ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠠᠯᠠᠱ᠌ᠠ ᠠᠢ᠌ᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ ᠵᠤᠨ᠎ᠤ ᠤᠯᠠᠷᠢᠯ᠎ᠤᠨ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠠᠵᠢᠯ᠎ᠢ ᠣᠯᠠᠨ ᠴᠡᠭ᠎ᠠᠴᠠ ᠬᠦᠴᠦᠯᠡᠨ ᠯᠠᠪᠳᠠᠭᠤᠨ ᠪᠠᠲᠤᠲᠠᠶ ᠠᠬᠢᠭᠤᠯᠵᠤ ᠪᠠᠢ᠌ᠨ᠎ᠠ
ᠨᠡᠶ᠋ᠢᠲᠡᠯᠡᠭᠰᠡᠨ ᠴᠠᠭ᠄ 2025-07-04

    ᠣᠢ᠌ᠷ᠎ᠠ᠎ᠳᠤ᠂ ᠠᠯᠠᠱ᠌ᠠ ᠠᠶ᠋ᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ ᠬᠦᠴᠦ᠎ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ 《ᠪᠣᠳᠠᠲᠠᠶ᠂ ᠠᠶᠤᠯᠬᠦᠢ᠂ ᠨᠠᠷᠢᠯᠢᠭ᠂ ᠠᠵᠢᠯᠴᠢ》 ᠳᠥᠷᠪᠡᠨ ᠲᠠᠯ᠎ᠠ᠎ᠠᠴᠠ ᠬᠦᠴᠦᠯᠡᠵᠦ᠂ ᠵᠣᠨ᠎ᠤ ᠤᠯᠠᠷᠢᠯ᠎ᠤᠨ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠵᠣᠨ᠎ᠤ ᠤᠯᠠᠷᠢᠯ᠎ᠤᠨ ᠠᠮᠤᠷ ᠲᠦᠪᠰᠢᠨ ᠵᠶ᠋ᠡᠷ ᠦᠶᠡᠷ᠎ᠤᠨ ᠬᠤᠭᠤᠴᠠᠭ᠎ᠠ ᠵᠢ ᠥᠩᠭᠡᠷᠡᠭᠦᠯᠬᠦ ᠵᠢ ᠦᠨᠡᠨ ᠬᠦ᠌ ᠪᠠᠲᠤᠯᠠᠪᠠ᠃

    《ᠪᠣᠳᠠᠲᠠᠶ》᠎ᠪᠠᠷ ᠭᠣᠤᠯᠳᠠᠯᠭ᠎ᠠ ᠪᠣᠯᠭ᠋ᠠᠵᠤ᠂ ᠠᠷᠠᠴᠢᠯᠠᠨ ᠬᠠᠮᠠᠭ᠋ᠠᠯᠠᠬᠤ ᠪᠠᠷᠢᠯᠭ᠎ᠠ ᠵᠢ ᠠᠬᠢᠭᠤᠯᠤᠨ᠎ᠠ᠃ ᠡᠨᠡ ᠵᠢᠯ ᠦᠷᠭᠦᠯᠵᠢᠯᠡᠨ ᠪᠠᠢ᠌ᠭᠤᠯᠬᠤ᠎ᠪᠠᠷ ᠲᠥᠯᠥᠪᠯᠡᠵᠦ ᠪᠠᠢ᠌ᠭ᠎ᠠ 311 ᠮᠤᠵᠢ ᠵᠢᠨ ᠵᠠᠮ᠂ G1817 ᠦᠬᠠᠶ᠎ᠠᠴᠠ ᠢᠷᠭ᠋ᠠᠶ ᠬᠦᠷᠬᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠤᠷᠤᠭᠤ ᠶᠠᠪᠤᠬᠤ ᠱᠤᠭᠤᠮ ᠵᠡᠷᠭᠡ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠪᠠ ᠭᠠᠮᠰᠢᠭ᠎ᠢ ᠰᠡᠷᠭᠡᠢ᠌ᠯᠡᠨ ᠵᠠᠰᠠᠬᠤ ᠪᠠᠷᠢᠯᠭ᠎ᠠ ᠨᠡᠢ᠌ᠲᠡ 150.13 ᠺᠢᠯᠣᠮᠧᠲᠷ ᠪᠠᠢ᠌ᠵᠤ᠂ ᠨᠡᠢ᠌ᠲᠡ ᠪᠡᠯᠡ ᠣᠷᠣᠭᠤᠯᠤᠯᠲᠠ᠎ᠨᠢ 2.18 ᠳ᠋ᠦᠩᠰᠢᠭᠤᠷ ᠲᠥᠭᠥᠷᠢᠭ ᠪᠣᠯᠤᠨ᠎ᠠ᠃ ᠣᠳᠣᠬᠠᠨ᠎ᠳᠤ᠂ 《ᠵᠡᠷᠭᠡ᠎ᠪᠠᠷ ᠪᠠᠷᠢᠬᠤ + ᠴᠤᠪᠤᠷᠠᠭᠤᠯᠤᠨ ᠠᠵᠢᠯᠯᠠᠬᠤ》 ᠵᠠᠭᠪᠤᠷ᠎ᠢ ᠬᠡᠷᠡᠭᠯᠡᠨ᠂ ᠪᠠᠷᠢᠯᠭ᠎ᠠ ᠵᠢᠨ ᠪᠥᠲᠥᠭᠡᠨ ᠪᠠᠢ᠌ᠭᠤᠯᠤᠯᠲᠠ ᠵᠢ ᠵᠡᠷᠭᠡ᠎ᠪᠠᠷ ᠳᠥᠯᠭᠢᠨ ᠠᠬᠢᠭᠤᠯᠵᠤ᠂ ᠨᠢᠭᠡᠨᠲᠡ 1.1 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠪᠡ᠃

    《ᠠᠶᠤᠯᠬᠦᠢ》᠎ᠪᠠᠷ ᠭᠣᠤᠯ ᠪᠣᠯᠭ᠋ᠠᠵᠤ᠂ ᠭᠡᠮ᠎ᠤᠨ ᠬᠥᠨᠥᠭᠡᠯ᠎ᠢ ᠰᠢᠢᠳᠪᠦᠷᠢᠯᠡᠬᠦ ᠠᠵᠢᠯ᠎ᠢ ᠰᠠᠢ᠌ᠲᠤᠷ ᠠᠳᠬᠤᠨ᠎ᠠ᠃ ᠡᠮᠦᠨᠡᠬᠢ ᠬᠤᠭᠤᠴᠠᠭ᠋ᠠᠨ᠎ᠤ ᠪᠠᠢ᠌ᠴᠠᠭ᠋ᠠᠯᠲᠠ ᠵᠢᠨ ᠠᠩ ᠵᠠᠪᠰᠠᠷ᠂ ᠨᠦᠬᠡ᠂ ᠭᠦᠳᠦᠢ᠌ᠬᠦ ᠵᠡᠷᠭᠡ ᠵᠠᠰᠠᠮᠠᠯ ᠵᠠᠮ᠎ᠤᠨ ᠭᠡᠮ᠎ᠤᠨ ᠬᠥᠨᠥᠭᠡᠯ᠎ᠳᠤ 《ᠡᠷᠲᠡ ᠢᠯᠡᠷᠡᠭᠦᠯᠬᠦ᠂ ᠡᠷᠲᠡ ᠰᠢᠢᠳᠪᠦᠷᠢᠯᠡᠬᠦ》 ᠵᠠᠷᠴᠢᠮ᠎ᠢ ᠪᠠᠷᠢᠮᠲᠠᠯᠠᠨ᠂ ᠰᠢᠢᠳᠪᠦᠷᠢᠯᠡᠬᠦ ᠲᠥᠰᠦᠯ ᠲᠣᠭᠲᠠᠭ᠋ᠠᠵᠤ᠂ ᠭᠡᠮ᠎ᠤᠨ ᠬᠥᠨᠥᠭᠡᠯ᠎ᠢ ᠰᠢᠢᠳᠪᠦᠷᠢᠯᠡᠬᠦ ᠤᠷᠠᠨ ᠮᠡᠷᠭᠡᠵᠢᠯ᠎ᠢ ᠴᠢᠩᠭ᠎ᠠ ᠠᠳᠬᠤᠨ᠂ ᠵᠠᠮ᠎ᠤᠨ ᠭᠠᠳᠠᠷᠭᠤ ᠵᠢᠨ ᠪᠦᠲᠦᠴᠡ ᠵᠢᠨ ᠲᠣᠭᠲᠠᠭᠤᠨ᠂ ᠲᠡᠷᠭᠡ ᠵᠢᠯᠣᠭᠣᠳᠬᠤ ᠠᠮᠤᠷ ᠲᠦᠪᠰᠢᠨ᠎ᠢ ᠦᠨᠡᠨ ᠬᠦ᠌ ᠪᠠᠲᠤᠯᠠᠪᠠ᠃ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠥᠬᠥᠭᠡᠷᠦᠮᠵᠢ ᠳᠤᠲᠠᠭᠳᠠᠵᠤ ᠪᠠᠢ᠌ᠭ᠎ᠠ ᠠᠰᠠᠭᠤᠳᠠᠯ᠎ᠢ ᠵᠡᠷᠭᠡ᠎ᠳᠤ᠎ᠨᠢ ᠵᠠᠰᠠᠨ ᠰᠡᠷᠭᠦᠭᠡᠵᠦ᠂ ᠵᠠᠮ᠎ᠤᠨ ᠬᠠᠵᠠᠭᠤ ᠬᠥᠲᠥᠯ᠎ᠢ ᠵᠠᠰᠠᠵᠤ᠂ ᠵᠠᠮ᠎ᠤᠨ ᠪᠠᠢ᠌ᠳᠠᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠪᠡ᠃ ᠣᠳᠣᠬᠠᠨ᠎ᠳᠤ᠂ ᠤᠯᠤᠰ ᠪᠠ ᠮᠤᠵᠢ ᠵᠢᠨ ᠭᠣᠤᠯ ᠱᠤᠭᠤᠮ᠎ᠤᠨ ᠵᠠᠰᠠᠮᠠᠯ ᠵᠠᠮ᠎ᠤᠨ ᠭᠠᠳᠠᠷᠭᠤ ᠵᠢᠨ ᠴᠢᠳᠬᠤᠭᠰᠠᠨ ᠵᠠᠪᠰᠠᠷ᠎ᠢ 40.3 ᠲᠦᠮᠡᠨ ᠤᠷᠳᠤᠳᠬᠠᠯ ᠮᠧᠲᠷ ᠪᠡᠶᠡᠯᠡᠭᠦᠯᠵᠦ᠂ ᠵᠠᠮ᠎ᠤᠨ ᠭᠠᠳᠠᠷᠭᠤ ᠵᠢᠨ ᠭᠡᠮ᠎ᠤᠨ ᠬᠥᠨᠥᠭᠡᠯ᠎ᠢ 