ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠱᠢᠯᠢ᠎ᠶ᠋ᠢᠨ ᠭᠤᠤᠯ ᠠᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ ᠪᠠᠷᠠᠭᠠᠨ᠎ᠤ ᠲᠡᠷᠭᠡᠨ ᠵᠢᠯᠣᠭᠤᠴᠢ᠎ᠶᠢᠨ ᠰᠡᠳᠭᠢᠯ᠎ᠢ ᠳᠤᠯᠠᠭ᠋ᠠᠴᠠᠭᠤᠯᠤᠨ ᠠᠶᠠᠯᠠᠯ᠎ᠢ ᠬᠠᠮᠠᠭ᠋ᠠᠯᠠᠵᠠᠢ
ᠨᠡᠶ᠋ᠢᠲᠡᠯᠡᠭᠰᠡᠨ ᠴᠠᠭ᠄ 2026-01-05

ᠡᠨᠡ ᠵᠢᠯ᠎ᠠᠴᠠ ᠨᠠᠭ᠋ᠠᠰᠢ᠂ ᠱᠢᠯᠢ᠎ᠶ᠋ᠢᠨ ᠭᠤᠤᠯ ᠠᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ ᠪᠠᠷᠠᠭᠠᠨ᠎ᠤ ᠲᠡᠷᠭᠡᠨ ᠵᠢᠯᠣᠭᠤᠴᠢ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠣᠨᠣᠪᠴᠢᠲᠠᠶ ᠵᠣᠯᠭᠠᠭᠤᠯᠵᠤ᠂ ᠠᠯᠢ ᠣᠯᠠᠨ ᠪᠣᠳᠠᠲᠠᠶ᠎ᠶ᠋ᠢ ᠡᠷᠬᠢᠮᠯᠡᠬᠦ᠌ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠬᠠᠢᠷ᠎ᠠ ᠬᠠᠯᠠᠮᠵᠢ ᠪᠣᠯᠣᠨ ᠪᠠᠲᠤᠯᠠᠭ᠎ᠠ᠎ᠶᠢ ᠵᠢᠯᠣᠭᠣᠴᠢ᠎ᠶᠢᠨ ᠰᠡᠳᠬᠢᠯ᠎ᠳᠦ ᠬᠦᠷᠭᠡᠵᠦ᠂ ᠪᠠᠷᠠᠭᠠᠨ᠎ᠤ ᠲᠡᠷᠭᠡᠨ ᠵᠢᠯᠣᠭᠣᠴᠢ᠎ᠶᠢᠨ ᠠᠵᠢᠯ᠎ᠤᠨ ᠵᠠᠮ᠎ᠢ ᠨᠡᠩ ᠰᠢᠯᠤᠭᠤᠨ᠂ ᠨᠡᠩ ᠰᠠᠨᠠᠭ᠎ᠠ ᠠᠮᠤᠷ  ᠪᠣᠯᠭ᠋ᠠᠪᠠ᠃ 

