ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠣᠷᠳᠣᠰ ᠬᠤᠲᠠ᠎ᠶᠢᠨ ᠵᠠᠮ ᠠᠷᠠᠴᠢᠯᠠᠨ ᠬᠠᠮᠠᠭᠠᠯᠠᠬᠤ ᠦᠢᠯᠡᠴᠢᠯᠡᠭᠡᠨ᠎ᠤ ᠲᠥᠪ ᠬᠥᠭᠥᠷᠭᠡ᠎ᠶᠢᠨ ᠬᠢᠨᠠᠨ ᠬᠡᠮᠵᠢᠯᠲᠡ᠎ᠶᠢᠨ ᠣᠶᠤᠨᠴᠢᠯᠠᠯᠲᠠ᠎ᠶᠢ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2026-01-19

ᠣᠢᠷ᠎ᠠ᠎ᠳᠤ ᠂ ᠬᠠᠮᠤᠭ ᠰᠡᠭᠦᠯᠴᠢ᠎ᠶᠢᠨ ᠨᠢᠭᠡ ᠢᠵᠢ ᠰᠡᠷᠡᠯ ᠳᠠᠮᠵᠢᠭᠤᠯᠤᠭ᠍ᠴᠢ᠎ᠶᠢ ᠬᠥᠭᠥᠷᠭᠡ᠎ᠶᠢᠨ ᠵᠠᠩᠭᠢᠯᠠᠭ᠎ᠠ᠎ᠶᠢᠨ ᠬᠡᠰᠡᠭ᠎ᠲᠦ ᠣᠨᠣᠪᠴᠢᠲᠠᠶ ᠰᠢᠭᠢᠳᠦᠨ ᠣᠷᠣᠭᠤᠯᠬᠤ᠎ᠶᠢ ᠳᠠᠭᠠᠯᠳᠤᠨ᠂ ᠣᠷᠳᠣᠰ ᠬᠣᠲᠠ᠎ᠶᠢᠨ ᠵᠠᠮ ᠠᠷᠠᠴᠢᠯᠠᠨ ᠬᠠᠮᠠᠭᠠᠯᠠᠬᠤ ᠦᠢᠯᠡᠴᠢᠯᠡᠭᠡᠨ᠎ᠦ ᠲᠥᠪ᠎ᠦᠨ ᠵᠡᠭᠦᠨᠭᠠᠷ ᠵᠠᠰᠠᠮᠠᠯ ᠵᠠᠮ᠎ᠤᠨ ᠠᠵᠢᠯ᠎ᠤᠨ ᠲᠣᠭᠣᠷᠢᠭ᠋ ᠨᠢ ᠮᠤᠵᠢ᠎ᠶᠢᠨ ᠵᠠᠮ᠎ᠤᠨ 103 ᠱᠤᠭᠤᠮ᠎ᠤᠨ ᠯᠥᠩᠺᠸᠤ᠎ᠶᠢᠨ ᠬᠠᠲᠤᠨ ᠭᠣᠣᠯ᠎ᠤᠨ ᠶᠡᠬᠡ ᠬᠥᠭᠥᠷᠭᠡ ᠨᠢ ᠬᠥᠭᠥᠷᠭᠡ᠎ᠶᠢᠨ ᠡᠷᠡᠭᠦᠯ ᠮᠡᠨᠳᠦ᠎ᠶᠢ ᠬᠢᠨᠠᠨ ᠬᠡᠮᠵᠢᠬᠦ ᠰᠢᠰᠲᠧᠮ᠎ᠢ ᠠᠮᠵᠢᠯᠲᠠ ᠲᠠᠢ ᠤᠭᠰᠠᠷᠠᠵᠤ᠂ ᠡᠨᠡ ᠬᠦ᠌ ᠠᠷᠭ᠎ᠠ ᠬᠡᠮᠵᠢᠶ᠎ᠡ ᠨᠢ ᠱᠠᠨ ᠰᠢ ᠥᠪᠥᠷ ᠮᠣᠩᠭᠣᠯ ᠬᠣᠶᠠᠷ ᠮᠤᠵᠢ ᠣᠷᠣᠨ᠎ᠤ ᠵᠠᠮ ᠬᠠᠷᠢᠯᠴᠠᠭᠠᠨ᠎ᠤ ᠬᠦᠢᠰᠦ ᠨᠢ ᠵᠢᠩᠬᠢᠨᠢ᠎ᠪᠡᠷ ᠣᠶᠤᠨᠴᠢ ᠠᠷᠠᠴᠢᠯᠠᠨ ᠬᠠᠮᠠᠭᠠᠯᠠᠬᠤ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ ᠃

ᠵᠡᠭᠦᠨᠭᠠᠷ ᠬᠣᠰᠢᠭᠤᠨ᠎ᠤ ᠯᠥᠩᠺᠸᠤ᠎ᠶᠢᠨ ᠬᠠᠳᠤᠨ ᠭᠣᠣᠯ᠎ᠤᠨ ᠶᠡᠬᠡ ᠬᠥᠭᠥᠷᠭᠡ᠎ᠶᠢᠨ ᠪᠦᠭᠦ ᠣᠷᠳᠣ᠌ ᠨᠢ 556.8 ᠮᠧᠲᠷ᠂ ᠱᠠᠨ ᠰᠢ ᠥᠪᠥᠷ ᠮᠣᠩᠭᠣᠯ ᠬᠣᠶᠠᠷ ᠭᠠᠵᠠᠷ᠎ᠤᠨ ᠠᠵᠤ ᠠᠬᠤᠢ᠎ᠶᠢᠨ ᠶᠠᠪᠤᠯᠴᠠᠭ᠎ᠠ᠎ᠶᠢᠨ 《ᠵᠠᠮ ᠬᠠᠷᠢᠯᠴᠠᠭᠠᠨ᠎ᠤ ᠯᠤᠭᠰᠢᠭᠤᠨ ᠰᠤᠳᠠᠯ》 ᠪᠣᠯᠣᠨ᠎ᠠ᠂ ᠣᠷᠣᠨ ᠪᠦᠰᠡ ᠠᠯᠤᠰᠯᠠᠭᠰᠠᠨ ᠪᠠᠷᠠᠭᠠᠨ᠎ᠤ ᠭᠦᠢᠯᠭᠡᠭᠡ ᠬᠢᠭᠡᠳ ᠣᠯᠠᠨ ᠲᠦᠮᠡᠨ᠎ᠤ ᠶᠠᠪᠤᠵᠤ ᠰᠠᠭᠤᠬᠤ ᠭᠣᠣᠯ ᠴᠢᠳᠠᠮᠵᠢ᠎ᠶᠢ ᠠᠴᠢᠶᠠᠯᠠᠵᠤ ᠪᠠᠢᠳᠠᠭ᠃ ᠣᠢᠷ᠎ᠠ᠎ᠶᠢᠨ ᠵᠢᠯ᠎ᠳᠤ᠂ ᠥᠨᠳᠥᠷ ᠳᠠᠪᠲᠠᠮᠵᠢᠲᠤ ᠬᠦᠨᠳᠦ ᠠᠴᠢᠶᠠᠨ᠎ᠤ ᠮᠠᠰᠢᠨ ᠲᠡᠷᠭᠡ ᠨᠡᠪᠲᠡᠷᠡᠬᠦ ᠪᠠ ᠪᠠᠢᠭᠠᠯᠢ᠎ᠶᠢᠨ ᠢᠳᠡᠭᠳᠡᠭᠦᠯᠦᠯ ᠨᠢ ᠬᠥᠭᠥᠷᠭᠡ᠎ᠶᠢᠨ ᠪᠦᠲᠦᠴᠡ᠎ᠳᠦ ᠦᠷᠭᠦᠯᠵᠢᠯᠡᠨ ᠥᠷᠢᠰᠦᠯᠳᠦᠭᠡᠨ ᠤᠴᠠᠷᠠᠭᠤᠯᠵᠤ ᠂ ᠤᠯᠠᠮᠵᠢᠯᠠᠯᠲᠤ ᠬᠥᠮᠥᠨ᠎ᠦ ᠬᠦᠴᠦᠨ᠎ᠦ ᠲᠣᠭᠣᠷᠢᠨ ᠪᠠᠢᠴᠠᠭᠠᠯᠲᠠ ᠨᠢ ᠨᠢᠭᠡᠨᠲᠡ ᠲᠤᠬᠠᠢ᠎ᠶᠢᠨ ᠴᠠᠭ᠎ᠲᠤ ᠨᠠᠷᠢᠯᠢᠭ᠋ ᠣᠨᠣᠴᠠᠲᠠᠢ᠎ᠪᠠᠷ ᠠᠷᠠᠴᠢᠯᠠᠨ ᠬᠠᠮᠠᠭᠠᠯᠠᠬᠤ ᠬᠡᠷᠡᠭᠴᠡᠭᠡ᠎ᠶᠢ ᠬᠠᠩᠭᠠᠵᠤ ᠳᠡᠶ᠋ᠢᠯᠬᠦ ᠦᠭᠡᠢ ᠪᠣᠯᠵᠠᠢ᠃ ᠡᠨᠡ ᠤᠳᠠᠭ᠎ᠠ ᠬᠥᠭᠥᠷᠭᠡ᠎ᠶᠢᠨ ᠳᠡᠭᠡᠳᠦ ᠬᠡᠰᠡᠭ᠎ᠦᠨ ᠪᠦᠲᠦᠴᠡ᠎ᠶᠢᠨ T ᠬᠡᠯᠪᠡᠷᠢᠲᠦ ᠨᠢᠷᠤᠭᠤ ᠵᠡᠷᠭᠡ ᠵᠠᠩᠭᠢᠯᠠᠭ᠎ᠠ᠎ᠶᠢᠨ ᠬᠡᠰᠡᠭ᠎ᠲᠦ ᠬᠢᠨᠠᠨ ᠬᠡᠮᠵᠢᠬᠦ ᠰᠢᠰᠲᠧᠮ ᠤᠭᠰᠠᠷᠠᠵᠤ ᠂ 24 ᠴᠠᠭ᠎ᠲᠤ ᠬᠥᠭᠥᠷᠭᠡᠨ᠎ᠦ ᠮᠤᠷᠤᠢᠯᠲᠠ᠎ᠶᠢᠨ ᠬᠡᠮᠵᠢᠶ᠎ᠡ᠂ ᠠᠩ ᠴᠠᠪᠠ᠂ ᠬᠡᠯᠪᠡᠯᠵᠡᠯ᠎ᠤᠨ ᠳᠠᠪᠲᠠᠮᠵᠢ᠂ ᠬᠥᠨᠳᠡᠯᠡᠨ ᠬᠣᠯᠪᠣᠯᠲᠠ᠂ ᠦᠯᠡᠳᠡᠭᠳᠡᠯ ᠳᠦᠷᠰᠦ ᠬᠤᠪᠢᠷᠠᠯᠲᠠ᠂ ᠳᠠᠭᠠᠷᠢᠯᠲᠠ᠎ᠶᠢᠨ ᠢᠯᠡᠳᠬᠡᠮᠵᠢ᠂ ᠳᠠᠭᠠᠭᠠᠴᠠ ᠵᠡᠷᠭᠡ ᠪᠦᠲᠦᠴᠡ᠎ᠶᠢᠨ ᠭᠦᠢᠴᠡᠳᠬᠡᠯ ᠲᠣᠭ᠎ᠠ᠎ᠶᠢ ᠴᠠᠭ ᠲᠤᠬᠠᠢ ᠳ᠋ᠤᠨᠢ ᠬᠢᠨᠠᠨ ᠬᠡᠮᠵᠢᠵᠦ᠂ ᠴᠠᠭ ᠲᠤᠬᠠᠢ ᠳ᠋ᠤᠨᠢ ᠴᠠᠭᠳᠠᠭ᠎ᠠ᠎ᠳᠤ ᠮᠡᠳᠡᠭᠦᠯᠬᠦ᠎ᠶᠢ ᠪᠡᠶᠡᠯᠡᠭᠦᠯᠪᠡ᠃ ᠲᠣᠰ ᠰᠢᠰᠲᠧᠮ᠎ᠢ ᠠᠰᠢᠭ᠍ᠯᠠᠯᠲᠠ᠎ᠳᠤ ᠣᠷᠣᠭᠤᠯᠬᠤ᠎ᠳᠤ᠂ ᠬᠥᠭᠥᠷᠭᠡ᠎ᠶᠢᠨ ᠠᠷᠠᠴᠢᠯᠠᠨ ᠬᠠᠮᠠᠭᠠᠯᠠᠯᠲᠠ ᠨᠢ 《ᠰᠠᠨᠠᠭᠠᠴᠢᠯᠠᠭᠠᠲᠤ ᠪᠤᠰᠤ᠎ᠪᠠᠷ ᠰᠡᠯᠪᠢᠨ ᠵᠠᠰᠠᠬᠤ》᠎ᠠᠴᠠ 《ᠰᠠᠨᠠᠭᠠᠴᠢᠯᠠᠭ᠎ᠠ᠎ᠠᠴᠠ᠎ᠪᠠᠨ ᠲᠦᠭᠰᠢᠭᠦᠷᠢ ᠮᠡᠳᠡᠭᠦᠯᠬᠦ》 ᠭᠦᠷᠲᠡᠯ᠎ᠡ᠂ 《ᠬᠥᠮᠥᠨ᠎ᠤ ᠬᠦᠴᠦ᠎ᠪᠠᠷ ᠵᠢᠭ᠍ᠰᠠᠭᠠᠨ ᠪᠠᠢᠴᠠᠭᠠᠬᠤ》᠎ᠠᠴᠠ 《ᠣᠶᠤᠨᠴᠢ ᠮᠡᠳᠡᠷᠡᠮᠵᠢ》 ᠭᠦᠷᠲᠡᠯ᠎ᠡ᠂ 《ᠲᠤᠷᠰᠢᠯᠭ᠎ᠠ᠎ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ》᠎ᠠᠴᠠ 《ᠳ᠋ᠠᠢᠲ᠋ᠠ᠎ᠪᠠᠷ ᠬᠥᠳᠡᠯᠭᠡᠭᠦᠷ ᠪᠤᠯᠭᠠᠬᠤ》 ᠭᠦᠷᠲᠡᠯ᠎ᠡ ᠭᠤᠷᠪᠠᠨ ᠶᠡᠬᠡ ᠬᠤᠪᠢᠷᠠᠯᠲᠠ᠎ᠪᠠᠷ ᠳᠠᠮᠵᠢᠭᠤᠯᠤᠨ᠂ 《ᠬᠢᠨᠠᠨ ᠬᠡᠮᠵᠢᠬᠦ — ᠵᠠᠳᠠᠯᠤᠯᠲᠠ ᠬᠢᠬᠦ — ᠲᠦᠭᠰᠢᠭᠦᠷᠢ ᠮᠡᠳᠡᠭᠡᠯᠡᠬᠦ — ᠰᠢᠢᠳᠪᠦᠷᠢᠯᠡᠬᠦ》 ᠪᠢᠲᠡᠭᠦᠦ ᠴᠠᠭᠠᠷᠢᠭ᠋᠎ᠤᠨ ᠬᠠᠮᠢᠶᠠᠷᠤᠯᠲᠠ᠎ᠶᠢᠨ ᠲᠣᠭᠲᠠᠴᠠ᠎ᠶᠢ ᠪᠠᠢᠭᠤᠯᠬᠤ᠎ᠪᠠᠷ ᠳᠠᠮᠵᠢᠭᠤᠯᠤᠨ᠂ ᠳᠠᠯᠳᠠ ᠬᠡᠮ ᠎ᠢ ᠳᠠᠭᠠᠬᠤ ᠴᠠᠭ᠎ᠢ ᠬᠡᠳᠦᠨ ᠡᠳᠦᠷ᠎ᠡᠴᠡ ᠴᠠᠭ᠎ᠤᠨ ᠲᠠᠰ ᠪᠣᠯᠭᠠᠨ ᠪᠣᠭᠣᠨᠢᠰᠬᠠᠵᠤ᠂ ᠪᠦᠲᠦᠴᠡ᠎ᠶᠢᠨ ᠬᠠᠭᠤᠴᠢᠷᠠᠬᠤ᠎ᠶᠢ ᠪᠦᠲᠦᠮᠵᠢᠲᠡᠶ ᠤᠳᠠᠭᠠᠰᠢᠷᠠᠭᠤᠯᠤᠨ ᠂ ᠠᠷᠠᠴᠢᠯᠠᠨ ᠬᠠᠮᠠᠭᠠᠯᠠᠬᠤ ᠥᠪᠡᠷ᠎ᠦᠨ ᠥᠷᠲᠡᠭ᠎ᠢ ᠪᠠᠭᠤᠷᠠᠭᠤᠯᠤᠨ᠎ᠠ᠃ 

ᠣᠢᠯᠠᠭᠠᠭᠰᠠᠨ᠎ᠢᠶᠠᠷ᠂ 2025 ᠣᠨ᠎ᠠᠴᠠ ᠨᠠᠭᠠᠰᠢ᠂ ᠣᠷᠳᠣᠰ ᠬᠤᠲᠠ᠎ᠶᠢᠨ ᠵᠠᠮ ᠠᠷᠠᠴᠢᠯᠠᠨ ᠬᠠᠮᠠᠭᠠᠯᠠᠬᠤ ᠦᠢᠯᠡᠴᠢᠯᠡᠭᠡᠨ᠎ᠤ ᠲᠥᠪ᠎ᠤᠨ ᠬᠠᠷᠢᠶᠠᠨ᠎ᠳᠠᠬᠢ ᠬᠥᠭᠥᠷᠭᠡ᠎ᠳᠤ ᠡᠷᠡᠭᠦᠯ ᠮᠡᠨᠳᠦ᠎ᠶᠢᠨ ᠬᠢᠨᠠᠨ ᠬᠡᠮᠵᠢᠯᠲᠡ᠎ᠶᠢᠨ ᠰᠢᠰᠲᠧᠮ ᠤᠭᠰᠠᠷᠠᠵᠤ᠂ ᠣᠳᠣᠬᠠᠨ᠎ᠳᠤ ᠨᠡᠢᠲᠡ 6 ᠢᠵᠢ ᠬᠥᠭᠥᠷᠭᠡ᠎ᠶᠢᠨ ᠡᠷᠡᠭᠦᠯ ᠮᠡᠨᠳᠦ᠎ᠶᠢᠨ ᠬᠢᠨᠠᠨ ᠬᠡᠮᠵᠢᠯᠲᠡ᠎ᠶᠢᠨ ᠰᠢᠰᠲᠧᠮ᠎ᠢ ᠤᠭᠰᠠᠷᠠᠵᠤ᠂ ᠡᠭᠦᠨ᠎ᠳᠤ 4 ᠢᠵᠢ ᠲᠣᠭᠲᠠᠮᠠᠯ ᠡᠷᠡᠭᠦᠯ ᠮᠡᠨᠳᠦ᠎ᠶᠢᠨ ᠬᠢᠨᠠᠨ ᠬᠡᠮᠵᠢᠯᠲᠡ᠎ᠶᠢᠨ ᠰᠢᠰᠲᠧᠮ᠎ᠢ ᠤᠭᠰᠠᠷᠠᠵᠤ᠂ ᠵᠡᠭᠦᠨᠭᠠᠷ ᠵᠠᠰᠠᠮᠠᠯ ᠵᠠᠮ᠎ᠤᠨ ᠠᠵᠢᠯ᠎ᠤᠨ ᠲᠣᠭᠣᠷᠢᠭ᠋᠎ᠤᠨ ᠬᠠᠮᠢᠶᠠᠷᠴᠤ ᠠᠷᠠᠴᠢᠯᠠᠬᠤ ᠵᠠᠮ᠎ᠤᠨ ᠬᠡᠰᠡᠭ᠎ᠤᠨ ᠨᠠᠨ ᠭᠧᠦ᠎ᠶᠢᠨ ᠣᠨᠴᠠ ᠶᠡᠬᠡ ᠬᠥᠭᠥᠷᠭᠡ᠂ ᠯᠠᠮᠠ᠎ᠶᠢᠨ ᠲᠣᠬᠣᠢ᠎ᠶᠢᠨ ᠬᠠᠲᠤᠨ ᠭᠣᠣᠯ᠎ᠤᠨ ᠶᠡᠬᠡ ᠬᠥᠭᠥᠷᠭᠡ᠂ ᠯᠥᠩᠺᠸᠤ᠎ᠶᠢᠨ ᠬᠠᠲᠤᠨ ᠭᠣᠣᠯ᠎ᠤᠨ ᠶᠡᠬᠡ ᠬᠥᠭᠥᠷᠭᠡ ᠪᠣᠯᠣᠨ ᠡᠵᠡᠨ ᠬᠣᠷᠣᠭ᠎ᠠ ᠵᠠᠰᠠᠮᠠᠯ ᠵᠠᠮ᠎ᠤᠨ ᠠᠵᠢᠯ᠎ᠤᠨ ᠲᠣᠭᠣᠷᠢᠭ᠋᠎ᠤᠨ ᠬᠠᠮᠢᠶᠠᠷᠴᠤ ᠠᠷᠠᠴᠢᠯᠠᠬᠤ ᠵᠠᠮ᠎ᠤᠨ ᠬᠡᠰᠡᠭ᠎ᠤᠨ ᠨᠥᠬᠥᠷᠯᠡᠯ ᠳᠤᠮᠳᠠ ᠬᠥᠭᠥᠷᠭᠡ᠎ᠳᠦ ᠪᠠᠢᠷᠢᠯᠠᠵᠤ ᠪᠠᠢᠨ᠎ᠠ; ᠡᠷᠡᠭᠦᠯ ᠮᠡᠨᠳᠦ᠎ᠶᠢ ᠬᠢᠨᠠᠨ ᠬᠡᠮᠵᠢᠬᠦ 2 ᠢᠵᠢ ᠰᠢᠯᠵᠢᠮᠡᠯ ᠲᠥᠬᠦᠭᠡᠷᠦᠮᠵᠢ᠎ᠶᠢ ᠵᠢᠯ ᠪᠦᠷᠢ ᠬᠠᠮᠢᠶᠠᠷᠤᠨ ᠠᠷᠠᠴᠢᠯᠠᠵᠤ ᠪᠠᠢᠭ᠎ᠠ 20 ᠬᠥᠭᠥᠷᠭᠡ᠎ᠳᠦ ᠡᠷᠭᠢᠯᠲᠡ᠎ᠶᠢᠨ ᠬᠢᠨᠠᠨ ᠬᠡᠮᠵᠢᠯᠲᠡ ᠬᠢᠨ᠎ᠡ ᠃

(ᠷᠧᠨ ᠵᠢᠢ ᠬᠤᠩ  ᠭᠤᠤ ᠶᠧ ᠶᠢᠩ)

ᠢᠷᠡᠯᠲᠡ᠄ ᠣᠷᠳᠣᠰ ᠬᠤᠲᠠ᠎ᠶᠢᠨ ᠵᠠᠮ ᠠᠷᠠᠴᠢᠯᠠᠨ ᠬᠠᠮᠠᠭᠠᠯᠠᠬᠤ ᠦᠢᠯᠡᠴᠢᠯᠡᠭᠡᠨ᠎ᠤ ᠲᠥᠪ
          
ᠬᠠᠮᠢᠶ᠎ᠡ ᠪᠦᠬᠦᠢ ᠰᠣᠨᠢᠨ
ᠭᠠᠭᠴᠠᠮᠣᠳᠤ᠎ᠡᠴᠡ ᠬᠠᠯᠢᠭᠤᠲᠦ ᠬᠦᠷᠬᠦ ᠲᠦᠷᠭᠡᠨ᠎ᠤ ᠵᠠᠰᠠᠮᠠᠯ ᠵᠠᠮ᠎ᠤᠨ《ᠬᠤᠨ ᠭᠠᠯᠠᠭᠤ ᠬᠣᠰᠢᠭᠤᠴᠢ》ᠣᠨᠴᠠᠯᠢᠭ᠍ᠲᠤ ᠨᠠᠮ᠎ᠤᠨ ᠪᠠᠢᠭᠤᠯᠤᠯᠲᠠ᠎ᠶᠢᠨ ᠲᠦᠷᠦᠯ ᠲᠡᠮᠳᠡᠭ᠎ᠢ ᠡᠭᠦᠳᠦᠨ ᠪᠠᠶ᠋ᠢᠭᠤᠯᠬᠤ ᠠᠵᠢᠯ ᠪᠦᠬᠦ ᠲᠠᠯ᠎ᠠ᠎ᠪᠠᠷ ᠡᠬᠢᠯᠡᠪᠡ