968.5 ᠲᠡᠭᠰᠢ ᠳᠥᠷᠪᠡᠯᠵᠢᠨ ᠮᠧᠲᠷ ᠰᠢᠢᠳᠪᠦᠷᠢᠯᠡᠵᠦ᠂ ᠳᠣᠯᠭᠢᠶᠠᠨ᠎ᠤ ᠬᠡᠯᠪᠡᠷᠢ ᠵᠢᠨ ᠬᠠᠯᠬᠠᠪᠴᠢ ᠬᠡᠷᠡᠰᠬᠡ ᠵᠢ 1488 ᠮᠧᠲᠷ ᠰᠡᠯᠪᠢᠨ ᠵᠠᠰᠠᠵᠤ᠂ ᠨᠢᠳᠤ ᠡᠷᠢᠶᠡᠯᠵᠡᠬᠦ ᠵᠢ ᠰᠡᠷᠭᠡᠢ᠌ᠯᠡᠬᠦ ᠲᠣᠣᠷ ᠬᠠᠪᠲᠠᠰᠤ ᠵᠢ 1380 ᠮᠧᠲᠷ ᠰᠡᠯᠪᠢᠨ ᠵᠠᠰᠠᠵᠤ ᠰᠣᠯᠢᠪᠠ᠃

    《ᠨᠠᠷᠢᠯᠢᠭ》᠎ᠢ ᠪᠠᠢ᠌ᠩᠭᠤᠵᠢᠭᠤᠯᠵᠤ᠂ ᠦᠶᠡᠷ᠎ᠢ ᠰᠡᠷᠭᠡᠢ᠌ᠯᠡᠬᠦ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠎ᠠ᠃ 《ᠬᠥᠳᠡᠯᠦᠩᠭᠦᠶ ᠲᠣᠭᠣᠷᠢᠨ ᠪᠠᠢ᠌ᠴᠠᠭ᠋ᠠᠬᠤ + ᠣᠶᠤᠨᠴᠢ ᠬᠢᠨᠠᠨ ᠰᠢᠨᠵᠢᠬᠦ》 ᠬᠣᠤᠰ ᠪᠠᠲᠤᠯᠠᠪᠤᠷᠢ ᠵᠢᠨ ᠲᠣᠭᠲᠠᠴᠠ ᠵᠢ ᠪᠠᠢ᠌ᠭᠤᠯᠵᠤ᠂ ᠲᠣᠭᠣᠷᠢᠨ ᠪᠠᠢ᠌ᠴᠠᠭ᠋ᠠᠬᠤ ᠳᠠᠪᠲᠠᠮᠵᠢ ᠤᠳᠠᠭ᠎ᠠ ᠵᠢ ᠨᠡᠮᠡᠭᠳᠡᠭᠦᠯᠦᠨ᠂ ᠬᠠᠷᠠᠭ᠋ᠠᠨ ᠳᠠᠪᠲᠠᠮᠵᠢ᠎ᠪᠠᠷ ᠬᠢᠨᠠᠨ ᠰᠢᠨᠵᠢᠬᠦ ᠲᠥᠬᠥᠭᠡᠷᠦᠮᠵᠢ ᠵᠢ ᠠᠰᠢᠭᠯᠠᠨ 307 ᠤᠯᠤᠰ᠎ᠤᠨ ᠵᠠᠮ ᠵᠡᠷᠭᠡ ᠵᠠᠮ᠎ᠤᠨ ᠬᠡᠰᠡᠭ᠎ᠤᠨ ᠤᠰᠤ ᠥᠩᠭᠡᠷᠡᠬᠦ ᠵᠠᠮ ᠭᠠᠳᠠᠷᠭᠤ ᠵᠢ 24 ᠴᠠᠭ ᠵᠶ᠋ᠠᠷ ᠬᠢᠨᠠᠨ ᠡᠵᠡᠮᠳᠡᠵᠦ᠂ ᠤᠰᠤᠨ ᠲᠦᠪᠰᠢᠨ᠎ᠤ ᠬᠤᠪᠢᠷᠠᠯᠲᠠ ᠵᠡᠷᠭᠡ ᠵᠠᠩᠭᠢᠯᠠᠭ᠎ᠠ ᠵᠢᠨ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠡᠵᠡᠮᠰᠢᠨ᠂ ᠦᠶᠡᠷ᠎ᠢ ᠰᠡᠷᠭᠡᠢ᠌ᠯᠡᠬᠦ ᠠᠵᠢᠯ᠎ᠤᠨ ᠣᠶᠤᠨᠴᠢᠯᠠᠭᠰᠠᠨ ᠬᠠᠮᠢᠶᠠᠷᠤᠯᠲᠠ ᠵᠢ ᠪᠡᠶᠡᠯᠡᠭᠦᠯᠪᠡ᠃ ᠣᠳᠣᠬᠠᠨ᠎ᠳᠤ᠂ ᠵᠠᠮ᠎ᠤᠨ ᠰᠠᠭᠤᠷᠢ ᠵᠢᠨ ᠤᠰᠤᠨ᠎ᠳᠤ ᠡᠪᠳᠡᠭᠳᠡᠭᠰᠡᠨ᠎ᠢ 340 ᠪᠣᠰᠣᠭ᠎ᠠ ᠳᠥᠷᠪᠡᠯᠵᠢᠨ ᠮᠧᠲᠷ ᠰᠢᠢ᠍ᠳᠪᠦᠷᠢᠯᠡᠵᠦ᠂ ᠵᠠᠮ᠎ᠤᠨ ᠬᠠᠵᠠᠭᠤ ᠵᠢᠨ ᠭᠤᠤ ᠵᠢ 1.3 ᠲᠦᠮᠡᠨ ᠤᠷᠲᠤᠳᠬᠠᠯ ᠮᠧᠲᠷ᠂ ᠤᠰᠤ ᠬᠣᠷᠢᠭᠯᠠᠬᠤ ᠰᠤᠪᠠᠭ᠎ᠢ 90 ᠤᠷᠲᠤᠳᠬᠠᠯ ᠮᠧᠲᠷ᠂ ᠲᠦᠷᠭᠡᠨ ᠤᠷᠤᠰᠬᠠᠯ᠎ᠤᠨ ᠰᠤᠪᠠᠭ᠎ᠢ 534 ᠵᠠᠮ᠂ ᠭᠤᠯᠳᠤᠩ᠎ᠢ 69 ᠵᠠᠮ ᠴᠡᠪᠡᠷᠯᠡᠪᠡ᠃

    《ᠠᠵᠢᠯᠴᠢ》 ᠵᠢ ᠲᠡᠷᠢᠭᠦᠨ᠎ᠳᠤ ᠲᠠᠯᠪᠢᠵᠤ᠂ ᠬᠣᠷᠢᠭᠯᠠᠭᠳᠠᠭᠰᠠᠨ ᠡᠯᠡᠰᠦ ᠵᠢ ᠰᠡᠷᠭᠡᠢ᠌ᠯᠡᠨ ᠵᠠᠰᠠᠬᠤ ᠡᠷᠴᠢᠮ᠎ᠢ ᠴᠢᠩᠭ᠋ᠠᠷᠠᠭᠤᠯᠤᠨ᠎ᠠ᠃ ᠵᠠᠰᠠᠮᠠᠯ ᠵᠠᠮ᠎ᠢ ᠲᠣᠭᠣᠷᠢᠨ ᠪᠠᠢ᠌ᠴᠠᠭ᠋ᠠᠬᠤ ᠳᠠᠪᠲᠠᠮᠵᠢ ᠤᠳᠠᠭ᠎ᠠ᠎ᠪᠠᠨ ᠨᠡᠮᠡᠭᠳᠡᠭᠦᠯᠵᠦ᠂ ᠡᠯᠡᠰᠦᠨ᠎ᠳᠤ ᠬᠣᠷᠢᠭᠯᠠᠭᠳᠠᠭᠰᠠᠨ ᠵᠠᠮ᠎ᠤᠨ ᠬᠡᠰᠡᠭ᠎ᠤᠨ ᠡᠯᠡᠰᠦ ᠬᠤᠷᠠᠭᠰᠠᠨ ᠪᠠᠢ᠌ᠳᠠᠯ᠎ᠢ ᠡᠵᠡᠮᠰᠢᠵᠦ᠂ ᠬᠡᠵᠢᠶ᠎ᠡ ᠬᠣᠷᠢᠭᠯᠠᠭᠳᠠᠪᠠᠯ ᠬᠡᠵᠢᠶ᠎ᠡ ᠴᠡᠪᠡᠷᠯᠡᠬᠦ ᠵᠢᠨ ᠬᠠᠮᠲᠤ ᠵᠠᠰᠠᠮᠠᠯ ᠵᠠᠮ᠎ᠤᠨ ᠬᠣᠶᠠᠷ ᠬᠠᠵᠠᠭᠤ᠎ᠪᠠᠷ ᠡᠯᠡᠰᠦᠨ᠎ᠤ ᠬᠠᠯᠬᠠᠪᠴᠢ ᠭᠠᠷᠭ᠋ᠠᠬᠤ᠂ ᠬᠢᠯᠪᠠᠷᠬᠠᠨ ᠡᠯᠡᠰᠦ ᠬᠤᠷᠠᠬᠤ ᠣᠷᠣᠨ᠎ᠳᠤ ᠵᠠᠭ ᠮᠣᠳᠣ ᠳᠠᠷᠢᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠡᠯᠡᠰᠦ ᠵᠢ ᠰᠡᠷᠭᠡᠢ᠌ᠯᠡᠵᠦ ᠡᠯᠡᠰᠦ ᠵᠢ ᠲᠣᠭᠲᠠᠪᠤᠷᠢᠵᠢᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠡᠭᠦᠨ᠎ᠤ ᠬᠠᠮᠲᠤ᠂ 307 ᠤᠯᠤᠰ᠎ᠤᠨ ᠵᠠᠮ᠎ᠤᠨ ᠬᠤᠸᠠᠩ ᠬᠤᠸᠠ᠎ᠠᠴᠠ ᠱᠠᠨ ᠳ᠋ᠠᠨ ᠬᠥᠷᠬᠥ ᠵᠠᠰᠠᠮᠠᠯ ᠵᠠᠮ ᠵᠡᠷᠭᠡ ᠠᠮᠠᠷᠬᠠᠨ ᠡᠯᠡᠰᠦ ᠬᠤᠷᠠᠬᠤ ᠣᠯᠠᠨ ᠵᠠᠮ᠎ᠤᠨ ᠬᠡᠰᠡᠭ᠎ᠢ ᠣᠶ ᠰᠢᠭᠤᠶ ᠵᠢᠨ ᠡᠯᠡᠰᠦᠨ᠎ᠤ ᠬᠥᠨᠥᠭᠡᠯ᠎ᠢ ᠵᠠᠰᠠᠬᠤ ᠬᠡᠪᠴᠢᠶᠡᠨ᠎ᠳᠤ ᠣᠷᠣᠭᠤᠯᠵᠤ᠂ ᠵᠠᠰᠠᠮᠠᠯ ᠵᠠᠮ᠎ᠤᠨ ᠡᠯᠡᠰᠦᠨ᠎ᠤ ᠬᠥᠨᠥᠭᠡᠯ᠎ᠢ ᠵᠠᠰᠠᠬᠤ ᠠᠵᠢᠯ᠎ᠢ ᠦᠨᠡᠨ ᠬᠦ᠌ ᠰᠠᠢ᠌ᠲᠤᠷ ᠠᠳᠬᠤᠵᠤ᠂ ᠵᠠᠰᠠᠮᠠᠯ ᠵᠠᠮ᠎ᠤᠨ ᠠᠮᠤᠷ ᠲᠦᠪᠰᠢᠨ ᠰᠠᠭ᠋ᠠᠳ ᠥᠬᠡᠶ ᠨᠡᠪᠲᠡᠷᠡᠬᠦ ᠵᠢ ᠦᠨᠡᠨ ᠬᠦ᠌ ᠪᠠᠲᠤᠯᠠᠨ᠎ᠠ᠃ 

ᠢᠷᠡᠯᠲᠡ᠄ ᠠᠯᠠᠱ᠌ᠠ ᠠᠢ᠌ᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
527 ᠮᠤᠵᠢ ᠵᠢᠨ ᠵᠠᠮ᠎ᠤᠨ ᠮᠤᠷᠢᠨᠳᠠᠪᠠᠭ᠎ᠠ ᠨᠢᠰᠬᠡᠯ᠎ᠤᠨ ᠪᠠᠭᠤᠳᠠᠯ᠎ᠤᠨ ᠵᠠᠰᠠᠮᠠᠯ ᠵᠠᠮ᠎ᠤᠨ ᠲᠦᠷᠦᠯ ᠵᠦᠢ᠍ᠯ ᠪᠦᠬᠦ ᠲᠠᠯ᠎ᠠ᠎ᠪᠠᠷ ᠠᠵᠢᠯ ᠡᠬᠢᠯᠡᠪᠡ
