ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠠᠶᠠᠨᠴᠠᠭ᠋ᠠᠨ᠎ᠠᠴᠠ ᠶᠦᠩ᠎ᠲᠠᠢ ᠭᠦᠩ ᠬᠥᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢ᠍ᠯ᠎ᠤᠨ 2025 ᠣᠨ᠎ᠤ ᠶᠡᠷᠦᠩᠬᠡᠶ᠋ᠢᠯᠡᠭᠰᠡᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2025-07-11

    7 ᠳ᠋ᠤᠭ᠋ᠠᠷ ᠰᠠᠷ᠎ᠠ ᠵᠢᠨ 8᠎ᠤ ᠡᠳᠦᠷ᠂ ᠪᠠᠶᠠᠨᠴᠠᠭ᠋ᠠᠨ᠎ᠠᠴᠠ ᠶᠦᠩ᠎ᠲᠠᠢ ᠭᠦᠩ ᠬᠥᠷᠬᠦ ᠳᠡᠭᠡᠳᠦ ᠬᠤᠷᠳᠤ ᠵᠢᠨ ᠵᠠᠰᠠᠮᠠᠯ ᠵᠠᠮ ᠎ᠤᠨ ᠲᠥᠷᠥᠯ ᠵᠦᠢ᠍ᠯ᠎ᠨᠢ 2025 ᠣᠨ᠎ᠤ ᠶᠡᠷᠦᠩᠬᠡᠶ᠋ᠢᠯᠡᠭᠰᠡᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠎ᠳᠤ ᠣᠷᠣᠯᠴᠠᠭᠰᠠᠨ ᠨᠢᠭᠡᠴᠢ ᠨᠡᠶ᠋ᠢᠲᠡ 110 ᠭᠠᠷᠤᠶ ᠬᠥᠮᠦᠨ ᠲᠣᠰ ᠤᠳᠠᠭ᠋ᠠᠨ᠎ᠤ ᠰᠣᠷᠢᠯᠲᠠ᠎ᠳᠤ ᠣᠷᠣᠯᠴᠠᠪᠠ᠃  

    ᠲᠣᠰ ᠤᠳᠠᠭ᠋ᠠᠨ᠎ᠤ ᠰᠣᠷᠢᠯᠲᠠ᠎ᠳᠤ ᠵᠠᠮ ᠬᠠᠷᠢᠯᠴᠠᠭ᠋ᠠᠨ᠎ᠤ ᠠᠳᠡᠯ᠂ ᠥᠨᠳᠥᠷ ᠭᠠᠵᠠᠷ᠎ᠠᠴᠠ ᠤᠨᠠᠬᠤ᠂ ᠡᠷᠭᠦᠭᠦᠯ᠎ᠤᠨ ᠰᠢᠷᠬᠠᠲᠤᠯ ᠭᠠᠷᠬᠤ ᠭᠤᠷᠪᠠᠨ ᠪᠣᠳᠠᠲᠤ ᠪᠠᠶ᠋ᠢᠯᠳᠤᠭ᠋ᠠᠨ᠎ᠤ ᠲᠥᠷᠥᠯ ᠵᠦᠢ᠍ᠯ ᠳᠣᠭᠢᠷᠠᠭᠤᠯᠵᠤ᠂ ᠭᠡᠨᠡᠳᠲᠡ ᠵᠢᠨ ᠬᠡᠷᠡᠭ᠎ᠲᠠᠬᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠯᠣᠭᠤᠳᠣᠯᠭ᠎ᠠ᠂ ᠬᠠᠮᠲᠤᠷᠠᠨ ᠬᠠᠮᠵᠢᠯᠴᠠᠬᠤ ᠪᠠ ᠲᠤᠬᠠᠶ ᠵᠢᠨ ᠲᠠᠯᠠᠪᠠᠢ᠎ᠳᠤ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠪᠡ᠃ ᠰᠣᠷᠢᠯᠲᠠ ᠵᠢᠨ ᠲᠤᠬᠠᠢ ᠵᠢᠨ ᠲᠠᠯᠠᠪᠠᠢ᠎ᠳᠤ᠂ ᠡᠯ᠎ᠡ ᠪᠣᠯᠪᠠᠰᠤᠷᠠᠯ᠎ᠳᠤ ᠣᠷᠣᠯᠴᠠᠭᠰᠠᠳ ᠦᠳᠲᠡᠷ ᠲᠦᠷᠭᠡᠨ ᠴᠤᠤᠷᠢᠶᠠᠲᠤᠨ ᠳᠠᠭ᠋ᠠᠵᠤ᠂ ᠭᠤᠭᠴᠤᠭ᠎ᠠ ᠵᠢ ᠨᠢᠭᠲᠠ ᠬᠤᠯᠪᠣᠯᠳᠤᠵᠤ᠂ ᠡᠮᠬᠢ ᠴᠡᠭᠴᠡ᠎ᠲᠠᠢ ᠪᠠᠶ᠋ᠢᠵᠤ᠂ ᠤᠷᠢᠳᠴᠢᠯᠠᠨ ᠪᠡᠯᠡᠳᠭᠡᠵᠦ᠂ ᠦᠨᠡᠨ ᠪᠣᠳᠠᠲᠠᠢ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ᠎ᠳᠤ ᠪᠠᠲᠤ ᠪᠠᠬᠢ ᠰᠠᠭᠤᠷᠢ ᠵᠢ ᠲᠠᠯᠪᠢᠭᠰᠠᠨ ᠪᠠᠶ᠋ᠢᠨ᠎ᠠ᠃

   

    ᠪᠠᠶᠠᠨᠴᠠᠭ᠋ᠠᠨ᠎ᠠᠴᠠ ᠶᠦᠩ᠎ᠲᠠᠢ ᠭᠦᠩ ᠬᠥᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠲᠥᠷᠥᠯ ᠵᠦᠢ᠍ᠯ᠎ᠨᠢ ᠲᠣᠰ ᠤᠳᠠᠭ᠋ᠠᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢ ᠡᠳᠦᠷ ᠲᠤᠲᠤᠮ᠎ᠤᠨ ᠠᠵᠢᠯ᠎ᠢ ᠰᠢᠯᠭ᠋ᠠᠨ ᠪᠠᠶ᠋ᠢᠴᠠᠭ᠋ᠠᠬᠤ ᠴᠢᠬᠤᠯᠠ ᠠᠷᠭ᠎ᠠ ᠪᠠᠷᠢᠯ ᠪᠣᠯᠭ᠋ᠠᠵᠤ᠂ ᠠᠰᠠᠭᠤᠳᠠᠯ᠎ᠢ ᠢᠯᠡᠷᠡᠭᠦᠯᠵᠦ᠂ ᠬᠦᠷᠦᠯᠴᠡᠬᠦ ᠥᠬᠡᠶ ᠲᠠᠯ᠎ᠠ᠎ᠪᠠᠨ ᠬᠠᠯᠠᠨ ᠰᠠᠢ᠌ᠵᠢᠷᠠᠭᠤᠯᠤᠨ᠎ᠠ᠃ ᠰᠣᠷᠢᠯᠲᠠ᠎ᠪᠠᠷ ᠳᠠᠮᠵᠢᠭᠤᠯᠤᠨ᠂ ᠪᠥᠬᠦ ᠠᠵᠢᠯᠲᠠᠨ᠎ᠤ ᠠᠮᠤᠷ ᠲᠦᠪᠰᠢᠨ ᠬᠢᠭᠡᠳ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠤᠬᠠᠮᠰᠠᠷ᠎ᠢ ᠴᠢᠩᠭ᠋ᠠᠳᠬᠠᠵᠤ᠂ 《ᠬᠥᠮᠦᠨ ᠪᠦᠬᠦᠨ ᠠᠮᠤᠷ ᠲᠦᠪᠰᠢᠨ᠎ᠢ ᠡᠷᠬᠢᠮᠯᠡᠬᠦ᠂ ᠬᠥᠮᠦᠨ ᠪᠦᠬᠦᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠴᠢᠳᠠᠬᠤ》 ᠠᠭᠤᠷ ᠠᠮᠢᠰᠬᠤᠯ᠎ᠢ ᠪᠣᠶ ᠪᠣᠯᠭ᠋ᠠᠬᠤ ᠵᠢᠨ ᠬᠠᠮᠲᠤ ᠰᠣᠷᠢᠯᠲᠠ᠎ᠪᠠᠷ ᠠᠵᠠ ᠲᠣᠬᠢᠶᠠᠯ ᠪᠣᠯᠭ᠋ᠠᠵᠤ᠂ ᠲᠣᠭᠲᠠᠴᠠ᠎ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠬᠢᠷᠢ ᠲᠦᠪᠰᠢᠨ ᠵᠶ᠋ᠠᠨ ᠳᠡᠭᠡᠭᠰᠢᠯᠡᠭᠦᠯᠦᠨ᠎ᠡ᠃      (ᠹᠠᠨ ᠢᠦᠢ ᠳ᠋ᠧ)    

     

          

ᠢᠷᠡᠯᠲᠡ᠄ ᠥᠪᠥᠷ ᠮᠣᠩᠭᠤᠯ᠎ᠤᠨ ᠾᠧᠩ ᠰᠢᠨ ᠵᠠᠰᠠᠮᠠᠯ ᠵᠠᠮ᠎ᠤᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ
          
ᠬᠠᠮᠢᠶ᠎ᠡ ᠪᠦᠬᠦᠢ ᠰᠣᠨᠢᠨ
ᠪᠤᠭᠤᠲᠤ᠄ ᠲᠡᠮᠦᠷ ᠵᠠᠮ ᠳᠠᠭ᠋ᠠᠤ ᠵᠢᠨ ᠠᠮᠤᠷ ᠲᠦᠪᠰᠢᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠢ ᠦᠷᠨᠢᠭᠦᠯᠪᠡ
 
            