ᠣᠷᠳᠣᠰ ᠬᠤᠲᠠ᠎ᠶ᠋ᠢᠨ ᠵᠠᠮ ᠠᠷᠠᠴᠢᠯᠠᠨ ᠬᠠᠮᠠᠭᠠᠯᠠᠬᠤ ᠦᠢᠯᠡᠴᠢᠯᠡᠭᠡᠨ᠎ᠤ ᠲᠥᠪ᠎ᠤᠨ ᠵᠡᠭᠦᠨᠭᠠᠷ ᠵᠠᠰᠠᠮᠠᠯ ᠵᠠᠮ᠎ᠤᠨ ᠠᠵᠢᠯ ᠎ᠤᠨ ᠲᠣᠭᠤᠷᠢᠭ᠎ᠤᠨ ᠨᠡᠭᠦᠷᠡᠰᠦ ᠲᠡᠭᠡᠭᠡᠪᠦᠷᠢᠯᠡᠬᠦ᠌ ᠭᠤᠤᠯ ᠵᠠᠮ᠎ᠤᠨ ᠠᠮᠤᠷ ᠲᠦᠪᠱᠢᠨ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠵᠤ ᠪᠤᠢ
ᠱᠢᠯᠢ᠎ᠶ᠋ᠢᠨ ᠭᠤᠤᠯ ᠠᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ ᠪᠠᠷᠠᠭᠠᠨ᠎ᠤ ᠲᠡᠷᠭᠡᠨ ᠵᠢᠯᠣᠭᠤᠴᠢ᠎ᠶᠢᠨ ᠰᠡᠳᠭᠢᠯ᠎ᠢ ᠳᠤᠯᠠᠭ᠋ᠠᠴᠠᠭᠤᠯᠤᠨ ᠠᠶᠠᠯᠠᠯ᠎ᠢ ᠬᠠᠮᠠᠭ᠋ᠠᠯᠠᠵᠠᠢ
ᠮᠧᠩ ᠲᠦᠩ ᠠᠷᠠᠴᠢᠯᠠᠨ ᠬᠠᠮᠠᠭᠠᠯᠠᠬᠤ ᠬᠢᠩᠭ᠋ᠠᠨ ᠠᠢ᠌ᠮᠠᠭ᠎ᠤᠨ ᠬᠤᠪᠢᠶᠠᠷᠢ ᠺᠣᠮᠫᠠᠨᠢ᠄ ᠡᠪᠦᠯ᠎ᠤᠨ ᠤᠯᠠᠷᠢᠯ᠎ᠤᠨ ᠵᠠᠮ᠎ᠤᠨ ᠠᠮᠤᠷ ᠲᠦᠪᠱᠢᠨ᠎ᠤ ᠲᠣᠤᠷ᠎ᠢ ᠪᠠᠬᠢᠵᠢᠭᠦᠯᠦᠨ᠎ᠡ
ᠮᠠᠨᠵᠤᠤᠷ ᠬᠣᠲᠠ᠎ᠶᠢᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠣᠪᠴᠢᠶ᠎ᠠ ᠪᠠᠷᠠᠭᠠᠨ᠎ᠤ᠋ ᠲᠡᠷᠭᠡᠨ ᠵᠢᠯᠣᠭᠣᠴᠢ᠎ᠶᠢᠨ ᠬᠠᠤᠯᠢ ᠶᠣᠰᠣᠨ᠎ᠤ᠋ ᠡᠷᠬᠡ ᠠᠰᠢᠭ᠎ᠢ᠋ ᠢᠳᠡᠪᠬᠢᠲᠡᠢ ᠬᠠᠮᠠᠭᠠᠯᠠᠪᠠ
 
            