ᠭᠤᠮᠣᠳᠠᠯ ᠱᠠᠭᠠᠷᠳᠠᠯᠭ᠎ᠠ᠎ᠶ᠋ᠢ ᠳᠠᠭᠠᠬᠤ ᠠᠷᠭ᠎ᠠ ᠵᠠᠮ᠎ᠢ ᠰᠠᠭᠠᠳ ᠥᠬᠡᠶ ᠨᠡᠪᠲᠡᠷᠡᠭᠦᠯᠵᠦ᠍᠂ ᠠᠷᠠᠳ᠎ᠲᠤ ᠲᠥᠬᠦᠮ ᠦᠵᠡᠭᠦᠯᠬᠦ᠌ ᠦᠢᠯᠡᠴᠢᠯᠡᠭᠡ᠎ᠶ᠋ᠢ ᠥᠨᠳᠥᠷ ᠪᠦᠲᠦᠮᠵᠢᠲᠡᠶ᠎ᠪᠠᠷ ᠨᠠᠢ᠌ᠳᠠᠪᠤᠷᠢᠵᠢᠭᠤᠯᠤᠨ᠎ᠠ᠃ ᠪᠠᠷᠠᠭᠠᠨ᠎ᠤ ᠲᠡᠷᠭᠡᠨ ᠵᠢᠯᠣᠭᠤᠴᠢ᠎ᠶ᠋ᠢᠨ ᠬᠦᠰᠡᠯ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 12328 ᠬᠠᠯᠠᠮᠱᠢᠯ ᠤᠲᠠᠰᠤᠨ᠎ᠤ ᠦᠶ᠋ᠯᠡᠴᠢᠯᠡᠭᠡᠨ᠎ᠤ ᠠᠷᠭ᠎ᠠ ᠵᠠᠮ᠎ᠢ ᠰᠠᠭᠠᠳ ᠥᠬᠡᠶ ᠨᠡᠪᠲᠡᠷᠡᠭᠦᠯᠵᠦ᠍᠂ 《ᠵᠠᠭᠠᠯᠳᠤᠯᠭ᠎ᠠ᠎ᠶ᠋ᠢ ᠭᠥᠯᠢᠶᠡᠨ ᠠᠪᠤᠪᠠᠯ ᠳᠠᠷᠤᠶ ᠱᠢᠢᠳᠪᠦᠷᠢᠯᠡᠬᠦ᠌》 ᠠᠵᠢᠯ᠎ᠤᠨ ᠲᠣᠭ᠍ᠲᠠᠴᠠ᠎ᠶ᠋ᠢ ᠪᠠᠢᠭᠤᠯᠪᠠ᠃ 12 ᠳ᠋ᠤᠭ᠋ᠠᠷ ᠰᠠᠷ᠎ᠠ᠎ᠶ᠋ᠢᠨ 29 ᠎ᠤ ᠡᠳᠦᠷ ᠪᠣᠯᠲᠠᠯ᠎ᠠ᠂ 12328 ᠬᠠᠯᠠᠮᠱᠢᠯ ᠤᠲᠠᠰᠤ ᠨᠢᠭᠡᠨᠲᠡ ᠪᠠᠷᠠᠭᠠᠨ᠎ᠤ ᠲᠡᠷᠭᠡᠨ ᠵᠢᠯᠣᠭᠤᠴᠢ᠎ᠶ᠋ᠢᠨ ᠬᠤᠯᠪᠣᠭ᠍ᠳᠠᠯ ᠪᠥᠬᠦᠶ ᠠᠵᠢᠯ᠎ᠤᠨ ᠬᠠᠭᠤᠳᠠᠰᠤ᠎ᠶ᠋ᠢ 73 ᠬᠤᠪᠢ ᠭᠥᠯᠢᠶᠡᠨ ᠠᠪᠴᠤ᠌ ᠱᠢᠶ᠋ᠳᠪᠦᠷᠢᠯᠡᠨ᠂ ᠱᠢᠶ᠋ᠳᠪᠦᠷᠢᠯᠡᠵᠦ᠍ ᠳᠠᠭᠤᠰᠭᠠᠭ᠍ᠰᠠᠨ ᠨᠣᠷᠮ᠎ᠠ᠎ᠨᠢ 100% ᠪᠠᠢᠵᠤ᠂ ᠡᠭᠦᠨ᠎ᠦ ᠳᠣᠲᠣᠷ᠎ᠠ ᠵᠢᠯᠣᠭᠣᠴᠢ᠎ᠳᠤ 28 ᠲᠦᠮᠡ ᠭᠠᠷᠤᠢ ᠲᠥᠭᠥᠷᠢᠭ᠎ᠦᠨ ᠲᠡᠭᠡᠭᠡᠪᠦᠷᠢ ᠶ᠋ᠢᠨ ᠵᠠᠷᠤᠳᠠᠯ ᠢ᠋ ᠪᠤᠴᠠᠭᠠᠨ ᠠᠪᠴᠢᠷᠠᠵᠤ ᠦᠭᠪᠡ᠂ ᠴᠥᠭᠡᠨ ᠪᠤᠰᠤ ᠵᠢᠯᠣᠭᠣᠴᠢ ᠶ᠋ᠢᠨ 《 ᠪᠠᠴᠢᠮ ᠲᠤᠯᠭᠠᠮ 》 ᠪᠠᠢᠳᠠᠯ ᠢ᠋ ᠦᠨᠡᠨ ᠬᠦ᠌ ᠰᠢᠢᠳᠪᠦᠷᠢᠯᠡᠵᠡᠢ᠃ 

