7 ᠳ᠋ᠤᠭ᠋ᠠᠷ ᠰᠠᠷ᠎ᠠ ᠵᠢᠨ 11᠎ᠤ ᠡᠳᠦᠷ᠂ ᠬᠡᠲᠦ ᠤᠷᠲᠤ ᠰᠠᠯᠬᠢᠨ ᠬᠦᠴᠦᠨ᠎ᠤ ᠮᠠᠰᠢᠨ᠎ᠤ ᠲᠠᠯᠪᠢ ᠲᠡᠭᠡᠭᠡᠭᠰᠡᠨ ᠨᠢᠭᠡ ᠲᠡᠭᠡᠭᠡᠪᠦᠷᠢ ᠵᠢᠨ ᠲᠡᠷᠭᠡ S24 ᠰᠢᠩ ᠾᠧ᠎ᠠᠴᠠ ᠪᠠᠯᠭᠤᠨ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠪᠠᠯᠭᠤᠨ ᠪᠣᠯᠤᠨ ᠪᠡᠭᠡᠵᠢᠩ᠎ᠠᠴᠠ ᠲᠥᠪᠡᠳ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠬᠠᠷᠢᠯᠴᠠᠨ ᠨᠡᠪᠲᠡᠷᠡᠬᠦ ᠶᠡᠭᠡ ᠬᠥᠭᠦᠷᠭᠡ ᠵᠢ ᠥᠩᠭᠡᠷᠡᠬᠦ ᠦᠶ᠎ᠡ᠎ᠳᠤ᠂ ᠲᠠᠯᠪᠢ ᠵᠢᠨ ᠣᠷᠳᠣᠨ᠎ᠢ ᠵᠠᠮ ᠨᠡᠪᠲᠡᠷᠡᠯᠭᠡ ᠵᠢᠨ ᠲᠦᠢ᠍ᠯ᠎ᠠᠴᠠ ᠬᠡᠲᠦᠷᠡᠭᠰᠡᠨ ᠪᠣᠯᠬᠤᠷ ᠲᠡᠷᠭᠡ ᠬᠥᠰᠬᠡ ᠬᠠᠰᠢᠭᠳᠠᠵᠤ ᠦᠷᠬᠦᠯᠵᠢᠯᠡᠨ ᠶᠠᠪᠤᠵᠤ ᠳᠡᠶ᠋ᠢᠯᠬᠦ ᠥᠬᠡᠶ ᠪᠣᠯᠤᠭᠰᠠᠨ ᠪᠠᠶ᠋ᠢᠨ᠎ᠠ᠃ ᠣᠷᠳᠣᠰ ᠬᠤᠲᠠ ᠵᠢᠨ ᠵᠠᠮ ᠠᠷᠠᠴᠢᠯᠠᠨ ᠬᠠᠮᠠᠭ᠋ᠠᠯᠠᠬᠤ ᠦᠢ᠍ᠯᠡᠴᠢᠯᠡᠭᠡᠨ᠎ᠤ ᠲᠥᠪ᠎ᠤᠨ ᠬᠠᠩᠭᠢᠨ ᠵᠠᠰᠠᠮᠠᠯ ᠵᠠᠮ᠎ᠤᠨ ᠠᠵᠢᠯ᠎ᠤᠨ ᠲᠣᠭᠤᠷᠢᠭ ᠲᠤᠰᠠᠯᠠᠮᠵᠢ ᠭᠤᠶᠤᠴᠢᠯᠠᠬᠤ ᠤᠲᠠᠰᠤ ᠵᠢ ᠣᠯᠤᠭᠰᠠᠨ᠎ᠤ ᠳᠠᠷᠠᠭ᠎ᠠ᠂ ᠬᠠᠲᠤᠨ ᠭᠤᠤᠯ ᠳᠠᠭ᠋ᠠᠤ ᠵᠢᠨ ᠵᠠᠮ ᠬᠠᠷᠢᠯᠴᠠᠭ᠋ᠠᠨ᠎ᠤ ᠴᠠᠭᠳᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠤᠯᠢ ᠬᠡᠷᠡᠭᠵᠢᠭᠦᠯᠬᠦ ᠶᠡᠭᠡ ᠠᠩᠭᠢ᠎ᠲᠠᠢ ᠭᠤᠷᠪᠠᠨ ᠲᠠᠯ᠎ᠠ ᠵᠢᠨ ᠬᠤᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠦᠳᠲᠡᠷ ᠲᠦᠷᠭᠡᠨ ᠡᠬᠢᠯᠡᠭᠦᠯᠵᠦ᠂ ᠬᠠᠰᠢᠭᠳᠠᠭᠰᠠᠨ ᠲᠡᠷᠭᠡ ᠬᠥᠰᠬᠡ᠎ᠳᠤ ᠪᠠᠴᠢᠮ ᠲᠤᠰᠠᠯᠠᠮᠵᠢ ᠦᠵᠡᠭᠦᠯᠪᠡ᠃ ᠥᠨᠳᠥᠷ ᠪᠦᠲᠦᠮᠵᠢᠲᠡᠶ ᠬᠠᠮᠵᠢᠯᠴᠠᠭ᠎ᠠ᠎ᠪᠠᠷ ᠳᠠᠮᠵᠢᠨ᠂ ᠲᠡᠭᠡᠭᠡᠪᠦᠷᠢ ᠵᠢᠨ ᠲᠡᠷᠭᠡ ᠬᠥᠰᠬᠡ ᠵᠢᠨ ᠠᠮᠤᠷ ᠲᠦᠪᠰᠢᠨ ᠵᠶ᠋ᠠᠷ ᠨᠡᠪᠲᠡᠷᠡᠬᠦ ᠵᠢ ᠠᠮᠵᠢᠯᠲᠠ᠎ᠲᠠᠢ ᠪᠠᠲᠤᠯᠠᠪᠠ᠃

ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠠᠮ ᠬᠠᠷᠢᠯᠴᠠᠭ᠋ᠠᠨ᠎ᠤ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠵᠢ ᠬᠡᠷᠡᠭᠵᠢᠭᠦᠯᠦᠭᠰᠡᠨ᠎ᠤ ᠳᠠᠷᠠᠭ᠎ᠠ᠂ ᠬᠠᠩᠭᠢᠨ ᠵᠠᠰᠠᠮᠠᠯ ᠵᠠᠮ᠎ᠤᠨ ᠪᠠᠷᠢᠯᠭ᠎ᠠ ᠵᠢᠨ ᠲᠣᠭᠤᠷᠢᠭ᠎ᠤᠨ ᠠᠷᠠᠴᠢᠯᠠᠨ ᠬᠠᠮᠠᠭ᠋ᠠᠯᠠᠬᠤ ᠠᠵᠢᠯᠲᠠᠳ ᠠᠪᠤᠷᠠᠨ ᠲᠤᠰᠠᠯᠠᠬᠤ ᠠᠵᠢᠯ᠎ᠢ ᠦᠳᠲᠡᠷ ᠲᠦᠷᠭᠡᠨ ᠥᠷᠨᠢᠭᠦᠯᠵᠦ᠂ ᠲᠥᠪ᠎ᠤᠨ ᠲᠤᠰᠠᠭ᠋ᠠᠷᠯᠠᠬᠤ ᠪᠦᠰᠡ ᠵᠢᠨ ᠬᠠᠯᠬᠠᠪᠴᠢ ᠬᠡᠷᠡᠰᠬᠡ ᠵᠢ ᠲᠦᠷ ᠴᠠᠭ ᠨᠤᠷᠠᠭ᠋ᠠᠵᠤ᠂ ᠲᠡᠭᠡᠭᠡᠪᠦᠷᠢ ᠵᠢᠨ ᠲᠡᠷᠭᠡ ᠬᠥᠰᠬᠡ ᠵᠢᠨ ᠬᠦᠴᠢᠷᠳᠡᠯ᠎ᠠᠴᠠ ᠤᠷᠤᠭᠰᠢᠲᠠᠶ ᠠᠩᠭᠢᠵᠢᠷᠠᠬᠤ ᠵᠢ ᠦᠨᠡᠨ ᠬᠦ᠌ ᠪᠠᠲᠤᠯᠠᠪᠠ; ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠲᠤᠬᠠᠶ ᠵᠢᠨ ᠲᠠᠯᠠᠪᠤᠷ᠎ᠲᠤ ᠵᠠᠮ ᠬᠠᠷᠢᠯᠴᠠᠭ᠎ᠠ ᠵᠢ ᠵᠢᠭ᠋ᠠᠨ ᠵᠢᠯᠣᠭᠤᠳᠬᠤ ᠵᠢ ᠬᠠᠷᠢᠭᠤᠴᠠᠵᠤ᠂ ᠰᠡᠷᠡᠮᠵᠢᠯᠡᠭᠦᠯᠬᠦ ᠲᠡᠮᠳᠡᠭ ᠲᠠᠯᠪᠢᠵᠤ᠂ ᠨᠠᠭ᠋ᠠᠰᠢ ᠴᠠᠭ᠋ᠠᠰᠢ ᠥᠩᠭᠡᠷᠡᠬᠦ ᠲᠡᠷᠭᠡ ᠬᠥᠰᠬᠡ ᠵᠢ ᠠᠮᠤᠷ ᠲᠦᠪᠰᠢᠨ ᠵᠶ᠋ᠠᠷ ᠲᠣᠭᠤᠷᠢᠨ ᠶᠠᠪᠤᠬᠤ ᠵᠢ ᠦᠨᠡᠨ ᠬᠦ᠌ ᠪᠠᠲᠤᠯᠠᠪᠠ; ᠬᠠᠤᠯᠢ ᠬᠡᠷᠡᠭᠵᠢᠭᠦᠯᠬᠦ ᠶᠡᠭᠡ ᠠᠩᠭᠢ᠎ᠨᠢ ᠪᠠᠷᠢᠯᠭ᠎ᠠ ᠵᠢᠨ ᠣᠷᠣᠨ᠎ᠳᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠬᠢᠵᠦ᠂ ᠬᠤᠯᠪᠣᠭᠳᠠᠯ ᠦᠭᠡᠢ ᠬᠥᠮᠦᠰ᠎ᠤᠨ ᠣᠷᠣᠵᠤ ᠢᠷᠡᠬᠦ ᠵᠢ ᠰᠡᠷᠭᠡᠶ᠋ᠢᠯᠡᠪᠡ᠃ ᠭᠤᠷᠪᠠᠨ ᠲᠠᠯ᠎ᠠ᠎ᠪᠠᠷ ᠵᠶ᠋ᠠᠨ ᠨᠢᠭᠲᠠ ᠬᠠᠮᠵᠢᠯᠴᠠᠵᠤ᠂ ᠠᠷᠠᠴᠢᠯᠠᠨ ᠬᠠᠮᠠᠭ᠋ᠠᠯᠠᠬᠤ ᠠᠵᠢᠯᠲᠠᠨ᠎ᠤ ᠪᠠᠷᠢᠯᠭ᠎ᠠ ᠵᠢᠨ ᠠᠵᠢᠯ ᠬᠢᠬᠦ ᠠᠮᠤᠷ ᠲᠦᠪᠰᠢᠨ᠎ᠢ ᠪᠥᠬᠦ ᠬᠦᠴᠦᠨ ᠵᠶ᠋ᠠᠷ ᠵᠶ᠋ᠠᠨ ᠪᠠᠲᠤᠯᠠᠪᠠ᠃

3 ᠴᠠᠭ᠎ᠤᠨ ᠪᠠᠴᠢᠮ ᠠᠪᠤᠷᠠᠯᠲᠠ᠎ᠪᠠᠷ ᠳᠠᠮᠵᠢᠨ᠂ ᠲᠣᠮᠣ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠲᠤᠰ ᠡᠳᠦᠷ᠎ᠤᠨ ᠦᠳᠡ ᠵᠢᠨ 12 ᠴᠠᠭ᠎ᠲᠤ ᠠᠮᠵᠢᠯᠲᠠ᠎ᠲᠠᠢ᠎ᠪᠠᠷ ᠬᠦᠴᠢᠷᠳᠡᠯ᠎ᠠᠴᠠ ᠠᠩᠭᠢᠵᠢᠷᠠᠵᠤ ᠵᠠᠮ ᠨᠡᠪᠲᠡᠷᠡᠪᠡ᠃ ᠲᠣᠰ ᠤᠳᠠᠭ᠋ᠠᠨ᠎ᠤ ᠠᠪᠤᠷᠠᠨ ᠲᠤᠰᠠᠯᠠᠬᠤ ᠠᠵᠢᠯᠯᠠᠭ᠎ᠠ ᠳᠤᠮᠳᠠ᠂ ᠭᠤᠷᠪᠠᠨ ᠲᠠᠯ᠎ᠠ ᠵᠢᠨ ᠬᠤᠯᠪᠣᠭ᠋ᠠᠯᠠᠨ ᠬᠥᠳᠡᠯᠦᠯᠴᠡᠬᠦ ᠲᠣᠭᠲᠠᠴᠠ ᠵᠢᠨ ᠥᠨᠳᠥᠷ ᠪᠦᠲᠦᠮᠵᠢᠲᠡᠶ ᠠᠵᠢᠯᠯᠠᠭ᠎ᠠ᠎ᠨᠢ ᠲᠡᠭᠡᠭᠡᠪᠦᠷᠢ ᠵᠢᠨ ᠲᠡᠷᠭᠡ ᠬᠥᠰᠬᠡ ᠵᠢᠨ ᠠᠮᠤᠷ ᠲᠦᠪᠰᠢᠨ ᠵᠶ᠋ᠠᠷ ᠨᠡᠪᠲᠡᠷᠡᠬᠦ ᠵᠢ ᠪᠠᠲᠤᠯᠠᠭᠰᠠᠨ ᠵᠶ᠋ᠠᠷ ᠪᠠᠷᠠᠬᠤ ᠥᠬᠡᠶ᠂ ᠪᠠᠰᠠ ᠵᠠᠮ ᠬᠠᠷᠢᠯᠴᠠᠭ᠎ᠠ ᠲᠠᠰᠤᠯᠳᠠᠭᠰᠠᠨ᠎ᠠᠴᠠ ᠪᠣᠯᠵᠣ ᠨᠠᠩ ᠶᠡᠭᠡ ᠬᠤᠬᠢᠷᠠᠯ ᠤᠴᠠᠷᠠᠭᠤᠯᠬᠤ᠎ᠠᠴᠠ ᠵᠠᠶ᠋ᠢᠯᠠᠰᠬᠢᠭᠰᠡᠨ ᠪᠠᠶ᠋ᠢᠨ᠎ᠠ᠃ ( ᠦ᠋ ᠪᠢᠨ )