ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠤᠭᠤᠲᠤ ᠬᠣᠲᠠ ᠤᠯᠤᠰ ᠮᠤᠵᠢ ᠵᠢᠨ ᠭᠣᠤᠯ ᠱᠤᠭᠤᠮ᠎ᠤᠨ ᠵᠠᠰᠠᠮᠠᠯ ᠵᠠᠮ᠎ᠢ ᠣᠨᠣᠪᠴᠢᠲᠠᠶ 《ᠣᠨᠣᠰᠢᠯᠠᠵᠤ》 ᠪᠠᠢ᠌ᠨ᠎ᠠ
ᠨᠡᠶ᠋ᠢᠲᠡᠯᠡᠭᠰᠡᠨ ᠴᠠᠭ᠄ 2025-09-19

ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ ᠪᠤᠭᠤᠲᠤ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠪᠥᠬᠥ ᠬᠣᠲᠠ ᠵᠢᠨ ᠡᠩ᠎ᠤᠨ ᠤᠯᠤᠰ ᠮᠤᠵᠢ ᠵᠢᠨ ᠭᠣᠤᠯ ᠱᠤᠭᠤᠮ᠎ᠤᠨ ᠵᠠᠰᠠᠮᠠᠯ ᠵᠠᠮ᠎ᠤᠨ ᠪᠠᠢ᠌ᠳᠠᠯ᠎ᠤᠨ ᠠᠦ᠋ᠲ᠋ᠣᠴᠢᠯᠠᠭᠰᠠᠨ ᠪᠠᠢ᠌ᠴᠠᠭ᠋ᠠᠨ ᠬᠡᠮᠵᠢᠬᠦ ᠠᠵᠢᠯ᠎ᠢ ᠵᠣᠬᠢᠶᠠᠨ ᠪᠠᠢ᠌ᠭᠤᠯᠤᠨ ᠦᠷᠨᠢᠭᠦᠯᠪᠡ᠃ ᠥᠭᠡᠷᠡᠴᠢᠯᠡᠨ ᠦᠷᠭᠡᠳᠬᠡᠵᠦ ᠪᠠᠢ᠌ᠭᠤᠯᠬᠤ ᠲᠥᠷᠥᠯ ᠵᠦᠢᠯ᠂ ᠠᠷᠠᠴᠢᠯᠠᠨ ᠬᠠᠮᠠᠭ᠋ᠠᠯᠠᠬᠤ ᠢᠨᠵᠧᠨᠧᠷᠢᠩ᠎ᠤᠨ ᠲᠥᠷᠥᠯ ᠵᠦᠢᠯ ᠵᠡᠷᠭᠡ ᠵᠠᠮ᠎ᠤᠨ ᠬᠡᠰᠡᠭ᠎ᠢ ᠭᠠᠷᠭ᠋ᠠᠪᠠᠯ᠂ ᠪᠥᠬᠥ ᠬᠣᠲᠠ ᠵᠢᠨ 1104 ᠺᠢᠯᠣᠮᠧᠲᠷ᠎ᠤᠨ ᠡᠩ᠎ᠤᠨ ᠤᠯᠤᠰ ᠮᠤᠵᠢ ᠵᠢᠨ ᠭᠣᠤᠯ ᠱᠤᠭᠤᠮ᠎ᠤᠨ ᠵᠠᠰᠠᠮᠠᠯ ᠵᠠᠮ᠎ᠤᠨ ᠪᠥᠬᠥ ᠲᠠᠯ᠎ᠠ ᠵᠢᠨ 《ᠪᠡᠶ᠎ᠡ ᠵᠢᠨ ᠪᠠᠢ᠌ᠴᠠᠭ᠋ᠠᠯᠲᠠ》 ᠵᠢᠨ ᠠᠵᠢᠯ᠎ᠢ ᠨᠢᠭᠡ ᠭᠠᠷᠠᠭ᠎ᠤᠨ ᠬᠤᠭᠤᠴᠠᠭ᠋ᠠᠨ᠎ᠳᠤ ᠪᠡᠶᠡᠯᠡᠭᠦᠯᠬᠦ᠎ᠪᠠᠷ ᠲᠥᠯᠥᠪᠯᠡᠵᠦ ᠪᠠᠢ᠌ᠨ᠎ᠠ᠂ ᠣᠳᠣᠬᠠᠨ᠎ᠳᠤ ᠨᠢᠭᠡᠨᠲᠡ ᠵᠢᠦ ᠶᠤᠸᠠᠨ ᠲᠤᠭᠤᠷᠢᠭ᠎ᠠᠴᠠ ᠡᠬᠢᠯᠡᠨ ᠪᠠᠢ᠌ᠴᠠᠭ᠋ᠠᠨ ᠬᠡᠮᠵᠢᠵᠦ ᠪᠠᠢ᠌ᠨ᠎ᠠ᠃

ᠣᠢ᠌ᠯᠠᠭ᠋ᠠᠭᠰᠠᠨ ᠵᠶ᠋ᠠᠷ᠂ ᠪᠠᠢ᠌ᠴᠠᠭ᠋ᠠᠨ ᠬᠡᠮᠵᠢᠬᠦ ᠶᠠᠪᠤᠴᠠ᠎ᠳᠤ᠂ ᠲᠤᠰᠬᠠᠶ ᠮᠡᠷᠭᠡᠵᠢᠯ᠎ᠤᠨ ᠲᠥᠬᠥᠭᠡᠷᠦᠮᠵᠢ᠎ᠨᠢ ᠲᠤᠬᠠᠶ ᠵᠢᠨ ᠲᠠᠯᠠᠪᠤᠷ᠎ᠲᠤ ᠣᠯᠠᠨ ᠵᠦᠢᠯ᠎ᠤᠨ ᠮᠡᠷᠭᠡᠵᠢᠯ᠎ᠤᠨ ᠭᠦᠢᠴᠡᠳᠬᠡᠯ ᠲᠣᠭ᠎ᠠ ᠵᠢ ᠴᠤᠭᠯᠠᠭᠤᠯᠬᠤ ᠪᠣᠯᠣᠨ᠎ᠠ᠂ ᠡᠭᠦᠨ᠎ᠳᠤ ᠵᠠᠮ᠎ᠤᠨ ᠭᠠᠳᠠᠷᠭᠤ ᠵᠢᠨ ᠲᠡᠭᠰᠢᠬᠡᠨ᠎ᠤ ᠬᠡᠮᠵᠢᠶ᠎ᠡ᠂ ᠵᠠᠮ᠎ᠤᠨ ᠭᠠᠳᠠᠷᠭᠤ ᠵᠢᠨ ᠡᠪᠳᠡᠷᠡᠵᠦ ᠰᠦᠢᠳᠦᠭᠰᠡᠨ ᠨᠣᠷᠮ᠎ᠠ᠂ ᠵᠠᠮ᠎ᠤᠨ ᠭᠠᠳᠠᠷᠭᠤ ᠵᠢᠨ ᠲᠡᠷᠭᠡᠨ ᠮᠥᠷ᠎ᠤᠨ ᠬᠡᠮᠵᠢᠶ᠎ᠡ ᠵᠢᠴᠢ ᠵᠠᠮ᠎ᠤᠨ ᠭᠠᠳᠠᠷᠭᠤ ᠵᠢᠨ ᠲᠡᠷᠭᠡ ᠲᠣᠩᠰᠤᠯᠬᠤ ᠵᠡᠷᠭᠡ ᠲᠣᠭ᠎ᠠ ᠪᠠᠷᠢᠮᠲᠠ ᠵᠢ ᠪᠠᠭᠲᠠᠭ᠋ᠠᠵᠤ᠂ ᠪᠠᠢ᠌ᠴᠠᠭ᠋ᠠᠨ ᠬᠡᠮᠵᠢᠭᠰᠡᠨ ᠪᠣᠶ ᠪᠥᠬᠥᠶ ᠲᠣᠭ᠎ᠠ ᠪᠠᠷᠢᠮᠲᠠ ᠵᠢ ᠲᠠᠷᠠᠭ᠋ᠠᠴᠢ ᠵᠢᠨ ᠠᠯᠬᠤᠮ᠎ᠳᠤ 《ᠵᠠᠰᠠᠮᠠᠯ ᠵᠠᠮ᠎ᠤᠨ ᠮᠡᠷᠭᠡᠵᠢᠯ᠎ᠤᠨ ᠪᠠᠢ᠌ᠳᠠᠯ᠎ᠢ ᠦᠨᠡᠯᠡᠨ ᠲᠣᠭᠲᠠᠭ᠋ᠠᠬᠤ ᠪᠠᠷᠢᠮᠵᠢᠶ᠎ᠠ》 ᠵᠢ ᠦᠨᠳᠦᠰᠦᠯᠡᠨ ᠰᠢᠰᠲ᠋ᠧᠮ᠎ᠲᠠᠢ ᠵᠠᠳᠠᠯᠤᠯᠲᠠ ᠪᠠ ᠦᠨᠡᠯᠡᠯᠲᠡ ᠬᠢᠵᠦ᠂ ᠲᠣᠭ᠎ᠠ ᠪᠠᠷᠢᠮᠲᠠ ᠵᠢᠨ ᠦᠷ᠎ᠡ ᠳ᠋ᠦᠩ᠎ᠤᠨ ᠰᠢᠨᠵᠢᠯᠡᠬᠦ ᠤᠬᠠᠭ᠋ᠠᠨᠴᠢ ᠴᠢᠨᠠᠷ ᠪᠠ ᠣᠨᠣᠪᠴᠢᠲᠤ ᠴᠢᠨᠠᠷ᠎ᠢ ᠪᠠᠲᠤᠯᠠᠨ᠎ᠠ᠃

ᠵᠠᠮ᠎ᠤᠨ ᠪᠠᠢ᠌ᠳᠠᠯ᠎ᠤᠨ ᠣᠨᠤᠪᠴᠢᠲᠠᠢ ᠪᠦᠬᠦ ᠲᠠᠯ᠎ᠠ ᠵᠢᠨ ᠲᠣᠭ᠎ᠠ ᠪᠠᠷᠢᠮᠲᠠ ᠪᠣᠯ ᠵᠠᠰᠠᠮᠠᠯ ᠵᠠᠮ᠎ᠢ ᠠᠷᠠᠴᠢᠯᠠᠨ ᠬᠠᠮᠠᠭ᠋ᠠᠯᠠᠬᠤ ᠠᠵᠢᠯ᠎ᠤᠨ 《ᠰᠠᠭᠤᠷᠢ ᠳᠠᠩᠰᠠ》 ᠪᠣᠯᠤᠨ᠎ᠠ᠃ ᠲᠣᠰ ᠤᠳᠠᠭ᠋ᠠᠨ᠎ᠤ ᠪᠠᠢ᠌ᠴᠠᠭ᠋ᠠᠨ ᠬᠡᠮᠵᠢᠬᠦ ᠲᠣᠭ᠎ᠠ ᠪᠠᠷᠢᠮᠲᠠ᠎ᠨᠢ ᠤᠯᠤᠰ ᠮᠤᠵᠢ ᠵᠢᠨ ᠭᠣᠤᠯ ᠱᠤᠭᠤᠮ᠎ᠤᠨ ᠵᠠᠰᠠᠮᠠᠯ ᠵᠠᠮ᠎ᠤᠨ ᠠᠷᠠᠴᠢᠯᠠᠨ ᠬᠠᠮᠠᠭ᠋ᠠᠯᠠᠬᠤ ᠲᠥᠯᠥᠪᠯᠡᠭᠡ ᠲᠣᠭᠲᠠᠭ᠋ᠠᠬᠤ᠂ ᠠᠷᠠᠴᠢᠯᠠᠨ ᠬᠠᠮᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠬᠦ᠎ᠳᠤ ᠬᠦᠴᠦᠲᠡᠶ ᠲᠣᠭ᠎ᠠ ᠪᠠᠷᠢᠮᠲᠠ ᠵᠢᠨ ᠲᠤᠯᠭ᠋ᠠᠭᠤᠷᠢᠯᠠᠯ ᠬᠠᠩᠭ᠋ᠠᠬᠤ ᠪᠣᠯᠤᠨ᠎ᠠ᠃

ᠢᠷᠡᠯᠲᠡ᠄ ᠪᠤᠭᠤᠲᠤ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            