ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠭᠠᠭᠴᠠᠮᠣᠳᠤ᠎ᠡᠴᠡ ᠬᠠᠯᠢᠭᠤᠲᠦ ᠬᠦᠷᠬᠦ ᠲᠦᠷᠭᠡᠨ᠎ᠤ ᠵᠠᠰᠠᠮᠠᠯ ᠵᠠᠮ᠎ᠤᠨ《ᠬᠤᠨ ᠭᠠᠯᠠᠭᠤ ᠬᠣᠰᠢᠭᠤᠴᠢ》ᠣᠨᠴᠠᠯᠢᠭ᠍ᠲᠤ ᠨᠠᠮ᠎ᠤᠨ ᠪᠠᠢᠭᠤᠯᠤᠯᠲᠠ᠎ᠶᠢᠨ ᠲᠦᠷᠦᠯ ᠲᠡᠮᠳᠡᠭ᠎ᠢ ᠡᠭᠦᠳᠦᠨ ᠪᠠᠶ᠋ᠢᠭᠤᠯᠬᠤ ᠠᠵᠢᠯ ᠪᠦᠬᠦ ᠲᠠᠯ᠎ᠠ᠎ᠪᠠᠷ ᠡᠬᠢᠯᠡᠪᠡ
ᠨᠡᠶ᠋ᠢᠲᠡᠯᠡᠭᠰᠡᠨ ᠴᠠᠭ᠄ 2026-01-12

1 ᠳ᠋ᠦ᠍ᠭᠡᠷ ᠰᠠᠷ᠎ᠠ᠎ᠶᠢᠨ 8᠎ᠤ ᠡᠳᠦᠷ᠂ ᠭᠠᠭᠴᠠᠮᠣᠳᠤ᠎ᠡᠴᠡ ᠬᠠᠯᠢᠭᠤᠲᠦ ᠬᠦᠷᠬᠦ ᠲᠦᠷᠭᠡᠨ᠎ᠤ ᠵᠠᠰᠠᠮᠠᠯ ᠵᠠᠮ᠎ᠤᠨ《ᠬᠤᠨ ᠭᠠᠯᠠᠭᠤ ᠬᠣᠰᠢᠭᠤᠴᠢ》ᠣᠨᠴᠠᠯᠢᠭ᠍ᠲᠤ ᠨᠠᠮ᠎ᠤᠨ ᠪᠠᠢᠭᠤᠯᠤᠯᠲᠠ᠎ᠶᠢᠨ ᠨᠠᠷᠠᠲᠤ ᠲᠦᠷᠦᠯ ᠲᠡᠮᠳᠡᠭ᠎ᠢ ᠡᠭᠦᠳᠦᠨ ᠪᠠᠶ᠋ᠢᠭᠤᠯᠬᠤ ᠳᠠᠢᠴᠢᠯᠠᠯᠲᠠ᠎ᠶᠢᠨ ᠶᠡᠬᠡ ᠬᠤᠷᠠᠯ ᠵᠢᠴᠢ ᠲᠣᠭ ᠣᠯᠭᠣᠬᠤ ᠶᠣᠰᠣᠯᠠᠯ ᠶᠠᠪᠤᠭᠳᠠᠪᠠ᠃

ᠭᠠᠭᠴᠠᠮᠣᠳᠤ᠎ᠡᠴᠡ ᠬᠠᠯᠢᠭᠤᠲᠦ ᠬᠦᠷᠬᠦ ᠲᠦᠷᠭᠡᠨ᠎ᠤ ᠵᠠᠰᠠᠮᠠᠯ ᠵᠠᠮ᠎ᠤᠨ《ᠬᠤᠨ ᠭᠠᠯᠠᠭᠤ ᠬᠣᠰᠢᠭᠤᠴᠢ》᠎ᠶᠢᠨ ᠣᠨᠴᠠᠯᠢᠭ᠍ᠲᠤ ᠨᠠᠮ᠎ᠤᠨ ᠪᠠᠢᠭᠤᠯᠤᠯᠲᠠ᠎ᠶᠢᠨ ᠨᠡᠷᠡᠲᠦ ᠲᠡᠮᠳᠡᠭ᠎ᠢ ᠡᠭᠦᠳᠦᠨ ᠪᠠᠶ᠋ᠢᠭᠤᠯᠬᠤ᠎ᠳᠤ 《ᠨᠠᠮ᠎ᠤᠨ ᠪᠠᠢᠭᠤᠯᠤᠯᠲᠠ ᠵᠠᠮᠴᠢᠯᠠᠬᠤ• ᠤᠮᠠᠷᠠᠲᠤ ᠬᠢᠯᠢ᠎ᠶᠢᠨ ᠵᠠᠮ ᠨᠡᠪᠲᠡᠷᠡᠯᠭᠡ 》᠎ᠪᠡᠷ ᠭᠣᠣᠯ ᠪᠠᠢᠷᠢ ᠲᠣᠭᠲᠠᠭᠠᠯᠲᠠ ᠪᠣᠯᠭᠠᠵᠤ᠂ ᠪᠠᠶᠠᠨᠨᠠᠭᠤᠷ ᠬᠣᠲᠠ᠎ᠶᠢᠨ ᠤᠷᠠᠳ᠎ᠤᠨ ᠳᠤᠮᠳᠠᠳᠤ ᠬᠣᠰᠢᠭᠤᠨ᠎ᠤ《ᠬᠤᠨ ᠭᠠᠯᠠᠭᠤ᠎ᠶᠢᠨ ᠨᠤᠲᠤᠭ》᠎ᠤᠨ ᠭᠠᠵᠠᠷ ᠣᠷᠣᠨ᠎ᠤ ᠰᠣᠶᠣᠯ᠎ᠳᠤ ᠭᠦᠨᠵᠡᠭᠡᠢ ᠨᠡᠢᠴᠡᠭᠦᠯᠵᠦ ᠂《ᠦᠨᠡᠨᠴᠢ ᠰᠢᠳᠤᠷᠭᠤ᠎ᠪᠠᠷ ᠵᠠᠮᠴᠢᠯᠠᠬᠤ᠂ ᠪᠦᠯᠬᠦᠮᠳᠡᠨ ᠲᠡᠮᠡᠴᠡᠬᠦ᠂ ᠰᠢᠨᠲᠠᠷᠠᠰᠢ ᠦᠭᠡᠢ ᠬᠠᠷᠢᠭᠤᠴᠠᠯᠭ᠎ᠠ ᠡᠭᠦᠷᠭᠡᠯᠡᠬᠦ᠂ ᠦᠢᠯᠡᠴᠢᠯᠡᠭᠡᠨ᠎ᠳᠦ ᠬᠤᠪᠢ ᠨᠡᠮᠡᠷᠢ ᠦᠵᠡᠭᠦᠯᠬᠦ᠂ ᠬᠣᠯᠪᠤᠭᠠᠯᠠᠨ ᠨᠡᠪᠲᠡᠷᠡᠯᠴᠡᠬᠦ 》ᠲᠠᠪᠤᠨ ᠶᠡᠬᠡ ᠭᠣᠣᠯᠯᠠᠬᠤ ᠣᠨᠣᠯᠵᠢᠬᠤᠨ᠎ᠢ ᠨᠢᠭ᠍ᠲᠠᠷᠠᠭᠤᠯᠵᠤ᠂ 《ᠰᠠᠭᠤᠷᠢ ᠲᠠᠯᠪᠢᠬᠤ᠂ ᠳᠡᠭᠡᠭᠰᠢᠯᠡᠭᠦᠯᠬᠦ᠂ ᠭᠦᠨᠵᠡᠭᠡᠢᠷᠡᠭᠦᠯᠬᠦ》ᠭᠤᠷᠪᠠᠨ ᠱᠠᠲᠤ ᠦᠶ᠎ᠡ᠎ᠶᠢᠨ ᠡᠭᠦᠳᠦᠨ ᠪᠠᠶ᠋ᠢᠭᠤᠯᠬᠤ ᠠᠷᠭ᠎ᠠ ᠵᠠᠮ᠎ᠢ ᠲᠥᠯᠥᠪᠵᠢᠭᠦᠯᠵᠦ ᠂ ᠪᠠᠷᠢᠮᠵᠢᠶᠠᠵᠢᠭ᠍ᠰᠠᠨ ᠨᠠᠷᠠᠲᠤ ᠲᠦᠷᠦᠯ ᠲᠡᠮᠳᠡᠭ᠎ᠦᠨ ᠵᠢᠭ᠍ᠰᠠᠭᠠᠯ᠎ᠤᠨ ᠭᠠᠵᠠᠷ᠎ᠤᠨ ᠪᠠᠢᠭᠤᠯᠤᠯᠲᠠ᠂ ᠦᠢᠯᠡᠴᠢᠯᠡᠭᠡᠨ᠎ᠦ ᠡᠩᠨᠡᠭᠡ᠎ᠶᠢ ᠪᠣᠢᠵᠢᠭᠤᠯᠬᠤ᠂ ᠣᠨᠴᠠᠯᠢᠭ᠍ᠲᠤ ᠢᠨᠵᠧᠨᠧᠷᠢᠩ᠎ᠢ ᠬᠡᠷᠡᠭᠵᠢᠭᠦᠯᠬᠦ ᠵᠡᠷᠭᠡ ᠭᠣᠣᠯᠳᠠᠯᠭ᠎ᠠ᠎ᠲᠠᠢ ᠡᠭᠦᠷᠭᠡ᠎ᠶᠢ ᠲᠣᠳᠣᠷᠬᠠᠢ ᠲᠣᠭᠲᠠᠭᠠᠪᠠ᠃

ᠭᠠᠭᠴᠠᠮᠣᠳᠤ᠎ᠡᠴᠡ ᠬᠠᠯᠢᠭᠤᠲᠦ ᠬᠦᠷᠬᠦ ᠲᠦᠷᠭᠡᠨ᠎ᠤ ᠵᠠᠰᠠᠮᠠᠯ ᠵᠠᠮ᠎ᠢᠶᠠᠷ《ᠬᠤᠨ ᠭᠠᠯᠠᠭᠤ ᠬᠣᠰᠢᠭᠤᠴᠢ》ᠨᠠᠮ᠎ᠤᠨ ᠪᠠᠢᠭᠤᠯᠤᠯᠲᠠ᠎ᠶᠢᠨ ᠨᠡᠷᠡᠲᠦ ᠲᠡᠮᠳᠡᠭ᠎ᠢ ᠡᠭᠦᠳᠴᠦ᠂ ᠡᠭᠦᠨ᠎ᠦ ᠵᠣᠷᠢᠯᠭ᠎ᠠ ᠨᠢ ᠬᠢᠯᠢ᠎ᠶᠢᠨ ᠪᠣᠭᠣᠮᠲᠠ᠎ᠶᠢᠨ ᠲᠦᠷᠭᠡᠨ᠎ᠦ ᠵᠠᠰᠠᠮᠠᠯ ᠵᠠᠮ᠎ᠤᠨ ᠣᠨᠴᠠᠯᠢᠭ᠋᠎ᠲᠤ ᠰᠠᠭᠤᠷᠢᠯᠠᠨ᠂ ᠰᠣᠶᠣᠯ᠎ᠤᠨ ᠠᠭᠤᠯᠤᠭᠳᠠᠬᠤᠨ᠎ᠢ ᠭᠦᠨ ᠠᠭᠤᠳᠠᠯᠵᠤ᠂ 《ᠠᠯᠤᠰ᠎ᠤᠨ ᠵᠠᠮ᠎ᠠᠴᠠ ᠠᠶᠤᠬᠤ ᠦᠭᠡᠢ᠂ ᠰᠢᠨᠲᠠᠷᠠᠰᠢ ᠦᠭᠡᠢ ᠲᠡᠮᠡᠴᠡᠬᠦ᠂ ᠬᠦᠴᠦ᠎ᠪᠡᠨ ᠬᠠᠮᠲᠤᠳᠬᠠᠨ ᠬᠠᠮᠵᠢᠯᠴᠠᠬᠤ᠂ ᠢᠲᠡᠭᠡᠯ᠎ᠢᠶᠡᠨ ᠰᠠᠬᠢᠵᠤ ᠠᠮᠠᠯᠠᠯᠲᠠ᠎ᠪᠠᠨ ᠦᠢᠯᠡᠳᠦᠯᠭᠡᠵᠢᠭᠦᠯᠬᠦ᠂ ᠥᠨᠳᠥᠷ ᠣᠭᠲᠠᠷᠭᠤᠢ᠎ᠳᠤ ᠲᠡᠮᠡᠴᠡᠬᠦ᠂ ᠡᠷᠡᠯᠬᠡᠭᠯᠡᠨ ᠨᠢᠰᠴᠦ ᠲᠡᠷᠢᠭᠦᠨ᠎ᠳᠦ ᠣᠷᠣᠬᠤ᠎ᠪᠠᠷ ᠲᠡᠮᠡᠴᠡᠬᠦ》ᠬᠤᠨ ᠭᠠᠯᠠᠭᠤ᠎ᠶᠢᠨ ᠵᠣᠷᠢᠭ᠋ ᠰᠠᠨᠠᠭ᠎ᠠ᠎ᠪᠠᠷ᠂ ᠪᠦᠬᠦ ᠨᠠᠮ᠎ᠤᠨ ᠭᠡᠰᠢᠭᠦᠨ ᠺᠠᠳ᠋ᠷ ᠠᠵᠢᠯᠲᠠᠨ᠎ᠢ ᠬᠥᠲᠥᠯᠥᠨ ᠳᠠᠭᠠᠭᠤᠯᠵᠤ ᠢᠲᠡᠭᠡᠯ ᠪᠢᠰᠢᠷᠡᠯ᠎ᠦᠨ ᠰᠠᠭᠤᠷᠢ᠎ᠶᠢ ᠪᠠᠲᠤᠳᠬᠠᠵᠤ᠂ ᠡᠷᠡᠯᠬᠡᠭᠯᠡᠨ ᠤᠷᠤᠭᠰᠢᠯᠠᠬᠤ ᠬᠦᠴᠦᠨ᠎ᠢ ᠨᠢᠭ᠍ᠲᠠᠷᠠᠭᠤᠯᠵᠤ᠂ ᠣᠷᠭᠢᠯᠤᠮ᠎ᠠ ᠬᠠᠯᠠᠭᠤᠨ᠂ ᠡᠷᠴᠢᠮ᠎ᠲᠠᠢ᠂ ᠢᠯᠭᠠᠨ ᠲᠠᠨᠢᠬᠤ ᠬᠡᠮᠵᠢᠶ᠎ᠡ᠎ᠲᠠᠢ ᠬᠢᠯᠢ᠎ᠶᠢᠨ ᠪᠣᠭᠣᠮᠲᠠ᠎ᠶᠢᠨ ᠲᠦᠷᠭᠡᠨ᠎ᠦ ᠵᠠᠰᠠᠮᠠᠯ ᠵᠠᠮ᠎ᠤᠨ ᠨᠠᠮ᠎ᠤᠨ ᠪᠠᠢᠭᠤᠯᠤᠯᠲᠠ᠎ᠶᠢᠨ ᠬᠡᠪ ᠳᠠᠭᠤᠷᠢᠶᠠᠯ᠎ᠢ ᠪᠦᠬᠦ ᠬᠦᠴᠦᠨ᠎ᠢᠶᠡᠷ᠎ᠢᠶᠡᠨ ᠡᠭᠦᠳᠴᠦ᠂ ᠭᠠᠭᠴᠠᠮᠣᠳᠤ᠎ᠶᠢᠨ ᠲᠦᠷᠭᠡᠨ᠎ᠤ ᠵᠠᠰᠠᠮᠠᠯ ᠵᠠᠮ᠎ᠤᠨ ᠥᠨᠳᠥᠷ ᠶᠠᠰᠤ ᠴᠢᠨᠠᠷᠲᠠᠢ᠎ᠪᠠᠷ ᠬᠥᠭᠵᠢᠬᠦ᠎ᠳᠦ ᠰᠦᠷ ᠳᠠᠯᠠᠢᠴᠠᠲᠠᠢ ᠬᠥᠳᠡᠯᠭᠡᠬᠦ ᠬᠦᠴᠦᠨ ᠨᠡᠮᠡᠷᠢᠯᠡᠨ᠎ᠡ᠃ 

ᠠᠵᠢᠯᠯᠠᠭ᠎ᠠ᠎ᠶᠢᠨ ᠠᠬᠤᠢ ᠲᠠᠯᠠᠪᠠᠢ᠎ᠳᠤ᠂《ᠬᠤᠨ ᠭᠠᠯᠠᠭᠤ᠎ᠶᠢᠨ ᠭᠠᠪᠰᠢᠭᠠᠢ ᠠᠩᠭᠢ》᠂《ᠬᠤᠨ ᠭᠠᠯᠠᠭᠤ᠎ᠶᠢᠨ ᠦᠢᠯᠡᠴᠢᠯᠡᠭᠡᠨ᠎ᠦ ᠠᠩᠭᠢ》᠂《ᠬᠤᠨ ᠭᠠᠯᠠᠭᠤ᠎ᠶᠢᠨ ᠰᠠᠢᠨ ᠳᠤᠷ᠎ᠠ᠎ᠶᠢᠨ ᠠᠩᠭᠢ》ᠳ᠋ᠤ᠌ ᠲᠤᠰ ᠲᠤᠰ ᠲᠤᠭ ᠣᠯᠭᠣᠵᠠᠢ᠃ ᠭᠤᠷᠪᠠᠨ ᠡᠩᠨᠡᠭᠡ ᠨᠢ ᠰᠦᠢᠳᠬᠡᠯ ᠬᠤᠷᠢᠶᠠᠬᠤ᠂ ᠠᠷᠠᠴᠢᠯᠠᠨ ᠬᠠᠮᠠᠭᠠᠯᠠᠬᠤ᠂ ᠠᠵᠢᠯᠯᠠᠭᠤᠯᠵᠤ ᠪᠠᠲᠤᠯᠠᠬᠤ ᠠᠵᠢᠯ᠎ᠤᠨ ᠪᠠᠢᠷᠢ᠎ᠶᠢᠨ ᠭᠣᠣᠯᠯᠠᠭ᠍ᠴᠢ ᠬᠦᠴᠦᠨ᠎ᠢᠶᠡᠷ ᠪᠦᠷᠢᠯᠳᠦᠵᠦ ᠂ ᠨᠠᠷᠠᠲᠤ ᠲᠥᠷᠥᠯ ᠲᠡᠮᠳᠡᠭ᠎ᠢ ᠡᠭᠦᠳᠦᠨ ᠪᠠᠶ᠋ᠢᠭᠤᠯᠬᠤ᠎ᠶᠢᠨ ᠲᠤᠯᠭᠠᠭᠤᠷᠢ ᠬᠦᠴᠦᠨ ᠪᠣᠯᠵᠤ᠂ ᠲᠣᠰ ᠲᠣᠰ ᠪᠠᠴᠢᠮ ᠪᠠᠢᠳᠠᠯ᠎ᠢ ᠠᠷᠭ᠋ᠠᠴᠠᠭ᠋ᠠᠵᠦ ᠰᠠᠭᠠᠳ ᠦᠭᠡᠢ ᠪᠠᠲᠤᠯᠠᠬᠤ᠂ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡ᠂ ᠰᠠᠢᠨ ᠳᠤᠷ᠎ᠠ᠎ᠶᠢᠨ ᠦᠢᠯᠡᠴᠢᠯᠡᠭᠡ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠠᠵᠢᠯ᠎ᠢᠶᠠᠨ ᠥᠷᠨᠢᠭᠦᠯᠬᠦ ᠪᠣᠯᠣᠨ᠎ᠠ᠃ ᠨᠠᠷᠠᠲᠤ ᠲᠥᠷᠥᠯ ᠲᠡᠮᠳᠡᠭ᠎ᠦᠨ ᠰᠠᠭᠤᠷᠢ ᠪᠠᠶ᠋ᠢᠭᠤᠯᠬᠤ ᠬᠤᠭᠤᠴᠠᠭᠠᠨ᠎ᠳᠤ᠂ ᠪᠠᠷᠢᠮᠵᠢᠶᠠᠵᠢᠭ᠍ᠰᠠᠨ ᠨᠠᠷᠠᠲᠤ ᠲᠥᠷᠥᠯ ᠲᠡᠮᠳᠡᠭ᠎ᠦᠨ ᠵᠢᠭ᠍ᠰᠠᠭᠠᠯ᠎ᠤᠨ ᠭᠠᠵᠠᠷ᠎ᠤᠨ ᠪᠦᠲᠦᠭᠡᠨ ᠪᠠᠢᠭᠤᠯᠤᠯᠲᠠ᠂ ᠪᠣᠳᠠᠲᠤ ᠪᠣᠯᠪᠠᠰᠤᠷᠠᠯ᠎ᠤᠨ ᠮᠠᠶᠢᠭ᠋᠎ᠤᠨ ᠦᠢᠯᠡᠴᠢᠯᠡᠭᠡᠨ᠎ᠦ ᠡᠩᠨᠡᠭᠡ᠎ᠶᠢ ᠪᠣᠢᠵᠢᠭᠤᠯᠬᠤ ᠪᠠ ᠰᠠᠭᠤᠷᠢ ᠦᠢᠯᠡᠴᠢᠯᠡᠭᠡ᠎ᠶᠢ ᠭᠣᠣᠯᠳᠠᠯᠭ᠎ᠠ᠎ᠲᠠᠢ ᠠᠬᠢᠭᠤᠯᠵᠤ᠂ ᠭᠣᠣᠯ ᠥᠷᠲᠡᠭᠡ ᠴᠡᠭ᠎ᠲᠤ《ᠬᠤᠨ ᠭᠠᠯᠠᠭᠤ᠎ᠶᠢᠨ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠥᠷᠲᠡᠭᠡ 》᠎ᠶᠢ ᠪᠠᠢᠭᠤᠯᠵᠤ ᠂ 24 ᠴᠠᠭ᠎ᠤᠨ ᠪᠠᠴᠢᠮ ᠪᠠᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ᠂ ᠵᠠᠮ᠎ᠤᠨ ᠪᠠᠢᠳᠠᠯ᠎ᠢ ᠪᠠᠢᠴᠠᠭᠠᠨ ᠯᠠᠪᠯᠠᠬᠤ ᠵᠡᠷᠭᠡ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡ᠎ᠶᠢ ᠬᠠᠩᠭᠠᠨ᠎ᠠ᠃

ᠢᠷᠡᠯᠲᠡ᠄ ᠥᠪᠥᠷ ᠮᠣᠩᠭᠣᠯ᠎ᠤᠨ ᠭᠠᠭᠴᠠᠮᠣᠳᠤ ᠠ᠋ᠴᠠ ᠮᠤᠨᠠ ᠠᠭᠤᠯᠠ ᠬᠦᠷᠬᠦ ᠲᠦᠷᠭᠡᠨ᠎ᠤ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ᠎ᠶᠢᠨ ᠬᠠᠮᠢᠶᠠᠷᠤᠯᠲᠠ᠎ᠶᠢᠨ ᠬᠢᠵᠠᠭᠠᠷᠲᠤ ᠺᠣᠮᠫᠠᠨᠢ
          
ᠬᠠᠮᠢᠶ᠎ᠡ ᠪᠦᠬᠦᠢ ᠰᠣᠨᠢᠨ
ᠣᠷᠳᠣᠰ ᠬᠤᠲᠠ᠎ᠶ᠋ᠢᠨ ᠵᠠᠮ ᠠᠷᠠᠴᠢᠯᠠᠨ ᠬᠠᠮᠠᠭᠠᠯᠠᠬᠤ ᠦᠢᠯᠡᠴᠢᠯᠡᠭᠡᠨ᠎ᠤ ᠲᠥᠪ᠎ᠤᠨ ᠵᠡᠭᠦᠨᠭᠠᠷ ᠵᠠᠰᠠᠮᠠᠯ ᠵᠠᠮ᠎ᠤᠨ ᠠᠵᠢᠯ ᠎ᠤᠨ ᠲᠣᠭᠤᠷᠢᠭ᠎ᠤᠨ ᠨᠡᠭᠦᠷᠡᠰᠦ ᠲᠡᠭᠡᠭᠡᠪᠦᠷᠢᠯᠡᠬᠦ᠌ ᠭᠤᠤᠯ ᠵᠠᠮ᠎ᠤᠨ ᠠᠮᠤᠷ ᠲᠦᠪᠱᠢᠨ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠵᠤ ᠪᠤᠢ
