ᠪᠤᠭᠤᠲᠤ᠎ᠠᠴᠠ ᠢᠷᠭ᠋ᠠᠶ ᠬᠦᠷᠬᠦ ᠳᠡᠭᠡᠳᠤ ᠬᠤᠷᠳᠤ ᠵᠢᠨ ᠲᠡᠮᠦᠷ ᠵᠠᠮ᠎ᠤᠨ ᠤᠷᠤᠭᠰᠢᠲᠠᠶ ᠨᠡᠪᠲᠡᠷᠡᠵᠦ ᠡᠵᠡᠩᠨᠡᠬᠦ ᠵᠢ ᠪᠠᠲᠤᠯᠠᠬᠤ ᠵᠢᠨ ᠲᠥᠯᠥᠭᠡ᠂ ᠪᠤᠭᠤᠲᠤ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠬᠠᠮᠢᠶ᠎ᠠ ᠪᠥᠬᠥᠶ ᠭᠠᠵᠠᠷ ᠣᠷᠣᠨ᠂ ᠬᠣᠲᠠ ᠵᠢᠨ ᠰᠢᠭᠤᠳ ᠬᠠᠷᠢᠶ᠎ᠠ ᠨᠢᠭᠡᠴᠢ ᠪᠣᠯᠤᠨ ᠲᠡᠮᠦᠷ ᠵᠠᠮ᠎ᠤᠨ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠤᠨ ᠵᠣᠬᠢᠴᠠᠭᠤᠯᠵᠤ ᠲᠡᠮᠦᠷ ᠵᠠᠮ ᠳᠠᠭ᠋ᠠᠤ ᠵᠢᠨ ᠠᠮᠤᠷ ᠲᠦᠪᠰᠢᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠢ ᠪᠥᠬᠥ ᠲᠠᠯ᠎ᠠ᠎ᠪᠠᠷ ᠥᠷᠨᠢᠭᠦᠯᠵᠦ᠂ 《ᠪᠦᠬᠦᠨ᠎ᠢ ᠬᠠᠮᠤᠷᠬᠤ》 ᠡᠷᠴᠢᠮ ᠵᠶ᠋ᠡᠷ ᠲᠡᠮᠦᠷ ᠵᠠᠮ᠎ᠤᠨ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠱᠤᠭᠤᠮ᠎ᠢ ᠪᠥᠬᠥ ᠬᠦᠴᠦᠨ ᠵᠶ᠋ᠡᠷ ᠪᠡᠬᠢᠵᠢᠭᠦᠯᠪᠡ᠃

ᠲᠤᠰᠬᠠᠢ ᠰᠡᠳᠦᠪᠲᠦ ᠬᠤᠷᠠᠯ᠎ᠢ ᠵᠣᠬᠢᠶᠠᠨ ᠪᠠᠢ᠌ᠭᠤᠯᠵᠤ᠂ ᠲᠤᠰᠬᠠᠢ ᠲᠥᠯᠥᠪᠯᠡᠭᠡ ᠵᠢ ᠲᠣᠭᠲᠠᠭ᠋ᠠᠪᠠ
ᠲᠣᠰ ᠲᠣᠪᠴᠢᠶ᠎ᠠ ᠣᠯᠠᠨ ᠤᠳᠠᠭ᠎ᠠ ᠲᠦᠷᠦᠭᠦᠯᠡᠨ ᠲᠤᠰᠬᠠᠶ ᠰᠡᠳᠦᠪᠲᠦ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠪᠥᠬᠥ ᠬᠣᠲᠠ ᠵᠢᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ ᠴᠡᠭᠴᠡᠯᠡᠨ ᠵᠠᠰᠠᠬᠤ ᠲᠥᠰᠦᠯ ᠲᠣᠭᠲᠠᠭ᠋ᠠᠵᠤ᠂ ᠠᠵᠢᠯ᠎ᠤᠨ ᠡᠭᠦᠷᠭᠡ᠎ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠪᠡᠶᠡᠯᠡᠭᠦᠯᠬᠦ ᠴᠠᠭ᠎ᠤᠨ ᠬᠢᠵᠠᠭ᠋ᠠᠷ᠎ᠢ ᠲᠣᠳᠣᠷᠬᠠᠢ᠌ᠯᠠᠵᠤ᠂ ᠠᠵᠢᠯ᠎ᠤᠨ ᠱᠠᠭ᠋ᠠᠷᠳᠠᠯᠭ᠎ᠠ ᠳᠤᠷᠠᠳᠴᠤ᠂ ᠵᠠᠮ ᠳᠠᠭ᠋ᠠᠤ ᠵᠢᠨ ᠴᠡᠭᠴᠡᠯᠡᠨ ᠵᠠᠰᠠᠬᠤ ᠠᠵᠢᠯ᠎ᠢ ᠥᠷᠨᠢᠭᠦᠯᠬᠦ᠎ᠳᠤ ᠲᠦᠷᠢᠮ᠎ᠤᠨ ᠪᠠᠲᠤᠯᠠᠭ᠎ᠠ ᠬᠠᠩᠭ᠋ᠠᠪᠠ᠃ 《ᠭᠠᠷᠠᠭ ᠵᠶ᠋ᠠᠷ ᠲᠣᠬᠢᠷᠠᠭᠤᠯᠵᠤ᠂ ᠰᠠᠷ᠎ᠠ᠎ᠪᠠᠷ ᠮᠡᠳᠡᠭᠳᠡᠬᠦ》 ᠠᠵᠢᠯ᠎ᠤᠨ ᠲᠣᠭᠲᠠᠴᠠ ᠵᠢ ᠪᠠᠢ᠌ᠭᠤᠯᠤᠨ᠂ 20 ᠭᠠᠷᠤᠶ ᠤᠳᠠᠭ᠎ᠠ ᠲᠤᠬᠠᠶ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠵᠤ᠂ ᠴᠡᠭᠴᠡᠯᠡᠨ ᠵᠠᠰᠠᠬᠤ ᠠᠵᠢᠯ᠎ᠤᠨ ᠠᠬᠢᠴᠠ ᠵᠢ ᠴᠠᠭ ᠲᠤᠬᠠᠶ᠎ᠳᠤᠨᠢ ᠡᠵᠡᠮᠰᠢᠨ᠂ ᠠᠵᠢᠯ᠎ᠢ ᠲᠦᠯᠬᠢᠨ ᠠᠬᠢᠭᠤᠯᠬᠤ ᠶᠠᠪᠤᠴᠠ᠎ᠳᠤ ᠲᠤᠯᠭ᠋ᠠᠷᠠᠭᠰᠠᠨ ᠬᠦᠴᠢᠷ ᠠᠰᠠᠭᠤᠳᠠᠯ᠎ᠢ ᠴᠠᠭ ᠲᠤᠬᠠᠶ᠎ᠳᠤᠨᠢ ᠵᠣᠬᠢᠴᠠᠭᠤᠯᠤᠨ ᠰᠢᠢᠳᠪᠦᠷᠢᠯᠡᠵᠦ᠂ ᠴᠡᠭᠴᠡᠯᠡᠨ ᠵᠠᠰᠠᠬᠤ ᠠᠵᠢᠯ᠎ᠤᠨ ᠡᠮᠬᠢ ᠵᠢᠷᠤᠮ᠎ᠲᠠᠢ ᠦᠷᠨᠢᠭᠦᠯᠬᠦ ᠵᠢ ᠪᠠᠲᠤᠯᠠᠪᠠ᠃


ᠪᠦᠬᠦ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ᠂ ᠭᠣᠣᠯᠳᠠᠯᠭ᠎ᠠ᠎ᠲᠠᠢ ᠴᠡᠭᠴᠡᠯᠡᠨ ᠵᠠᠰᠠᠪᠠ
