ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠰᠢᠯᠢ ᠵᠢᠨ ᠭᠣᠤᠯ ᠠᠢ᠌ᠮᠠᠭ ᠭᠣᠤᠯᠳᠠᠯᠭ᠎ᠠ᠎ᠲᠠᠢ ᠵᠠᠰᠠᠮᠠᠯ ᠵᠠᠮ᠎ᠤᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ ᠪᠣᠶ
ᠨᠡᠶ᠋ᠢᠲᠡᠯᠡᠭᠰᠡᠨ ᠴᠠᠭ᠄ 2025-06-05

    ᠣᠶ᠋ᠢᠷ᠎ᠠ᠎ᠳᠤ᠂ 331 ᠤᠯᠤᠰ᠎ᠤᠨ ᠵᠠᠮ᠎ᠤᠨ ᠷᠠᠰᠢᠶᠠᠨᠪᠤᠯᠠᠭ᠎ᠠᠴᠠ ᠪᠡᠯᠭᠦᠳᠡᠢ ᠬᠦᠷᠬᠦ ᠬᠡᠰᠡᠭ᠎ᠤᠨ ᠵᠠᠰᠠᠮᠠᠯ ᠵᠠᠮ᠎ᠤᠨ ᠲᠦᠷᠦᠯ ᠵᠦᠢ᠍ᠯ᠎ᠤᠨ ᠪᠠᠷᠢᠯᠭ᠎ᠠ ᠵᠢᠨ ᠲᠤᠬᠠᠢ ᠵᠢᠨ ᠲᠠᠯᠠᠪᠠᠢ᠎ᠳᠤ᠂ ᠬᠡᠳᠦᠨ ᠠᠷᠪᠠᠨ ᠵᠠᠮ ᠳᠡᠪᠢᠰᠬᠦ ᠮᠠᠰᠢᠨ᠂ ᠵᠠᠮ ᠳᠠᠷᠤᠬᠤ ᠮᠠᠰᠢᠨ ᠬᠦᠷᠴᠢᠭᠢᠨᠡᠨ᠂ ᠠᠵᠢᠯᠴᠢᠳ ᠰᠠᠭᠤᠷᠢ ᠳᠠᠪᠬᠤᠷᠭ᠎ᠠ ᠵᠢᠨ ᠳᠡᠪᠢᠰᠬᠦ ᠠᠵᠢᠯ᠎ᠢ ᠶᠠᠭ᠋ᠠᠷᠠᠯᠲᠠᠢ ᠬᠢᠵᠦ ᠪᠠᠢ᠌ᠯ᠎ᠠ᠃ ᠣᠳᠣᠬᠠᠨ᠎ᠳᠤ᠂ ᠲᠣᠰ ᠲᠥᠷᠥᠯ ᠵᠦᠢᠯ᠎ᠨᠢ ᠰᠠᠭᠤᠷᠢ ᠳᠠᠪᠬᠤᠷᠭ᠎ᠠ ᠵᠢᠨ ᠶᠡᠷᠦᠩᠬᠡᠶ ᠬᠡᠮᠵᠢᠶ᠎ᠡ ᠵᠢᠨ 67% ᠵᠢ ᠳᠠᠭᠤᠰᠬᠠᠵᠤ᠂ ᠵᠢᠱ᠌ᠢᠯᠲᠡ᠎ᠪᠠᠷ 8 ᠳ᠋ᠤᠭ᠋ᠠᠷ ᠰᠠᠷ᠎ᠠ᠎ᠳᠤ ᠭᠣᠤᠯ ᠴᠣᠭᠴᠠ ᠵᠢᠨ ᠨᠡᠪᠲᠡᠷᠡᠭᠦᠯᠬᠦ ᠵᠢ ᠪᠡᠶᠡᠯᠡᠭᠦᠯᠬᠦ ᠪᠣᠯᠤᠨ᠎ᠠ᠃
    ᠬᠢᠯᠢ ᠳᠠᠭ᠋ᠠᠤ 331 ᠤᠯᠤᠰ᠎ᠤᠨ ᠵᠠᠮ᠎ᠤᠨ ᠰᠢᠯᠢ ᠵᠢᠨ ᠭᠣᠤᠯ ᠠᠢ᠌ᠮᠠᠭ᠎ᠤᠨ ᠬᠢᠯᠢ ᠳᠣᠲᠣᠷᠠᠬᠢ ᠪᠥᠬᠥ ᠣᠷᠳᠣ᠎ᠨᠢ 918.4 ᠺᠢᠯᠣᠮᠧᠲᠷ ᠪᠠᠢ᠌ᠵᠤ᠂ ᠨᠡᠢ᠌ᠲᠡ 8 ᠬᠡᠰᠡᠭ ᠬᠤᠪᠢᠶᠠᠨ ᠪᠥᠲᠥᠭᠡᠨ ᠪᠠᠢ᠌ᠭᠤᠯᠵᠤ᠂ ᠣᠳᠣᠬᠠᠨ᠎ᠳᠤ 7 ᠬᠡᠰᠡᠭ᠎ᠨᠢ ᠨᠢᠭᠡᠨᠲᠡ ᠪᠠᠢ᠌ᠭᠤᠯᠤᠭᠳᠠᠨ ᠲᠡᠷᠭᠡ ᠨᠡᠪᠲᠡᠷᠡᠵᠦ᠂ ᠷᠠᠰᠢᠶᠠᠨᠪᠤᠯᠠᠭ᠎ᠠᠴᠠ ᠪᠡᠯᠭᠦᠳᠡᠶ ᠬᠥᠷᠬᠥ ᠬᠡᠰᠡᠭ᠎ᠨᠢ ᠲᠣᠰ ᠠᠢ᠌ᠮᠠᠭ᠎ᠤᠨ 《ᠵᠢᠷᠭᠤᠭ᠋ᠠᠨ ᠬᠥᠨᠳᠡᠯᠡᠨ ᠲᠠᠪᠤᠨ ᠭᠤᠯᠳᠤ》 ᠵᠠᠰᠠᠮᠠᠯ ᠵᠠᠮ᠎ᠤᠨ ᠲᠣᠤᠷ᠎ᠤᠨ ᠳᠣᠲᠣᠷᠠᠬᠢ             《ᠬᠥᠨᠳᠡᠯᠡᠨ ᠨᠢᠭᠡ》 ᠵᠠᠩᠭᠢᠯᠠᠭ᠎ᠠ ᠵᠢᠨ ᠲᠥᠷᠥᠯ ᠵᠦᠢᠯ ᠪᠠᠢ᠌ᠵᠤ᠂ ᠪᠥᠬᠥ ᠣᠷᠳᠣ᠎ᠨᠢ 112.4 ᠺᠢᠯᠣᠮᠧᠲᠷ᠂ ᠲᠦᠢ᠍ᠮᠤ ᠲᠦᠰᠦᠪ᠎ᠤᠨ ᠶᠡᠷᠦᠩᠬᠡᠶ ᠪᠠᠯᠠ ᠣᠷᠣᠭᠤᠯᠤᠯᠲᠠ᠎ᠨᠢ 10.74 ᠳ᠋ᠦᠩᠰᠢᠭᠤᠷ ᠲᠥᠭᠥᠷᠢᠭ᠎ᠲᠤ ᠬᠦᠷᠴᠡᠶ᠃ ᠲᠥᠷᠥᠯ ᠵᠦᠢᠯ᠎ᠢ ᠪᠠᠢ᠌ᠭᠤᠯᠤᠨ ᠳᠠᠭᠤᠰᠬᠠᠵᠤ ᠲᠡᠷᠭᠡ ᠨᠡᠪᠲᠡᠷᠡᠪᠡᠯ 331 ᠤᠯᠤᠰ᠎ᠤᠨ ᠵᠠᠮ᠎ᠤᠨ ᠪᠥᠬᠥ ᠱᠤᠭᠤᠮ᠎ᠢ ᠬᠣᠶᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠵᠠᠰᠠᠮᠠᠯ ᠵᠠᠮ᠎ᠳᠤ ᠬᠦᠷᠭᠡᠬᠦ ᠬᠠᠷᠠᠯᠲᠠ ᠵᠢ ᠪᠡᠶᠡᠯᠡᠭᠦᠯᠵᠦ᠂ ᠵᠠᠰᠠᠮᠠᠯ ᠵᠠᠮ᠎ᠤᠨ ᠦᠢᠯᠡᠴᠢᠯᠡᠭᠡᠨ᠎ᠤ ᠴᠢᠳᠠᠪᠤᠷᠢ ᠵᠢ ᠬᠦᠴᠦᠲᠡᠶ ᠳᠡᠭᠡᠭᠰᠢᠯᠡᠭᠦᠯᠵᠦ᠂ ᠵᠠᠯᠭ᠋ᠠᠯᠲᠠ᠎ᠨᠢ ᠰᠢᠭᠤᠳ ᠰᠢᠯᠤᠭᠤᠨ᠂ ᠥᠨᠳᠥᠷ ᠪᠦᠲᠦᠮᠵᠢᠲᠡᠶ ᠪᠥᠭᠡᠳ ᠳᠥᠭᠥᠮ ᠳᠥᠲᠡ᠂ ᠰᠢᠯᠢ ᠵᠢᠨ ᠭᠣᠤᠯ ᠠᠢ᠌ᠮᠠᠭ᠎ᠤᠨ ᠵᠡᠭᠦᠨ ᠪᠠᠷᠠᠭᠤᠨ᠎ᠢ ᠰᠤᠨᠳᠠᠯᠠᠭᠰᠠᠨ ᠴᠢᠬᠤᠯᠠ ᠲᠡᠭᠡᠭᠡᠪᠦᠷᠢ ᠵᠢᠨ ᠵᠠᠮ᠎ᠢ ᠪᠦᠷᠢᠯᠳᠦᠭᠦᠯᠦᠨ᠎ᠡ᠃
   ᠡᠨᠡ ᠵᠢᠯ᠂ ᠰᠢᠯᠢ ᠵᠢᠨ ᠭᠣᠤᠯ ᠠᠢ᠌ᠮᠠᠭ 6 ᠭᠣᠤᠯᠳᠠᠯᠭ᠎ᠠ᠎ᠲᠠᠢ ᠵᠠᠰᠠᠮᠠᠯ ᠵᠠᠮ᠎ᠤᠨ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠳᠥᠯᠭᠢᠨ ᠠᠬᠢᠭᠤᠯᠪᠠ᠃ 2 ᠦᠷᠭᠦᠯᠵᠢᠯᠡᠨ ᠪᠠᠢ᠌ᠭᠤᠯᠬᠤ ᠲᠥᠷᠥᠯ ᠵᠦᠢᠯ᠎ᠨᠢ ᠪᠠᠷᠢᠯᠭ᠎ᠠ ᠵᠢᠨ ᠠᠵᠢᠯ᠎ᠤᠨ ᠰᠢᠵᠢᠷ ᠠᠯᠲᠠᠨ ᠬᠤᠭᠤᠴᠠᠭ᠎ᠠ ᠵᠢ ᠵᠠᠪᠳᠤᠨ ᠠᠳᠬᠤᠵᠤ᠂ ᠵᠢᠯ᠎ᠤᠨ ᠳᠣᠲᠣᠷ᠎ᠠ ᠪᠠᠢ᠌ᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ᠎ᠪᠠᠷ ᠬᠠᠷᠠᠯᠲᠠ ᠪᠣᠯᠭ᠋ᠠᠨ᠂ ᠪᠠᠷᠢᠯᠭ᠎ᠠ ᠵᠢᠨ ᠬᠤᠭᠤᠴᠠᠭ᠎ᠠ ᠵᠢ ᠲᠣᠩᠭᠣᠷᠠᠭᠤᠯᠤᠨ ᠵᠢᠭᠰᠠᠭ᠋ᠠᠵᠤ᠂ ᠪᠠᠷᠢᠯᠭ᠎ᠠ ᠵᠢᠨ ᠠᠵᠢᠯ᠎ᠤᠨ ᠵᠣᠬᠢᠶᠠᠨ ᠪᠠᠢ᠌ᠭᠤᠯᠬᠤ ᠲᠥᠯᠥᠪᠯᠡᠭᠡ ᠵᠢ ᠴᠠᠭ ᠲᠤᠬᠠᠶ᠎ᠳᠤ᠎ᠨᠢ ᠰᠢᠯᠢᠳᠡᠭᠵᠢᠭᠦᠯᠪᠡ; 4 ᠰᠢᠨ᠎ᠡ᠎ᠪᠠᠷ ᠡᠬᠢᠯᠡᠭᠦᠯᠬᠦ᠎ᠪᠠᠷ ᠲᠥᠯᠥᠪᠯᠡᠵᠦ ᠪᠠᠢ᠌ᠭ᠎ᠠ ᠲᠥᠷᠥᠯ ᠵᠦᠢ᠍ᠯ᠎ᠳᠤ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠳᠤ᠎ᠨᠢ ᠠᠪᠴᠤ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠨᠡᠢ᠌ᠯᠡᠮᠡᠯ ᠬᠦᠴᠦᠨ᠎ᠢ ᠪᠣᠶ ᠪᠣᠯᠭ᠋ᠠᠵᠤ᠂ ᠡᠮᠦᠨᠡᠬᠢ ᠬᠤᠭᠤᠴᠠᠭ᠋ᠠᠨ᠎ᠤ ᠠᠵᠢᠯ᠎ᠢ ᠬᠠᠮᠲᠤ᠎ᠪᠠᠷ ᠲᠦᠯᠬᠢᠨ ᠠᠬᠢᠭᠤᠯᠵᠤ ᠱᠠᠯᠠᠪᠳᠠᠨ ᠭᠦᠢ᠍ᠴᠡᠳᠬᠡᠪᠡ᠃
    ᠦᠷᠭᠦᠯᠵᠢᠯᠡᠨ ᠪᠠᠢ᠌ᠭᠤᠯᠬᠤ ᠲᠥᠷᠥᠯ ᠵᠦᠢᠯ᠎ᠤᠨ ᠳᠣᠲᠣᠷ᠎ᠠ᠂ 305 ᠤᠯᠤᠰ᠎ᠤᠨ ᠵᠠᠮ᠎ᠤᠨ ᠬᠥᠨᠳᠡᠯᠡᠨ᠎ᠠᠴᠠ ᠪᠠᠶᠠᠨᠬᠤᠸᠠ ᠬᠥᠷᠬᠥ ᠬᠡᠰᠡᠭ᠎ᠤᠨ ᠵᠠᠰᠠᠮᠠᠯ ᠵᠠᠮ ᠨᠢᠭᠡᠨᠲᠡ ᠵᠠᠮ᠎ᠤᠨ ᠰᠠᠭᠤᠷᠢ᠂ ᠬᠥᠭᠥᠷᠭᠡ ᠵᠢᠨ ᠭᠤᠯᠳᠤᠩ᠎ᠢ ᠵᠠᠰᠠᠬᠤ ᠱᠠᠲᠤᠨ᠎ᠳᠤ ᠣᠷᠣᠪᠠ᠃ ᠲᠥᠷᠥᠯ ᠵᠦᠢᠯ ᠪᠠᠢ᠌ᠭᠤᠯᠤᠭᠳᠠᠭᠰᠠᠨ᠎ᠤ ᠳᠠᠷᠠᠭ᠎ᠠ᠂ ᠵᠠᠮ ᠳᠠᠭ᠋ᠠᠤ ᠵᠢᠨ ᠨᠡᠢ᠌ᠭᠡᠮ ᠠᠵᠤ ᠠᠬᠤᠶ ᠵᠢᠨ ᠬᠥᠭᠵᠢᠯᠲᠡ᠎ᠳᠤ ᠬᠦᠴᠦᠨ ᠨᠡᠮᠡᠷᠢᠯᠡᠬᠦ ᠵᠢᠨ ᠬᠠᠮᠲᠤ ᠰᠢᠯᠢ ᠵᠢᠨ ᠭᠣᠤᠯ ᠠᠢ᠌ᠮᠠᠭ᠎ᠤᠨ ᠵᠡᠭᠦᠨ ᠬᠣᠢ᠌ᠲᠤ ᠣᠷᠣᠨ᠎ᠤ ᠬᠠᠭᠤᠷᠠᠶ ᠲᠡᠯᠡᠶ ᠵᠢᠨ ᠰᠢᠨ᠎ᠡ ᠵᠠᠮ᠎ᠳᠤ ᠠᠭᠤᠰᠤᠯᠴᠠᠬᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠤᠰ ᠣᠷᠴᠢᠯ᠎ᠳᠤ ᠠᠭᠤᠰᠤᠯᠴᠠᠬᠤ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
    ᠰᠢᠨ᠎ᠡ᠎ᠪᠠᠷ ᠪᠠᠢ᠌ᠭᠤᠯᠬᠤ ᠲᠥᠷᠥᠯ ᠵᠦᠢᠯ᠎ᠤᠨ ᠳᠣᠲᠣᠷ᠎ᠠ᠂ 625 ᠤᠯᠤᠰ᠎ᠤᠨ ᠵᠠᠮ᠎ᠤᠨ ᠵᠡᠭᠦᠨ ᠬᠠᠲᠠᠪᠴᠢ᠎ᠠᠴᠠ ᠡᠷᠢᠶᠡᠨ ᠬᠣᠲᠠ ᠬᠥᠷᠬᠥ ᠬᠡᠰᠡᠭ᠎ᠤᠨ ᠭᠤᠷᠪᠠᠨ ᠲᠥᠷᠥᠯ ᠵᠦᠢᠯ᠎ᠨᠢ 4 ᠳ᠋ᠦ᠍ᠭᠡᠷ ᠰᠠᠷ᠎ᠠ ᠵᠢᠨ ᠰᠡᠭᠦᠯᠴᠢ᠎ᠪᠠᠷ ᠴᠣᠬᠣᠯᠠᠪᠤᠷᠢ ᠣᠯᠵᠤ᠂ ᠬᠠᠢ᠌ᠨ ᠪᠠᠢ᠌ᠴᠠᠭ᠋ᠠᠵᠤ ᠵᠢᠷᠤᠵᠤ ᠲᠥᠯᠥᠪᠯᠡᠬᠦ ᠠᠵᠢᠯ᠎ᠢ ᠶᠠᠭ ᠱᠠᠯᠠᠪᠳᠠᠨ ᠥᠷᠨᠢᠭᠦᠯᠵᠦ ᠪᠣᠶ᠂ ᠲᠥᠷᠥᠯ ᠵᠦᠢᠯ᠎ᠤᠨ ᠪᠥᠬᠥ ᠣᠷᠳᠣ᠎ᠨᠢ ᠪᠠᠷᠤᠭ 533 ᠺᠢᠯᠣᠮᠧᠲᠷ ᠪᠠᠢ᠌ᠵᠤ᠂ ᠵᠡᠭᠦᠨ ᠦᠵᠦᠮᠦᠴᠢᠨ ᠬᠣᠰᠢᠭᠤ᠂ ᠠᠪᠠᠭ᠎ᠠ ᠬᠣᠰᠢᠭᠤ᠂ ᠰᠥᠨᠢᠳ ᠵᠡᠭᠦᠨ ᠬᠣᠰᠢᠭᠤ᠂ ᠡᠷᠢᠶᠡᠨ ᠬᠣᠲᠠ ᠵᠡᠷᠭᠡ ᠬᠣᠰᠢᠭᠤ ᠰᠢᠶᠠᠨ᠎ᠲᠠᠢ ᠪᠦᠲᠦᠮᠵᠢᠲᠡᠶ ᠬᠣᠯᠪᠣᠯᠳᠤᠭᠤᠯᠤᠨ᠎ᠠ; 207 ᠤᠯᠤᠰ᠎ᠤᠨ ᠵᠠᠮ᠎ᠤᠨ ᠰᠢᠯᠢ ᠵᠢᠨ ᠬᠣᠲᠠ᠎ᠠᠴᠠ ᠪᠠᠯᠭ᠋ᠠᠷᠭᠤᠤᠯ᠎ᠠᠴᠠ ᠪᠠᠶᠠᠨᠬᠤᠸᠠ ᠬᠥᠷᠬᠥ ᠬᠡᠰᠡᠭ᠎ᠤᠨ ᠬᠣᠶᠠᠳᠤᠭ᠋ᠠᠷ ᠬᠤᠭᠤᠴᠠᠭ᠋ᠠᠨ᠎ᠤ ᠪᠠᠷᠢᠯᠭ᠎ᠠ 4 ᠳ᠋ᠦ᠍ᠭᠡᠷ ᠰᠠᠷ᠎ᠠ ᠵᠢᠨ ᠡᠬᠢ᠎ᠪᠠᠷ ᠣᠨᠴᠠ ᠵᠥᠪᠰᠢᠶᠡᠷᠡᠯ᠎ᠤᠨ ᠡᠵᠡᠩᠨᠡᠭᠴᠢ ᠵᠢ ᠲᠣᠭᠲᠠᠭ᠋ᠠᠵᠤ᠂ ᠬᠠᠢ᠌ᠨ ᠪᠠᠢ᠌ᠴᠠᠭ᠋ᠠᠵᠤ ᠵᠢᠷᠤᠵᠤ ᠲᠥᠯᠥᠪᠯᠡᠬᠦ ᠠᠵᠢᠯ᠎ᠢ ᠵᠡᠷᠭᠡ᠎ᠳᠤ᠎ᠨᠢ ᠥᠷᠨᠢᠭᠦᠯᠵᠦ᠂ ᠣᠢ᠌ᠷ᠎ᠠ᠎ᠳᠤ ᠨᠢᠭᠡᠨᠲᠡ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠢ ᠬᠢᠨᠠᠨ ᠪᠠᠢ᠌ᠴᠠᠭ᠋ᠠᠬᠤ ᠠᠵᠢᠯ᠎ᠢ ᠪᠡᠶᠡᠯᠡᠭᠦᠯᠪᠡ᠃
    ᠭᠣᠤᠯᠳᠠᠯᠭ᠎ᠠ᠎ᠲᠠᠢ ᠲᠥᠷᠥᠯ ᠵᠦᠢᠯ᠎ᠢ ᠠᠬᠢᠭᠤᠯᠬᠤ ᠵᠢ ᠳᠠᠭ᠋ᠠᠯᠳᠤᠨ᠂ ᠰᠢᠯᠢ ᠵᠢᠨ ᠭᠣᠤᠯ ᠠᠢ᠌ᠮᠠᠭ ᠶᠠᠭ          《ᠪᠣᠭᠣᠮᠲᠠ + ᠡᠨᠧᠷᠭᠢ + ᠵᠢᠭᠤᠯᠴᠢᠯᠠᠯ》 ᠭᠤᠷᠪᠠ ᠵᠢ ᠨᠢᠭᠡ ᠴᠣᠭᠴᠠᠵᠢᠭᠤᠯᠤᠭᠰᠠᠨ ᠪᠣᠰᠣᠭ᠎ᠠ ᠴᠣᠭᠴᠠᠲᠤ ᠵᠠᠮ ᠬᠠᠷᠢᠯᠴᠠᠭ᠋ᠠᠨ᠎ᠤ ᠲᠣᠤᠷ᠎ᠢ ᠪᠠᠢ᠌ᠭᠤᠯᠵᠤ ᠪᠠᠢ᠌ᠨ᠎ᠠ᠃

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠪᠠᠶᠠᠨᠨᠠᠭᠤᠷ ᠬᠤᠲᠠ ᠵᠢᠨ 《ᠬᠠᠶ᠋ᠢᠷ᠎ᠠ ᠬᠠᠯᠠᠮᠵᠢ ᠵᠢᠨ ᠰᠢᠯᠭ᠋ᠠᠯᠲᠠ᠎ᠳᠤ ᠬᠦᠷᠭᠡᠬᠦ》 ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠵᠢᠩᠬᠢᠨᠢ᠎ᠪᠠᠷ ᠡᠬᠢᠯᠡᠪᠡ
