᠲᠣᠭᠤᠷᠢᠭ᠎ᠲᠤ ᠠᠶᠤᠯᠭᠦᠶ ᠦᠶᠯᠡᠳᠪᠦᠷᠢᠯᠡᠯ᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠥᠷᠭᠡᠨ ᠣᠯᠠᠨ ᠵᠢᠯᠣᠭᠤᠴᠢ ᠠᠶᠠᠨᠴᠢᠳ ᠵᠢᠴᠢ ᠡᠷᠬᠢᠨ ᠲᠣᠭᠤᠷᠢᠨ᠎ᠤ ᠣᠯᠠᠨ ᠲᠦᠮᠡᠨ᠎ᠳᠤ ᠠᠮᠤᠷ ᠲᠦᠪᠰᠢᠨ᠎ᠤ ᠮᠡᠳᠡᠯᠭᠡ ᠵᠢ ᠲᠦᠭᠡᠮᠡᠯᠵᠢᠭᠦᠯᠪᠡ᠃
ᠲᠣᠰ ᠰᠠᠯᠪᠤᠷᠢ ᠠᠩᠭᠢ ᠵᠢᠨ ᠲᠠᠪᠤᠳᠤᠭ᠋ᠠᠷ ᠶᠡᠭᠡ ᠠᠩᠭᠢ 《ᠠᠶᠤᠯᠭᠦᠶ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ 《2025 ᠣᠨ᠎ᠤ ᠠᠶᠤᠯᠭᠦᠶ ᠦᠢ᠍ᠯᠡᠳᠪᠦᠷᠢᠯᠡᠯ᠎ᠤᠨ ᠰᠠᠷ᠎ᠠ ᠵᠢᠨ ᠬᠠᠷᠮᠠᠨ ᠪᠢᠴᠢᠭ》᠎ᠢ ᠭᠦᠨᠵᠡᠭᠡᠶ ᠰᠤᠷᠤᠯᠴᠠᠵᠤ᠂ ᠬᠠᠤᠯᠢ ᠬᠡᠷᠡᠭᠵᠢᠭᠦᠯᠬᠦ ᠠᠵᠢᠯᠲᠠᠳ ᠠᠵᠢᠯ᠎ᠤᠨ ᠥᠩᠭᠡᠷᠡᠯᠲᠡ᠎ᠲᠠᠢ᠎ᠪᠠᠨ ᠤᠶᠠᠯᠳᠤᠭᠤᠯᠤᠨ 《ᠮᠢᠨᠦ ᠠᠶᠤᠯᠭᠦᠶ ᠦᠢ᠍ᠯᠡᠳᠪᠦᠷᠢᠯᠡᠯ᠎ᠤᠨ ᠥᠯᠢᠭᠡᠷ》᠎ᠢ ᠬᠤᠪᠢᠶᠠᠯᠴᠠᠵᠤ᠂ ᠲᠣᠭᠲᠠᠭ᠋ᠠᠯ᠎ᠠᠴᠠ ᠵᠥᠷᠢᠴᠡᠭᠰᠡᠨ ᠦᠷ᠎ᠡ ᠳ᠋ᠦᠩ᠎ᠢ ᠵᠠᠳᠠᠯᠬᠤ᠎ᠪᠠᠷ ᠳᠠᠮᠵᠢᠭᠤᠯᠤᠨ ᠪᠥᠬᠦ ᠠᠵᠢᠯᠲᠠᠨ᠎ᠤ ᠬᠠᠷᠢᠭᠤᠴᠠᠯᠭ᠎ᠠ ᠵᠢᠨ ᠤᠬᠠᠮᠰᠠᠷ᠎ᠢ ᠴᠢᠩᠭ᠋ᠠᠳᠬᠠᠪᠠ᠃
ᠲᠣᠰ ᠰᠠᠯᠪᠤᠷᠢ ᠠᠩᠭᠢ ᠵᠢᠨ ᠵᠢᠷᠭᠤᠳᠤᠭ᠋ᠠᠷ ᠪᠠ ᠠᠷᠪᠠᠨ ᠨᠢᠭᠡᠳᠦᠭᠡᠷ ᠶᠡᠭᠡ ᠠᠩᠭᠢ ᠠᠵᠢᠯ᠎ᠤᠨ ᠪᠠᠶ᠋ᠢᠷᠢ᠎ᠳᠤ ᠪᠠᠶ᠋ᠢᠭ᠎ᠠ ᠬᠠᠤᠯᠢ ᠬᠡᠷᠡᠭᠵᠢᠭᠦᠯᠬᠦ ᠠᠵᠢᠯᠲᠠᠨ᠎ᠢ ᠵᠣᠬᠢᠶᠠᠨ ᠪᠠᠢ᠌ᠭᠤᠯᠤᠨ 《ᠳᠡᠷᠭᠡᠳᠡᠬᠢ ᠳᠠᠯᠳᠠ ᠬᠡᠮ᠎ᠢ ᠡᠷᠢᠵᠦ ᠲᠦᠮᠡᠨ ᠡᠷᠦᠬᠡ ᠵᠢᠨ ᠠᠮᠤᠷ ᠲᠦᠪᠰᠢᠨ᠎ᠢ ᠰᠠᠬᠢᠨ ᠬᠠᠮᠠᠭ᠋ᠠᠯᠠᠬᠤ》᠂ 《ᠠᠮᠤᠷ ᠲᠦᠪᠰᠢᠨ᠎ᠢ ᠠᠩᠬᠠᠷᠤᠭ᠋ᠠᠷᠠᠢ》 ᠵᠡᠷᠭᠡ ᠤᠬᠠᠭᠤᠯᠭ᠎ᠠ ᠵᠢᠨ ᠹᠢᠯᠢᠮ᠎ᠢ ᠲᠥᠪᠯᠡᠷᠡᠭᠦᠯᠦᠨ ᠦᠵᠡᠵᠦ᠂ ᠠᠮᠢᠳᠤᠯᠢᠭ ᠬᠡᠷᠡᠭ᠎ᠤᠨ ᠵᠢᠱ᠌ᠢᠶ᠎ᠡ ᠪᠠ ᠭᠦᠨᠵᠡᠭᠡᠶ ᠵᠠᠳᠠᠯᠤᠯᠲᠠ ᠬᠢᠵᠦ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠤᠬᠠᠮᠰᠠᠷ ᠵᠶ᠋ᠠᠨ ᠴᠢᠩᠭ᠋ᠠᠳᠬᠠᠪᠠ᠃ ᠡᠭᠦᠨ᠎ᠤ ᠬᠠᠮᠲᠤ᠂ ᠠᠶᠤᠯᠭᠦᠶ ᠦᠢ᠍ᠯᠡᠳᠪᠦᠷᠢᠯᠡᠯ᠎ᠤᠨ ᠮᠡᠳᠡᠪᠡᠯ ᠵᠣᠬᠢᠬᠤ ᠮᠡᠳᠡᠯᠭᠡ ᠵᠢᠨ ᠪᠣᠯᠪᠠᠰᠤᠷᠠᠭᠤᠯᠤᠯ᠎ᠢ ᠥᠷᠨᠢᠭᠦᠯᠵᠦ᠂ ᠠᠶᠤᠯᠭᠦᠶ ᠦᠢ᠍ᠯᠡᠳᠪᠦᠷᠢᠯᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠬᠦᠨᠳᠦ ᠶᠡᠭᠡ ᠠᠳᠡᠯ᠎ᠤᠨ ᠳᠠᠯᠳᠠ ᠬᠡᠮ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠡᠷᠭᠡ ᠠᠭᠤᠯᠭ᠎ᠠ ᠵᠢ ᠬᠠᠮᠤᠷᠴᠤ᠂ ᠬᠠᠤᠯᠢ ᠬᠡᠷᠡᠭᠵᠢᠭᠦᠯᠬᠦ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠬᠢᠷᠢ ᠬᠡᠮᠵᠢᠶ᠎ᠡ ᠬᠢᠭᠡᠳ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠂ ᠠᠮᠤᠷ ᠲᠦᠪᠰᠢᠨ᠎ᠤ ᠳᠠᠯᠳᠠ ᠬᠡᠮ᠎ᠢ ᠢᠯᠭ᠋ᠠᠨ ᠲᠠᠨᠢᠬᠤ ᠪᠠ ᠵᠠᠰᠠᠬᠤ ᠴᠢᠳᠠᠪᠤᠷᠢ ᠵᠢ ᠴᠢᠩᠭ᠋ᠠᠷᠠᠭᠤᠯᠪᠠ᠃
ᠲᠣᠰ ᠰᠠᠯᠪᠤᠷᠢ ᠠᠩᠭᠢ ᠵᠢᠨ ᠳᠣᠯᠤᠳᠤᠭ᠋ᠠᠷ ᠪᠠ ᠨᠠᠢ᠍ᠮᠠᠳᠤᠭ᠋ᠠᠷ ᠶᠡᠭᠡ ᠠᠩᠭᠢ ᠪᠠᠷᠠᠭᠤᠨ ᠦᠵᠦᠮᠦᠴᠢᠨ ᠬᠤᠰᠢᠭᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠭᠡ ᠠᠩᠭᠢ᠂ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠲᠥᠪ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ ᠪᠠᠯᠭ᠋ᠠᠷᠭᠤᠣᠯᠤᠨ ᠪᠠᠷᠠᠭᠤᠨ ᠬᠡᠰᠡᠭ᠎ᠤᠨ ᠰᠦᠢ᠍ᠳᠬᠡᠯ ᠬᠤᠷᠢᠶᠠᠬᠤ ᠥᠷᠲᠡᠭᠡᠨ᠎ᠤ ᠠᠭᠤᠳᠠᠮ ᠲᠠᠯᠠᠪᠠᠢ᠎ᠳᠤ 《ᠠᠶᠤᠯᠭᠦᠢ ᠦᠢ᠍ᠯᠡᠳᠪᠦᠷᠢᠯᠡᠯ᠎ᠤᠨ ᠤᠬᠠᠭᠤᠯᠭ᠎ᠠ ᠯᠠᠪᠯᠠᠭ᠎ᠠ ᠵᠢᠨ ᠡᠳᠦᠷ》᠎ᠤᠨ ᠠᠵᠢᠯᠯᠠᠭ᠎ᠠ ᠥᠷᠨᠢᠭᠦᠯᠪᠡ᠃ ᠲᠤᠬᠠᠶ ᠵᠢᠨ ᠲᠠᠯᠠᠪᠠᠶ᠎ᠳᠤ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ᠂ ᠬᠠᠤᠯᠢ ᠲᠣᠭᠲᠠᠭ᠋ᠠᠯ᠎ᠢ ᠤᠬᠠᠭᠤᠯᠤᠨ ᠲᠠᠶ᠋ᠢᠯᠪᠤᠷᠢᠯᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠨᠠᠭ᠋ᠠᠰᠢ ᠴᠠᠭ᠋ᠠᠰᠢ ᠥᠩᠭᠡᠷᠡᠬᠦ ᠵᠢᠯᠣᠭᠤᠴᠢ ᠪᠠ ᠠᠶᠠᠨᠴᠢᠳ᠎ᠲᠤ ᠵᠠᠮ᠎ᠤᠨ ᠶᠠᠪᠤᠳᠠᠯ᠎ᠤᠨ ᠬᠠᠤᠯᠢ ᠲᠣᠭᠲᠠᠭ᠋ᠠᠯ ᠪᠠ ᠠᠮᠤᠷ ᠲᠦᠪᠰᠢᠨ ᠵᠶ᠋ᠠᠷ ᠶᠠᠪᠤᠵᠤ ᠰᠠᠭᠤᠬᠤ ᠵᠡᠷᠭᠡ ᠮᠡᠳᠡᠯᠭᠡ ᠵᠢ ᠲᠦᠭᠡᠮᠡᠯᠵᠢᠭᠦᠯᠵᠦ᠂ ᠵᠢᠯᠣᠭᠤᠴᠢ ᠪᠠ ᠠᠶᠠᠨᠴᠢᠳ᠎ᠤᠨ ᠠᠮᠤᠷ ᠲᠦᠪᠰᠢᠨ ᠵᠶ᠋ᠠᠷ ᠶᠠᠪᠤᠵᠤ ᠰᠠᠭᠤᠬᠤ ᠤᠬᠠᠮᠰᠠᠷ᠎ᠢ ᠪᠦᠲᠦᠮᠵᠢᠲᠡᠶ ᠳᠡᠭᠡᠭᠰᠢᠯᠡᠭᠦᠯᠪᠡ᠃
ᠲᠣᠰ ᠰᠠᠯᠪᠤᠷᠢ ᠠᠩᠭᠢ ᠵᠢᠨ ᠠᠷᠪᠠᠳᠤᠭ᠋ᠠᠷ ᠶᠡᠭᠡ ᠠᠩᠭᠢ ᠪᠥᠬᠦ ᠬᠠᠤᠯᠢ ᠬᠡᠷᠡᠭᠵᠢᠭᠦᠯᠬᠦ ᠠᠵᠢᠯᠲᠠᠨ᠎ᠢ ᠵᠣᠬᠢᠶᠠᠨ ᠪᠠᠶ᠋ᠢᠭᠤᠯᠤᠨ ᠠᠶᠤᠯᠭᠦᠶ ᠦᠢ᠍ᠯᠡᠳᠪᠦᠷᠢᠯᠡᠯ᠎ᠤᠨ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠥᠪᠯᠡᠷᠡᠭᠦᠯᠦᠨ ᠰᠤᠷᠤᠯᠴᠠᠭᠤᠯᠬᠤ ᠵᠢᠨ ᠬᠠᠮᠲᠤ 《ᠠᠶᠤᠯᠭᠦᠶ ᠦᠢ᠍ᠯᠡᠳᠪᠦᠷᠢᠯᠡᠯ᠎ᠤᠨ ᠰᠠᠷ᠎ᠠ》 ᠵᠢᠨ ᠭᠤᠤᠯ ᠰᠡᠳᠦᠪᠲᠦ ᠹᠢᠯᠢᠮ᠂ ᠠᠶᠤᠯᠭᠦᠶ ᠦᠢ᠍ᠯᠡᠳᠪᠦᠷᠢᠯᠡᠯ᠎ᠤᠨ ᠣᠭ ᠦᠨᠳᠦᠰᠦ᠎ᠠᠴᠠ᠎ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠤᠰᠬᠠᠶ ᠰᠡᠳᠦᠪᠲᠦ ᠹᠢᠯᠢᠮ ᠪᠠ ᠠᠳᠡᠯ᠎ᠤᠨ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ ᠵᠡᠷᠭᠡ᠎ᠪᠠᠷ ᠳᠠᠮᠵᠢᠭᠤᠯᠤᠨ᠂ ᠬᠦᠨᠳᠦ ᠶᠡᠭᠡ ᠠᠳᠡᠯ᠎ᠤᠨ ᠳᠠᠯᠳᠠ ᠬᠡᠮ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠢ ᠲᠠᠶ᠋ᠢᠯᠪᠤᠷᠢᠯᠠᠵᠤ᠂ ᠺᠠᠳ᠋ᠷ ᠠᠵᠢᠯᠲᠠᠨ ᠠᠵᠢᠯᠴᠢᠨ᠎ᠤ ᠠᠶᠤᠯᠭᠦᠶ ᠦᠢ᠍ᠯᠡᠳᠪᠦᠷᠢᠯᠡᠯ᠎ᠤᠨ ᠤᠬᠠᠮᠰᠠᠷ᠎ᠢ ᠪᠦᠲᠦᠮᠵᠢᠲᠡᠶ ᠳᠡᠭᠡᠭᠰᠢᠯᠡᠭᠦᠯᠪᠡ᠃
ᠲᠣᠰ ᠰᠠᠯᠪᠤᠷᠢ ᠠᠩᠭᠢ ᠵᠢᠨ ᠠᠷᠪᠠᠨ ᠳᠥᠷᠪᠡᠳᠦᠭᠡᠷ ᠶᠡᠭᠡ ᠠᠩᠭᠢ ᠬᠠᠷᠢᠶ᠎ᠠ ᠣᠷᠣᠨ᠎ᠤ ᠠᠷᠠᠴᠢᠯᠠᠨ ᠬᠠᠮᠠᠭ᠋ᠠᠯᠠᠬᠤ᠂ ᠰᠦᠢ᠍ᠳᠭᠡᠯ ᠬᠤᠷᠢᠶᠠᠬᠤ᠂ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠴᠠᠭᠳᠠᠭ᠎ᠠ᠎ᠲᠠᠢ ᠬᠠᠮᠲᠤᠷᠠᠨ᠂ ᠰᠢᠩ ᠶᠣᠣ ᠰᠦᠢ᠍ᠳᠭᠡᠯ ᠬᠤᠷᠢᠶᠠᠬᠤ ᠭᠠᠵᠠᠷ᠎ᠲᠤ 《ᠬᠥᠮᠦᠨ ᠪᠦᠬᠦᠨ ᠠᠮᠤᠷ ᠲᠦᠪᠰᠢᠨ᠎ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ》 ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠵᠢᠨ ᠲᠤᠬᠠᠶ ᠵᠢᠨ ᠲᠠᠯᠠᠪᠠᠶ᠎ᠳᠤ ᠨᠡᠶ᠋ᠢᠲᠡ 50 ᠭᠠᠷᠤᠶ ᠬᠤᠪᠢ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠵᠤ᠂ ᠠᠮᠤᠷ ᠲᠦᠪᠰᠢᠨ᠎ᠢ ᠬᠠᠯᠠᠮᠵᠢᠯᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠦᠲᠦᠮᠵᠢᠲᠡᠶ ᠪᠣᠶ ᠪᠣᠯᠭ᠋ᠠᠪᠠ᠃