ᠣᠶ᠋ᠢᠷ᠎ᠠ ᠵᠢᠨ ᠵᠢᠯ᠎ᠤᠳ᠎ᠲᠤ᠂ ᠤᠯᠠᠭ᠋ᠠᠨᠴᠠᠪ ᠬᠤᠲᠠ 《ᠪᠠᠶ᠋ᠢᠭᠤᠯᠬᠤ᠂ ᠬᠠᠮᠢᠶᠠᠷᠬᠤ᠂ ᠠᠷᠠᠴᠢᠯᠠᠬᠤ᠂ ᠲᠡᠭᠡᠭᠡᠪᠦᠷᠢᠯᠡᠬᠦ》 ᠳᠥᠷᠪᠡ ᠵᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠤᠨ᠎ᠤ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠰᠢᠰᠲ᠋ᠧᠮᠵᠢ ᠵᠢ ᠦᠷᠭᠦᠯᠵᠢᠯᠡᠨ ᠲᠡᠭᠦᠯᠳᠡᠷᠵᠢᠭᠦᠯᠵᠦ᠂ ᠣᠳᠣᠬᠠᠨ᠎ᠳᠤ᠂ ᠪᠥᠬᠦ ᠬᠤᠲᠠ ᠵᠢᠨ ᠲᠡᠷᠭᠡ ᠨᠡᠪᠲᠡᠷᠡᠭᠰᠡᠨ ᠪᠥᠬᠦ ᠣᠷᠳᠣᠨ᠎ᠢ 18221 ᠺᠢᠯᠦᠮᠸᠲᠷ᠎ᠲᠤ ᠬᠦᠷᠴᠦ᠂ ᠡᠭᠦᠨ᠎ᠳᠤ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠲᠡᠷᠭᠡ ᠨᠡᠪᠲᠡᠷᠡᠭᠰᠡᠨ ᠪᠥᠬᠦ ᠣᠷᠳᠣᠨ᠎ᠢ 14585 ᠺᠢᠯᠦᠮᠸᠲᠷ ᠪᠠᠶ᠋ᠢᠵᠤ᠂ ᠪᠥᠬᠦ ᠬᠤᠲᠠ ᠵᠢᠨ ᠪᠥᠬᠦ ᠵᠠᠮ᠎ᠤᠨ ᠣᠷᠳᠣ ᠵᠢᠨ 80% ᠵᠢ ᠡᠵᠡᠯᠡᠪᠡ᠃ ᠪᠦᠬᠦ ᠬᠤᠲᠠ ᠵᠢᠨ 93 ᠰᠤᠮᠤ ᠰᠢᠶᠠᠩ ᠪᠠᠯᠭ᠋ᠠᠰᠤᠨ᠎ᠳᠤ ᠭᠤᠷᠪᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠭᠰᠡᠨ ᠬᠠᠷᠢᠴᠠᠯ 100%᠎ᠳᠤ ᠬᠦᠷᠴᠦ᠂ 1313 ᠪᠠᠶ᠋ᠢᠭᠤᠯᠤᠯ᠎ᠳᠤ ᠲᠣᠰᠬᠤᠨ᠎ᠤ ᠨᠦᠬᠦᠴᠡᠯ᠎ᠲᠠᠢ᠎ᠪᠠᠷ ᠬᠠᠲᠠᠭᠤᠷᠠᠭᠤᠯᠤᠭᠰᠠᠨ ᠵᠠᠮ ᠨᠡᠪᠲᠡᠷᠡᠭᠰᠡᠨ ᠨᠣᠷᠮ᠎ᠠ 100%᠎ᠳᠤ ᠬᠦᠷᠴᠦ᠂ ᠡᠭᠦᠨ᠎ᠳᠤ ᠪᠠᠶ᠋ᠢᠭᠤᠯᠤᠯ᠎ᠳᠤ ᠲᠣᠰᠬᠣᠨ᠎ᠤ ᠬᠣᠤᠰ ᠲᠡᠷᠭᠡᠨ ᠵᠠᠮ ᠨᠡᠪᠲᠡᠷᠡᠭᠰᠡᠨ ᠵᠠᠰᠠᠮᠠᠯ ᠵᠠᠮ 636 ᠪᠠᠶ᠋ᠢᠵᠤ᠂ ᠬᠤᠤᠰ ᠲᠡᠷᠭᠡᠨ ᠵᠠᠮ ᠨᠡᠪᠲᠡᠷᠡᠭᠰᠡᠨ ᠨᠣᠷᠮ᠎ᠠ 48.4 %᠎ᠳᠤ ᠬᠦᠷᠴᠦ᠂ ᠪᠥᠬᠦ ᠬᠤᠲᠠ ᠵᠢᠨ 5622 ᠨᠡᠯᠢᠶᠡᠳ ᠶᠡᠭᠡ ᠬᠥᠮᠦᠨ ᠠᠮᠠ᠎ᠲᠠᠢ ᠠᠶ᠋ᠢᠯ ᠲᠣᠰᠬᠤᠨ (20 ᠡᠷᠦᠬᠡ᠎ᠠᠴᠠ ᠳᠡᠭᠡᠭᠰᠢ)᠎ᠳᠤ 5165 ᠬᠠᠲᠠᠭᠤᠷᠠᠭᠤᠯᠤᠭᠰᠠᠨ ᠵᠠᠮ ᠨᠡᠪᠲᠡᠷᠡᠭᠦᠯᠵᠦ᠂ ᠨᠡᠪᠲᠡᠷᠡᠭᠰᠡᠨ ᠨᠣᠷᠮ᠎ᠠ 91.9%᠎ᠳᠤ ᠬᠦᠷᠴᠦ᠂ ᠨᠢᠭᠡᠨᠲᠡ ᠤᠯᠠᠭ᠋ᠠᠨᠴᠠᠪ ᠬᠤᠲᠠ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠠᠭ᠋ᠠᠳ ᠥᠬᠡᠶ ᠨᠡᠪᠲᠡᠷᠡᠬᠦ ᠨᠣᠷᠮ᠎ᠠ 90%᠎ᠠᠴᠠ ᠳᠡᠭᠡᠭᠰᠢ᠎ᠳᠤ ᠬᠦᠷᠬᠦ ᠵᠢᠱ᠌ᠢᠭᠰᠡᠨ ᠬᠠᠷᠠᠯᠲᠠ᠎ᠪᠠᠨ ᠤᠷᠢᠳᠴᠢᠯᠠᠨ ᠪᠡᠶᠡᠯᠡᠭᠦᠯᠪᠡ᠃
ᠡᠭᠦᠨ᠎ᠤ ᠬᠠᠮᠲᠤ᠂ ᠤᠯᠠᠭ᠋ᠠᠨᠴᠠᠪ ᠬᠤᠲᠠ ᠵᠢᠱ᠌ᠢᠶ᠎ᠡ ᠦᠵᠡᠭᠦᠯᠦᠨ ᠡᠭᠦᠳᠦᠨ ᠪᠠᠶ᠋ᠢᠭᠤᠯᠬᠤ ᠠᠵᠢᠯ᠎ᠢ ᠢᠳᠡᠪᠬᠢᠲᠡᠶ ᠥᠷᠨᠢᠭᠦᠯᠵᠦ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠳᠥᠷᠪᠡᠳ ᠬᠤᠰᠢᠭᠤ ᠪᠣᠯᠤᠨ ᠱᠠᠩᠳᠤ ᠰᠢᠶᠠᠨ ᠤᠷᠢᠳ ᠬᠤᠵᠢᠳ ᠥᠪᠡᠷᠲᠡᠭᠡᠨ ᠵᠠᠰᠠᠬᠤ ᠣᠷᠣᠨ᠎ᠤ ᠲᠠᠰ᠎ᠤᠨ 《ᠳᠥᠷᠪᠡᠨ ᠰᠠᠢ᠌ᠨᠲᠠᠢ ᠬᠥᠳᠡᠭᠡ ᠲᠣᠰᠬᠤᠨ᠎ᠤ ᠵᠠᠮ》᠎ᠤᠨ ᠵᠢᠱ᠌ᠢᠶ᠎ᠡ ᠦᠵᠡᠭᠦᠯᠬᠦ ᠬᠤᠰᠢᠭᠤ ᠰᠢᠶᠠᠨ᠎ᠢ ᠠᠮᠵᠢᠯᠲᠠ᠎ᠲᠠᠢ ᠪᠠᠶ᠋ᠢᠭᠤᠯᠪᠠ᠃ (ᠵᠠᠩ ᠭᠥᠸᠧ ᠸᠧᠢ)