ᠪᠠᠶᠠᠨᠴᠠᠭ᠋ᠠᠨ᠎ᠠᠴᠠ ᠶᠥᠩ᠎ᠲᠠᠢ ᠭᠥᠩ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠬᠠᠮᠢᠶᠠᠷᠤᠯᠲᠠ ᠵᠢᠨ ᠲᠥᠪ᠎ᠤᠨ ᠶᠡᠷᠦᠩᠬᠡᠶ᠋ᠢᠯᠡᠭᠰᠡᠨ ᠠᠰᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠷᠢᠯᠭ᠎ᠠ ᠵᠢᠨ ᠠᠵᠢᠯ᠎ᠤᠨ ᠠᠮᠤᠷ ᠲᠦᠪᠰᠢᠨ᠎ᠤ ᠪᠠᠷᠢᠮᠵᠢᠶᠠᠵᠢᠭᠤᠯᠤᠯᠲᠠ ᠵᠢᠨ ᠵᠢᠱ᠌ᠢᠶ᠎ᠡ ᠦᠵᠡᠭᠦᠯᠬᠦ ᠪᠠᠷᠢᠯᠭ᠎ᠠ ᠵᠢᠨ ᠭᠠᠵᠠᠷ᠎ᠤᠨ ᠢᠷᠠᠭᠤ ᠠᠯᠳᠠᠷ᠎ᠤᠨ ᠴᠣᠯᠠ ᠵᠢ ᠭᠥᠷᠳᠡᠪᠡ
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ ᠵᠢᠨ ᠳᠣᠯᠣᠳᠤᠭ᠋ᠠᠷ ᠰᠠᠯᠪᠤᠷᠢ ᠠᠩᠭᠢ ᠵᠢᠨ ᠡᠯ᠎ᠡ ᠶᠡᠭᠡ ᠠᠩᠭᠢ ᠠᠮᠤᠷ ᠲᠦᠪᠰᠢᠨ᠎ᠤ ᠤᠬᠠᠭᠤᠯᠭ᠎ᠠ ᠯᠠᠪᠯᠠᠭ᠎ᠠ ᠵᠢᠨ ᠡᠳᠦᠷ᠎ᠤᠨ ᠠᠵᠢᠯᠯᠠᠭ᠎ᠠ ᠥᠷᠨᠢᠭᠦᠯᠪᠡ
ᠤᠯᠠᠭ᠋ᠠᠨᠬᠠᠳᠠ ᠬᠣᠲᠠ ᠵᠢᠨ ᠪᠠᠭ᠋ᠠᠷᠢᠨ ᠵᠡᠭᠦᠨ ᠬᠣᠰᠢᠭᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ
ᠬᠠᠪᠤᠷ᠎ᠤᠨ ᠤᠯᠠᠷᠢᠯ᠎ᠳᠠᠬᠢ ᠵᠠᠰᠠᠮᠠᠯ ᠵᠠᠮ᠎ᠤᠨ ᠭᠣᠤᠯ ᠱᠤᠭᠤᠮ᠎ᠤᠨ ᠠᠮᠤᠷ ᠲᠦᠪᠰᠢᠨ᠎ᠢ ᠰᠢᠮᠳᠠᠭᠤᠯᠤᠨ ᠪᠠᠢ᠌ᠴᠠᠭ᠋ᠠᠪᠠ
 
            