ᠡᠭᠦᠨ᠎ᠤ ᠬᠠᠮᠲᠤ᠂ 《ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ᠂ ᠭᠣᠤᠯᠳᠠᠯᠭ᠎ᠠ᠎ᠲᠠᠢ ᠴᠡᠭᠴᠡᠯᠡᠨ ᠵᠠᠰᠠᠬᠤ》 ᠵᠠᠷᠴᠢᠮ ᠶᠤᠰᠤ᠎ᠪᠠᠷ᠂ ᠪᠤᠭᠤᠲᠤ᠎ᠠᠴᠠ ᠢᠷᠭ᠋ᠠᠶ ᠬᠦᠷᠬᠦ ᠳᠡᠭᠡᠳᠦ ᠬᠤᠷᠳᠤ ᠵᠢᠨ ᠲᠡᠮᠦᠷ ᠵᠠᠮ ᠳᠠᠭ᠋ᠠᠤ᠎ᠳᠤ 《ᠲᠣᠤᠷ ᠲᠠᠲᠠᠬᠤ ᠮᠠᠶᠢᠭ》᠎ᠤᠨ ᠵᠢᠭᠰᠠᠭ᠋ᠠᠨ ᠪᠠᠢ᠌ᠴᠠᠭ᠋ᠠᠯᠲᠠ ᠬᠢᠵᠦ᠂ ᠵᠠᠮ ᠳᠠᠭ᠋ᠠᠤ ᠵᠢᠨ ᠬᠠᠲᠠᠭᠤ ᠬᠥᠪᠦᠮᠡᠯ ᠪᠣᠳᠠᠰ᠂ ᠬᠤᠳᠳᠤᠭ᠂ ᠬᠥᠩᠭᠡᠨ ᠬᠥᠪᠦᠮᠡᠯ ᠪᠣᠳᠠᠰ᠂ ᠲᠣᠰᠣ ᠬᠡᠶ ᠵᠢᠨ ᠬᠣᠭᠣᠯᠠᠶ ᠤᠲᠠᠰᠤ ᠵᠡᠷᠭᠡ᠎ᠳᠤ ᠭᠣᠤᠯᠳᠠᠯᠭ᠎ᠠ᠎ᠲᠠᠢ ᠨᠠᠷᠢᠨ ᠪᠠᠢ᠌ᠴᠠᠭ᠋ᠠᠯᠲᠠ ᠬᠢᠪᠡ᠃ ᠣᠲᠣ ᠪᠣᠯᠲᠠᠯ᠎ᠠ᠂ ᠡᠯ᠎ᠡ ᠲᠥᠷᠥᠯ᠎ᠤᠨ ᠠᠮᠤᠷ ᠲᠦᠪᠰᠢᠨ᠎ᠤ ᠳᠠᠯᠳᠠ ᠬᠡᠮ᠎ᠤᠨ ᠬᠥᠮᠥᠷᠭᠡ ᠵᠢ ᠨᠡᠢ᠌ᠲᠡ 5 ᠲᠥᠷᠥᠯ 518 ᠪᠠᠢ᠌ᠴᠠᠭ᠋ᠠᠨ ᠭᠠᠷᠭ᠋ᠠᠪᠠ᠃ ᠵᠢᠭᠰᠠᠭ᠋ᠠᠨ ᠪᠠᠢ᠌ᠴᠠᠭ᠋ᠠᠵᠤ ᠭᠠᠷᠭ᠋ᠠᠭᠰᠠᠨ ᠳᠠᠯᠳᠠ ᠭᠡᠮ᠎ᠳᠤ ᠴᠢᠭᠯᠡᠭᠦᠯᠦᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠬᠤ ᠠᠷᠭ᠎ᠠ ᠮᠠᠶᠢᠭ᠎ᠢ ᠠᠪᠴᠤ᠂ ᠨᠢᠭᠡᠨᠲᠡ 225 ᠵᠢ᠎ᠨᠢ ᠴᠡᠭᠴᠡᠯᠡᠨ ᠰᠠᠢ᠌ᠵᠢᠷᠠᠭᠤᠯᠪᠠ᠃ ᠡᠭᠦᠨ᠎ᠤ᠎ᠳᠤ ᠬᠠᠮᠲᠤ ᠳᠠᠯᠳᠠ ᠭᠡᠮ᠎ᠤᠨ ᠡᠬᠡ ᠳᠠᠩᠰᠠ ᠵᠢ ᠪᠠᠢ᠌ᠭᠤᠯᠵᠤ᠂ ᠳᠠᠯᠳᠠ ᠭᠡᠮ᠎ᠤᠨ ᠠᠰᠠᠭᠤᠳᠠᠯ᠎ᠢ ᠨᠢᠭᠡᠳ ᠨᠢᠭᠡ᠎ᠪᠠᠷ ᠳ᠋ᠤᠭ᠋ᠠᠷᠯᠠᠨ ᠳᠠᠩᠰᠠᠯᠠᠵᠤ᠂ ᠳᠠᠯᠳᠠ ᠭᠡᠮ᠎ᠤᠨ ᠲᠥᠷᠥᠯ ᠬᠡᠯᠪᠡᠷᠢ᠂ ᠪᠣᠳᠠᠲᠠᠶ ᠣᠷᠣᠨ ᠪᠠᠢ᠌ᠷᠢ᠂ ᠬᠠᠷᠢᠭᠤᠴᠠᠯᠭ᠎ᠠ ᠵᠢᠨ ᠭᠣᠤᠯ ᠴᠣᠭᠴᠠ ᠪᠣᠯᠤᠨ ᠴᠡᠭᠴᠡᠯᠡᠨ ᠰᠠᠢ᠌ᠵᠢᠷᠠᠭᠤᠯᠬᠤ ᠱᠠᠭ᠋ᠠᠷᠳᠠᠯᠭ᠎ᠠ ᠵᠢ ᠲᠣᠳᠣᠷᠬᠠᠢ᠌ᠯᠠᠨ᠂ ᠣᠨᠣᠴᠠᠲᠠᠢ ᠴᠡᠭᠴᠡᠯᠡᠨ ᠵᠠᠰᠠᠬᠤ᠎ᠳᠤ ᠬᠦᠴᠦᠲᠡᠶ ᠦᠨᠳᠦᠰᠦ ᠪᠠᠷᠢᠮᠲᠠ ᠬᠠᠩᠭ᠋ᠠᠪᠠ᠃