ᠱᠢᠯᠢ᠎ᠶ᠋ᠢᠨ ᠭᠤᠤᠯ ᠠᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ ᠪᠠᠷᠠᠭᠠᠨ᠎ᠤ ᠲᠡᠷᠭᠡᠨ ᠵᠢᠯᠣᠭᠤᠴᠢ᠎ᠶᠢᠨ ᠰᠡᠳᠭᠢᠯ᠎ᠢ ᠳᠤᠯᠠᠭ᠋ᠠᠴᠠᠭᠤᠯᠤᠨ ᠠᠶᠠᠯᠠᠯ᠎ᠢ ᠬᠠᠮᠠᠭ᠋ᠠᠯᠠᠵᠠᠢ
ᠮᠧᠩ ᠲᠦᠩ ᠠᠷᠠᠴᠢᠯᠠᠨ ᠬᠠᠮᠠᠭᠠᠯᠠᠬᠤ ᠬᠢᠩᠭ᠋ᠠᠨ ᠠᠢ᠌ᠮᠠᠭ᠎ᠤᠨ ᠬᠤᠪᠢᠶᠠᠷᠢ ᠺᠣᠮᠫᠠᠨᠢ᠄ ᠡᠪᠦᠯ᠎ᠤᠨ ᠤᠯᠠᠷᠢᠯ᠎ᠤᠨ ᠵᠠᠮ᠎ᠤᠨ ᠠᠮᠤᠷ ᠲᠦᠪᠱᠢᠨ᠎ᠤ ᠲᠣᠤᠷ᠎ᠢ ᠪᠠᠬᠢᠵᠢᠭᠦᠯᠦᠨ᠎ᠡ
ᠮᠠᠨᠵᠤᠤᠷ ᠬᠣᠲᠠ᠎ᠶᠢᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠣᠪᠴᠢᠶ᠎ᠠ ᠪᠠᠷᠠᠭᠠᠨ᠎ᠤ᠋ ᠲᠡᠷᠭᠡᠨ ᠵᠢᠯᠣᠭᠣᠴᠢ᠎ᠶᠢᠨ ᠬᠠᠤᠯᠢ ᠶᠣᠰᠣᠨ᠎ᠤ᠋ ᠡᠷᠬᠡ ᠠᠰᠢᠭ᠎ᠢ᠋ ᠢᠳᠡᠪᠬᠢᠲᠡᠢ ᠬᠠᠮᠠᠭᠠᠯᠠᠪᠠ
ᠭᠠᠭᠴᠠᠮᠤᠳᠤ᠎ᠠᠴᠠ ᠬᠠᠯᠢᠭᠤᠲᠤ ᠬᠦᠷᠬᠦ ᠲᠦᠷᠭᠡᠨ᠎ᠤ ᠵᠠᠰᠠᠮᠠᠯ ᠵᠠᠮ᠎ᠤᠨ ᠡᠯ᠎ᠡ ᠡᠵᠡᠩᠨᠡᠯᠲᠡ᠎ᠶ᠋ᠢᠨ ᠨᠢᠭᠡᠴᠢ ᠴᠠᠰᠦ ᠰᠢᠭᠤᠷᠭᠠᠨ᠎ᠳᠤ ᠵᠠᠮ ᠬᠠᠷᠢᠯᠴᠠᠭ᠎ᠠ ᠰᠠᠭᠠᠳ ᠦᠭᠡᠢ ᠨᠡᠪᠲᠡᠷᠡᠬᠦ ᠶ᠋ᠢ ᠪᠠᠲᠤᠯᠠᠪᠠ
 
            