ᠪᠠᠶᠠᠨᠨᠠᠭᠤᠷ ᠬᠣᠲᠠ ᠵᠢᠨ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠲᠥᠪ 331 ᠤᠯᠤᠰ᠎ᠤᠨ ᠵᠠᠮ᠎ᠤᠨ ᠵᠠᠮ᠎ᠤᠨ ᠭᠠᠳᠠᠷᠭᠤ ᠵᠢ ᠰᠡᠯᠪᠢᠨ ᠵᠠᠰᠠᠬᠤ ᠠᠵᠢᠯ᠎ᠢ ᠥᠷᠨᠢᠭᠦᠯᠪᠡ
ᠬᠥᠯᠥᠨ ᠪᠣᠢ᠌ᠷ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠵᠢᠭᠤᠯᠴᠢᠯᠠᠯ᠎ᠤᠨ ᠲᠡᠷᠭᠡ ᠳᠠᠭ᠋ᠠᠭ᠋ᠠᠴᠢᠯᠠᠬᠤ ᠠᠶᠠᠨᠴᠢᠳ᠎ᠤᠨ ᠲᠡᠭᠡᠭᠡᠪᠦᠷᠢ ᠵᠢᠨ ᠵᠠᠬ᠎ᠠ ᠳᠡᠯᠭᠡᠭᠦᠷ᠎ᠢ ᠲᠤᠰᠬᠠᠶ ᠴᠡᠭᠴᠡᠯᠡᠨ ᠵᠠᠰᠠᠪᠠ
ᠪᠠᠶᠠᠨᠨᠠᠭᠤᠷ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠦᠢᠯᠡᠴᠢᠯᠡᠭᠡᠨ᠎ᠤ ᠲᠥᠪ 2023 ᠣᠨ᠎ᠤ ᠢᠷᠭᠡᠨ᠎ᠤ ᠬᠠᠤᠯᠢ ᠵᠢᠨ ᠪᠢᠴᠢᠭ᠎ᠤᠨ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠥᠷᠨᠢᠭᠦᠯᠪᠡ
ᠤᠯᠠᠭ᠋ᠠᠨᠴᠠᠪ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢᠯᠡᠴᠢᠯᠡᠭᠡᠨ᠎ᠤ ᠪᠠᠲᠤᠯᠠᠭ᠎ᠠ ᠵᠢᠨ ᠲᠥᠪ᠎ᠤᠨ ᠳᠥᠷᠪᠡᠨ ᠵᠦᠢᠯ᠎ᠤᠨ ᠠᠷᠭ᠎ᠠ ᠬᠡᠮᠵᠢᠶ᠎ᠡ᠎ᠨᠢ ᠴᠤᠩᠬᠤᠪᠴᠢ ᠵᠢᠨ ᠦᠢᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠪᠡ
 
            