ᠤᠬᠠᠭᠤᠯᠭ᠎ᠠ ᠥᠷᠨᠢᠭᠦᠯᠵᠦ ᠵᠠᠮ ᠳᠠᠭ᠋ᠠᠤ ᠵᠢᠨ ᠣᠯᠠᠨ ᠲᠦᠮᠡᠨ᠎ᠤ ᠠᠮᠤᠷ ᠲᠦᠪᠰᠢᠨ᠎ᠤ ᠤᠬᠠᠮᠰᠠᠷ᠎ᠢ ᠳᠡᠭᠡᠭᠰᠢᠯᠡᠭᠦᠯᠪᠡ
ᠳᠡᠭᠡᠳᠦ ᠬᠤᠷᠳᠤ ᠵᠢᠨ ᠲᠡᠮᠦᠷ ᠵᠠᠮ᠎ᠤᠨ ᠠᠮᠤᠷ ᠲᠦᠪᠰᠢᠨ᠎ᠤ ᠮᠡᠳᠡᠯᠭᠡ ᠪᠠ ᠬᠠᠮᠢᠶ᠎ᠠ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠥᠷᠭᠡᠨ ᠵᠶ᠋ᠡᠷ ᠤᠬᠠᠭᠤᠯᠪᠠ᠃ ᠲᠡᠮᠦᠷ ᠵᠠᠮ᠎ᠤᠨ ᠰᠠᠯᠠᠭ᠎ᠠ ᠮᠥᠴᠢᠷ᠎ᠤᠨ ᠠᠵᠢᠯᠲᠠᠨ᠎ᠢ ᠵᠣᠬᠢᠶᠠᠨ ᠪᠠᠢ᠌ᠭᠤᠯᠤᠨ ᠵᠠᠮ ᠳᠠᠭ᠋ᠠᠤ ᠵᠢᠨ ᠨᠡᠢ᠌ᠭᠡᠮ ᠲᠣᠭᠣᠷᠢᠭ᠂ ᠠᠢ᠌ᠯ ᠲᠣᠰᠬᠣᠨ᠂ ᠠᠵᠤ ᠠᠬᠤᠢ᠌ᠯᠠᠯ᠎ᠳᠤ ᠭᠦᠨᠵᠡᠭᠡᠢ᠌ᠷᠡᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠵᠠᠮ ᠳᠠᠭ᠋ᠠᠤ ᠵᠢᠨ ᠣᠯᠠᠨ ᠲᠦᠮᠡᠨ᠎ᠤ ᠠᠮᠤᠷ ᠲᠦᠪᠰᠢᠨ᠎ᠤ ᠦᠵᠡᠯ ᠤᠬᠠᠮᠰᠠᠷ ᠪᠠ ᠬᠠᠤᠯᠢ᠎ᠪᠠᠷ ᠵᠠᠰᠠᠬᠤ ᠦᠵᠡᠯ ᠤᠬᠠᠮᠰᠠᠷ᠎ᠢ ᠳᠡᠭᠡᠭᠰᠢᠯᠡᠭᠦᠯᠦᠨ᠂ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠢ᠌ᠭ᠋ᠠᠳ ᠳᠡᠭᠡᠳᠦ ᠬᠤᠷᠳᠤ ᠵᠢᠨ ᠲᠡᠮᠦᠷ ᠵᠠᠮ ᠳᠠᠭ᠋ᠠᠤ ᠵᠢᠨ ᠠᠮᠤᠷ ᠲᠦᠪᠰᠢᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠳᠤ ᠤᠬᠠᠮᠰᠠᠷ᠎ᠠᠴᠠ᠎ᠪᠠᠨ ᠣᠷᠣᠯᠴᠠᠭᠤᠯᠬᠤ ᠪᠠ ᠳᠡᠮᠵᠢᠭᠦᠯᠵᠦ᠂ ᠳᠡᠭᠡᠳᠦ ᠬᠤᠷᠳᠤ ᠵᠢᠨ ᠲᠡᠮᠦᠷ ᠵᠠᠮ᠎ᠤᠨ ᠠᠵᠢᠯᠯᠠᠭ᠋ᠠᠨ᠎ᠤ ᠠᠮᠤᠷ ᠲᠦᠪᠰᠢᠨ᠎ᠢ ᠬᠠᠮᠲᠤ᠎ᠪᠠᠷ ᠬᠠᠮᠠᠭ᠋ᠠᠯᠠᠨ᠎ᠠ᠃