ᠣᠢ᠌ᠷ᠎ᠠ᠎ᠳᠤ᠂ ᠲᠦᠩᠯᠢᠶᠣᠣ ᠬᠣᠲᠠ ᠵᠢᠨ ᠵᠠᠰᠠᠮᠠᠯ ᠵᠠᠮ᠎ᠤᠨ ᠲᠡᠷᠭᠡ ᠨᠡᠪᠲᠡᠷᠡᠬᠦ ᠰᠦᠢ᠍ᠳᠭᠡᠯ ᠬᠤᠷᠢᠶᠠᠬᠤ ᠲᠥᠪ᠎ᠤᠨ ᠬᠠᠷᠢᠶ᠎ᠠ ᠳᠥᠷᠪᠡᠨ ᠰᠦᠢ᠍ᠳᠭᠡᠯ ᠬᠤᠷᠢᠶᠠᠬᠤ ᠭᠠᠵᠠᠷ 8 ᠰᠠᠭᠤᠷᠢ ᠣᠶᠤᠨᠴᠢ ᠰᠦᠢ᠍ᠳᠭᠡᠯ ᠬᠤᠷᠢᠶᠠᠬᠤ ᠮᠠᠰᠢᠨ ᠬᠥᠮᠦᠨ᠎ᠤ ᠲᠥᠬᠥᠭᠡᠷᠦᠮᠵᠢ ᠵᠢ ᠤᠭᠰᠠᠷᠠᠵᠤ ᠲᠣᠷᠰᠢᠬᠤ ᠠᠵᠢᠯ᠎ᠢ ᠵᠠᠯᠭ᠋ᠠᠭ᠎ᠠ᠎ᠪᠠᠷ ᠪᠡᠶᠡᠯᠡᠭᠦᠯᠪᠡ᠃ ᠣᠳᠣᠬᠠᠨ᠎ᠳᠤ᠂ ᠲᠣᠰ ᠲᠥᠪ᠎ᠤᠨ ᠡᠯ᠎ᠡ ᠰᠦᠢ᠍ᠳᠭᠡᠯ ᠬᠤᠷᠢᠶᠠᠬᠤ ᠭᠠᠵᠠᠷ ᠴᠥᠮ ᠣᠶᠤᠨᠴᠢ ᠰᠦᠢ᠍ᠳᠭᠡᠯ ᠬᠤᠷᠢᠶᠠᠬᠤ ᠮᠠᠰᠢᠨ ᠬᠥᠮᠦᠨ ᠲᠤᠷᠰᠢᠨ ᠠᠵᠢᠯᠯᠠᠭᠤᠯᠬᠤ ᠱᠠᠲᠤᠨ᠎ᠳᠤ ᠣᠷᠣᠪᠠ᠃

ᠲᠣᠰ ᠤᠳᠠᠭ᠎ᠠ ᠠᠰᠢᠭᠯᠠᠯᠲᠠ᠎ᠳᠤ ᠣᠷᠣᠭᠤᠯᠤᠭᠰᠠᠨ ᠣᠶᠤᠨᠴᠢ ᠰᠦᠢ᠍ᠳᠭᠡᠯ ᠬᠤᠷᠢᠶᠠᠬᠤ ᠮᠠᠰᠢᠨ ᠬᠥᠮᠦᠨ᠎ᠤ ᠲᠥᠬᠦᠭᠡᠷᠦᠮᠵᠢ᠎ᠨᠢ ᠵᠢᠵᠢᠭᠦᠷᠯᠡᠨ ᠰᠠᠬᠢᠬᠤ ᠬᠥᠮᠦᠨ ᠥᠬᠡᠶ᠂ ᠪᠡᠯᠡᠨ ᠵᠣᠭᠤᠰ᠎ᠤᠨ ᠪᠤᠰᠤ ᠲᠦᠷᠭᠡᠨ ᠰᠦᠢ᠍ᠳᠭᠡᠯ ᠲᠤᠰᠢᠶᠠᠬᠤ ᠵᠡᠷᠭᠡ ᠣᠯᠠᠨ ᠵᠦᠢ᠍ᠯ᠎ᠤᠨ ᠳᠠᠪᠠᠭᠤᠯᠢᠭ᠎ᠢ ᠪᠦᠷᠢᠯᠳᠦᠭᠦᠯᠵᠦ᠂ ᠬᠥᠮᠦᠨ᠎ᠤ ᠬᠦᠴᠦᠨ᠎ᠤ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠬᠤ᠎ᠪᠠᠷ ᠪᠠᠷᠠᠬᠤ ᠥᠬᠡᠶ᠂ ᠲᠡᠷᠭᠡ ᠬᠥᠰᠬᠡ ᠵᠢᠨ ᠮᠥᠷᠯᠡᠨ ᠬᠦᠯᠢᠶᠡᠬᠦ ᠴᠠᠭ᠎ᠢ ᠨᠠᠩ ᠶᠡᠭᠡ ᠬᠡᠮᠵᠢᠶ᠎ᠡ᠎ᠪᠠᠷ ᠪᠣᠭᠤᠨᠢᠰᠬᠠᠵᠤ᠂ ᠵᠠᠮ ᠨᠡᠪᠲᠡᠷᠡᠯᠭᠡ ᠵᠢᠨ ᠦᠷ᠎ᠡ ᠪᠦᠲᠦᠮᠵᠢ ᠵᠢ ᠢᠯᠡᠳᠲᠡ ᠳᠡᠭᠡᠭᠰᠢᠯᠡᠭᠦᠯᠪᠡ᠃
ᠣᠶᠤᠨᠴᠢ ᠰᠦᠢ᠍ᠳᠬᠡᠯ ᠬᠤᠷᠢᠶᠠᠬᠤ ᠮᠠᠰᠢᠨ ᠬᠥᠮᠥᠨ᠎ᠢ ᠠᠰᠢᠭᠯᠠᠯᠲᠠ᠎ᠳᠤ ᠣᠷᠣᠭᠤᠯᠤᠭᠰᠠᠨ᠎ᠨᠢ ᠲᠤᠰ ᠲᠥᠪ ᠣᠶᠤᠨᠴᠢᠯᠠᠭᠰᠠᠨ᠂ ᠲᠣᠭ᠋ᠠᠴᠢᠯᠠᠭᠰᠠᠨ ᠬᠡᠯᠪᠡᠷᠢ᠎ᠪᠠᠨ ᠬᠤᠪᠢᠷᠠᠭᠤᠯᠬᠤ ᠳᠤᠮᠳᠠ ᠵᠠᠩᠭᠢᠯᠠᠭ᠎ᠠ ᠵᠢᠨ ᠨᠢᠭᠡ ᠠᠯᠬᠤᠮ᠎ᠢ ᠠᠯᠬᠤᠭᠰᠠᠨ᠎ᠢ ᠬᠠᠷᠠᠭᠤᠯᠵᠤ ᠪᠠᠶ᠋ᠢᠨ᠎ᠠ᠃