ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠠᠮᠠᠷᠠᠯᠲᠠ ᠵᠢᠨ ᠬᠤᠭᠤᠴᠠᠭ᠎ᠠ ᠬᠦᠷᠴᠦ ᠢᠷᠡᠬᠦ ᠭᠡᠵᠦ ᠪᠠᠢ᠌ᠨ᠎ᠠ᠂ ᠬᠥᠯᠥᠨ ᠪᠣᠢ᠌ᠷ ᠬᠣᠲᠠ ᠵᠢᠨ ᠵᠠᠰᠠᠮᠠᠯ ᠵᠠᠮ᠎ᠤᠨ ᠨᠡᠪᠲᠡᠷᠡᠬᠦ ᠰᠦᠢ᠍ᠳᠭᠡᠯ ᠲᠠᠲᠠᠪᠤᠷᠢᠯᠠᠬᠤ ᠲᠥᠪ᠎ᠤᠨ ᠰᠢᠪᠡᠭᠡ ᠰᠦᠢ᠍ᠳᠭᠡᠯ ᠬᠤᠷᠢᠶᠠᠬᠤ ᠥᠷᠲᠡᠭᠡ 《ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠬᠠᠯᠠᠭᠤᠮᠰᠤᠭ ᠦᠢ᠍ᠯᠡᠴᠢᠯᠡᠭᠡ》 ᠭᠡᠬᠦ ᠭᠣᠣᠯ ᠰᠡᠳᠦᠪᠲᠦ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠵᠦ᠂ 《ᠰᠣᠶᠣᠯ + ᠦᠢ᠍ᠯᠡᠴᠢᠯᠡᠭᠡ》 ᠵᠢᠨ ᠵᠠᠭᠪᠤᠷ ᠵᠶ᠋ᠠᠷ ᠳᠠᠮᠵᠢᠭᠤᠯᠤᠨ᠂ ᠶᠠᠪᠤᠵᠤ ᠰᠠᠭᠤᠬᠤ ᠵᠢᠯᠣᠭᠣᠴᠢ ᠪᠠ ᠠᠶᠠᠨᠴᠢᠳ᠎ᠲᠤ ᠳᠣᠲᠣᠨᠣᠰᠣᠭ ᠦᠢ᠍ᠯᠡᠴᠢᠯᠡᠭᠡ ᠬᠠᠩᠭ᠋ᠠᠵᠤ᠂ ᠬᠠᠯᠠᠭᠤᠨ ᠳᠣᠲᠤᠨᠤ ᠶᠠᠪᠤᠵᠤ ᠰᠠᠭᠤᠬᠤ ᠪᠡᠶ᠎ᠡ ᠵᠢᠨ ᠣᠢ᠌ᠯᠠᠭ᠋ᠠᠯᠲᠠ ᠵᠢ ᠪᠣᠢ ᠪᠣᠯᠭ᠋ᠠᠨ᠎ᠠ᠃

ᠲᠣᠰ ᠥᠷᠲᠡᠭᠡ᠎ᠨᠢ ᠰᠦᠢ᠍ᠳᠬᠡᠯ ᠬᠤᠷᠢᠶᠠᠬᠤ ᠲᠠᠯᠠᠪᠠᠶ᠎ᠳᠤ ᠠᠷᠠᠳ᠎ᠲᠤ ᠲᠥᠬᠦᠮ ᠦᠵᠡᠭᠦᠯᠬᠦ ᠦᠢ᠍ᠯᠡᠴᠢᠯᠡᠭᠡᠨ᠎ᠤ ᠲᠠᠪᠴᠠᠩ ᠭᠠᠷᠭ᠋ᠠᠵᠤ᠂ ᠨᠠᠭ᠋ᠠᠰᠢ ᠴᠠᠭ᠋ᠠᠰᠢ ᠶᠠᠪᠤᠬᠤ ᠵᠢᠯᠣᠭᠤᠴᠢ ᠪᠠ ᠠᠶᠠᠨᠴᠢᠳ᠎ᠲᠤ ᠮᠣᠩᠭᠤᠯ ᠦᠨᠳᠦᠰᠦᠲᠡᠨ᠎ᠤ ᠣᠨᠴᠠᠯᠢᠭ᠎ᠲᠠᠢ ᠴᠠᠭ᠋ᠠᠨ ᠢᠳᠡᠭᠡᠨ᠂ ᠤᠯᠠᠮᠵᠢᠯᠠᠯᠲᠤ ᠽᠦᠩᠽᠢ ᠵᠢᠴᠢ ᠵᠣᠨ᠎ᠤ ᠰᠡᠷᠢᠭᠦᠨ ᠴᠠᠶ ᠵᠢ ᠦᠨ᠎ᠡ ᠲᠥᠯᠥᠪᠦᠷᠢ ᠥᠬᠡᠶ᠎ᠪᠠᠷ ᠬᠠᠩᠭ᠋ᠠᠵᠤ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠮᠡᠳᠡᠯᠭᠡ ᠵᠢᠨ ᠱᠠᠩᠨᠠᠯᠲᠤ ᠠᠰᠠᠭᠤᠯᠲᠠ ᠬᠠᠷᠢᠭᠤᠯᠲᠠ ᠵᠢ ᠵᠡᠷᠭᠡ᠎ᠪᠠᠷ ᠥᠷᠨᠢᠭᠦᠯᠵᠦ᠂ ᠵᠢᠯᠣᠭᠤᠴᠢ ᠪᠠ ᠠᠶᠠᠨᠴᠢᠳ᠎ᠲᠤ ᠪᠠᠶᠠᠷ᠎ᠤᠨ ᠡᠳᠦᠷ᠎ᠤᠨ ᠠᠮᠲᠠᠲᠤ ᠢᠳᠡᠭᠡᠨ᠎ᠢ ᠠᠮᠲᠠᠯᠠᠭᠤᠯᠬᠤ ᠵᠢᠨ ᠬᠠᠮᠲᠤ ᠠᠮᠤᠷ ᠲᠦᠪᠰᠢᠨ᠎ᠤ ᠦᠵᠡᠯ ᠤᠬᠠᠮᠰᠠᠷ᠎ᠢ ᠨᠡᠮᠡᠭᠳᠡᠭᠦᠯᠵᠡᠶ᠃
ᠲᠤᠰ ᠥᠷᠲᠡᠭᠡ᠎ᠨᠢ 《8 + N》 ᠠᠷᠠᠳ᠎ᠲᠤ ᠳᠥᠭᠦᠮ ᠦᠵᠡᠭᠦᠯᠬᠦ ᠦᠢ᠍ᠯᠡᠴᠢᠯᠡᠭᠡᠨ᠎ᠤ ᠠᠭᠤᠯᠤᠭᠳᠠᠬᠤᠨ᠎ᠢ ᠭᠦᠨᠵᠡᠭᠡᠶ᠋ᠢᠷᠡᠭᠦᠯᠵᠦ᠂ ᠤᠤᠯ᠎ᠤᠨ 8 ᠲᠥᠷᠥᠯ᠎ᠤᠨ ᠰᠠᠭᠤᠷᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠣᠳᠠᠰ (ᠦᠯᠢᠬᠦᠷ᠂ ᠴᠢᠷᠬᠦ ᠳᠡᠭᠡᠰᠦ᠂ ᠬᠡᠶ᠋ᠢᠯᠡᠬᠦ ᠬᠥᠭᠡᠷᠭᠡ ᠵᠡᠷᠭᠡ)᠎ᠤᠨ ᠰᠠᠭᠤᠷᠢᠨ ᠳᠡᠭᠡᠷ᠎ᠡ᠂ ᠣᠨᠴᠠᠭ᠋ᠠᠢ᠌ᠯᠠᠨ 《ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠣᠭᠴᠣ》 ᠵᠢ ᠨᠡᠮᠡᠵᠦ᠂ ᠳᠣᠲᠣᠷ᠎ᠠ᠎ᠨᠢ ᠬᠠᠯᠠᠭᠤᠨ᠎ᠠᠴᠠ ᠰᠡᠷᠭᠡᠶ᠋ᠢᠯᠡᠬᠦ ᠡᠮ᠎ᠤᠨ ᠵᠦᠢ᠍ᠯ᠂ ᠳᠤᠮᠳᠠᠳᠤ ᠣᠷᠣᠰ ᠮᠣᠩᠭᠤᠯ ᠭᠤᠷᠪᠠᠨ ᠬᠡᠯᠡᠨ᠎ᠤ ᠠᠮᠤᠷ ᠲᠦᠪᠰᠢᠨ᠎ᠤ ᠰᠠᠨᠠᠭᠤᠯᠤᠮᠵᠢ ᠵᠢᠨ ᠺᠠᠷᠲ ᠪᠠᠭᠲᠠᠨ᠎ᠠ᠃ 《 ᠬᠠᠢ᠌ᠷ᠎ᠠ ᠬᠠᠯᠠᠮᠵᠢ ᠵᠢᠨ ᠴᠠᠢ ᠵᠢᠨ ᠥᠷᠲᠡᠭᠡ》 24 ᠴᠠᠭ᠎ᠲᠤ ᠤᠯᠠᠮᠵᠢᠯᠠᠯᠲᠤ ᠬᠡᠪ᠎ᠤᠨ ᠴᠠᠢ ᠵᠢ ᠬᠠᠩᠭ᠋ᠠᠵᠤ᠂ ᠵᠢᠯᠣᠭᠣᠴᠢ ᠪᠠ ᠠᠶᠠᠨᠴᠢᠳ᠎ᠤᠨ ᠰᠠᠨᠠᠯ ᠨᠢᠭᠡᠲᠡᠢ ᠰᠠᠢ᠌ᠨ ᠦᠨᠡᠯᠡᠯᠲᠡ ᠵᠢ ᠣᠯᠵᠠᠢ᠃ (ᠵᠤᠤ ᠶᠢᠩ ᠯᠢ)