ᠰᠡᠳᠭᠢᠯ᠎ᠢ ᠳᠤᠯᠠᠭᠠᠴᠠᠭᠤᠯᠬᠤ ᠦᠢᠯᠡᠴᠢᠯᠡᠭᠡᠨ᠎ᠤ ᠵᠢᠭ᠍ᠰᠠᠭᠠᠯ᠎ᠤᠨ ᠭᠠᠵᠠᠷ᠎ᠢ ᠳᠡᠰ ᠳᠡᠪᠱᠢᠭᠦᠯᠵᠦ᠍᠂ ᠠᠶᠠᠨ ᠵᠠᠮ᠎ᠤᠨ ᠪᠠᠲᠤᠯᠠᠭ᠎ᠠ᠎ᠶ᠋ᠢᠨ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠤᠭᠴᠠᠯᠠᠨ᠎ᠠ᠃ ᠪᠠᠷᠠᠭᠠᠨ᠎ᠤ ᠲᠡᠷᠭᠡᠨ ᠵᠢᠯᠣᠭᠤᠴᠢ᠎ᠳᠤ ᠲᠠᠭᠠᠯᠠᠮᠵᠢᠲᠠᠶ ᠠᠮᠠᠷᠠᠬᠤ ᠣᠷᠴᠢᠨ ᠲᠣᠭᠤᠷᠢᠨ᠎ᠢ ᠪᠣᠶ ᠪᠣᠯᠭᠠᠬᠤ᠎ᠶ᠋ᠢᠨ ᠲᠥᠯᠥᠭᠡ᠂ 《ᠵᠢᠯᠣᠭᠤᠴᠢ᠎ᠶ᠋ᠢᠨ ᠭᠡᠷ》 ᠎ᠤᠨ ᠪᠥᠲᠥᠭᠡᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠥᠬᠦ᠌ ᠬᠦᠴᠦᠨ᠎ᠢᠶᠠᠷ᠎ᠢᠶᠠᠨ ᠳᠥᠯᠭᠢᠨ ᠠᠬᠢᠭᠤᠯᠤᠭᠰᠠᠨ ᠪᠠᠢ᠌ᠨ᠎ᠠ᠃ ᠣᠳᠣᠬᠠᠨ᠎ᠳᠤ ᠪᠦᠬᠦ᠌ ᠠᠢᠮᠠᠭ᠎ᠲᠤ ᠨᠢᠭᠡᠨᠲᠡ 20 《ᠵᠢᠯᠣᠭᠤᠴᠢ᠎ᠶ᠋ᠢᠨ ᠭᠡᠷ》 ᠎ᠢ ᠪᠠᠢᠭᠤᠯᠤᠨ ᠡᠵᠡᠩᠨᠡᠵᠦ᠍᠂ ᠠᠮᠠᠷᠠᠬᠤ ᠰᠠᠨᠳᠠᠯᠢ᠂ ᠬᠠᠯᠠᠭᠤᠨ ᠤᠰᠤᠨ᠎ᠤ ᠬᠠᠩᠭᠠᠯᠭ᠎ᠠ᠂ ᠪᠠᠴᠢᠮ ᠪᠠᠢᠳᠠᠯ᠎ᠢ ᠠᠷᠭ᠋ᠠᠴᠠᠭ᠋ᠠᠬᠤ ᠡᠮ᠎ᠤᠨ ᠵᠦᠢᠯ ᠵᠡᠷᠭᠡ ᠰᠠᠭᠤᠷᠢ ᠦᠢᠯᠡᠴᠢᠯᠡᠭᠡ᠎ᠶ᠋ᠢ ᠰᠦᠢᠳᠭᠡᠯ ᠬᠤᠷᠢᠶᠠᠬᠤ ᠦᠭᠡᠢ᠎ᠪᠠᠷ ᠬᠠᠩᠭᠠᠵᠤ᠂ ᠵᠢᠯᠣᠭᠣᠴᠢ᠎ᠳᠤ ᠬᠠᠯᠠᠭᠤᠨ ᠤᠰᠤ ᠤᠤᠭᠤᠯᠭᠠᠵᠤ᠂ ᠬᠠᠯᠠᠭᠤᠨ ᠬᠣᠭᠣᠯᠠ ᠢᠳᠡᠭᠦᠯᠵᠦ᠂ ᠰᠠᠨᠠᠭ᠎ᠠ ᠠᠮᠤᠷ ᠤᠨᠲᠠᠭᠤᠯᠤᠨ᠎ᠠ᠃ ᠴᠠᠬᠢᠯᠭᠠᠨ ᠴᠡᠨᠡᠭ᠌ᠯᠡᠬᠦ᠌ ᠰᠠᠭᠤᠷᠢ ᠲᠥᠬᠦᠭᠡᠷᠦᠮᠵᠢ᠎ᠶ᠋ᠢᠨ ᠪᠠᠢᠷᠢᠱᠢᠭᠤᠯᠤᠯᠲᠠ᠎ᠶ᠋ᠢ ᠵᠡᠷᠭᠡ᠎ᠪᠠᠷ ᠲᠡᠭᠦᠯᠳᠡᠷᠵᠢᠭᠦᠯᠵᠦ᠍᠂ ᠬᠠᠷᠢᠶ᠎ᠠ ᠣᠷᠣᠨ᠎ᠤ᠎ᠪᠠᠨ ᠲᠦᠷᠭᠡᠨ᠎ᠦ ᠵᠠᠰᠠᠮᠠᠯ ᠵᠠᠮ᠎ᠤᠨ ᠦᠢᠯᠡᠴᠢᠯᠡᠭᠡᠨ᠎ᠤ ᠲᠣᠭᠤᠷᠢᠭ ᠵᠢᠴᠢ ᠤᠯᠤᠰ ᠮᠤᠵᠢ᠎ᠶ᠋ᠢᠨ ᠭᠤᠣᠯ ᠱᠤᠭᠤᠮ ᠳᠡᠭᠡᠷ᠎ᠡ 395 ᠴᠠᠬᠢᠯᠭᠠᠨ ᠴᠡᠨᠡᠭ᠌ᠯᠡᠬᠦ᠌ ᠰᠠᠭᠤᠷᠢ ᠲᠥᠬᠦᠭᠡᠷᠦᠮᠵᠢ᠎ᠶ᠋ᠢ ᠠᠱᠢᠭ᠍ᠯᠠᠯᠲᠠ᠎ᠳᠤ ᠣᠷᠣᠭᠤᠯᠵᠤ᠂ ᠱᠢᠨ᠎ᠡ ᠡᠨᠧᠷᠭᠢ᠎ᠶ᠋ᠢᠨ ᠪᠠᠷᠠᠭᠠᠨ᠎ᠤ ᠲᠡᠷᠭᠡ᠎ᠶ᠋ᠢᠨ 《ᠦᠷᠭᠦᠯᠵᠢᠯᠡᠨ ᠠᠶᠠᠯᠠᠬᠤ ᠵᠣᠪᠠᠨᠢᠯ》 ᠎ᠢ ᠪᠦᠲᠦᠮᠵᠢᠲᠡᠶ ᠨᠠᠮᠳᠠᠭᠤᠯᠪᠠ᠃

ᠵᠢᠯᠣᠭᠤᠴᠢ᠎ᠶ᠋ᠢᠨ ᠭᠤᠤᠯ ᠬᠡᠷᠡᠭ᠌ᠴᠡᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠣᠨᠣᠪᠴᠢᠲᠠᠶ ᠰᠢᠯᠢᠳᠡᠭᠵᠢᠭᠦᠯᠦᠨ᠎ᠡ᠃ ᠪᠠᠷᠠᠭᠠᠨ᠎ᠤ ᠲᠡᠷᠭᠡᠨ ᠵᠢᠯᠣᠭᠤᠴᠢ᠎ᠶ᠋ᠢᠨ ᠥᠨᠳᠥᠷ ᠳᠠᠪᠲᠠᠮᠵᠢ᠎ᠪᠠᠷ ᠠᠩᠬᠠᠷᠴᠤ᠌ ᠪᠠᠢᠭ᠎ᠠ ᠦᠶ᠋ᠯᠡᠴᠢᠯᠡᠭᠡᠨ᠎ᠤ ᠵᠦᠶ᠋ᠯᠡᠰ᠎ᠲᠤ ᠴᠢᠭ᠌ᠯᠡᠭᠦᠯᠦᠨ᠂ ᠨᠠᠷᠢᠯᠢᠭ ᠣᠨᠣᠴᠠᠲᠠᠶ᠎ᠪᠠᠷ ᠬᠦᠴᠦᠯᠡᠵᠦ᠍᠂ ᠡᠩ᠎ᠤᠨ ᠪᠠᠷᠠᠭᠠᠨ᠎ᠤ ᠲᠡᠭᠡᠭᠡᠪᠦᠷᠢ᠎ᠶ᠋ᠢᠨ ᠵᠢᠯᠣᠭᠤᠴᠢ᠎ᠶ᠋ᠢᠨ ᠠᠵᠢᠯ ᠡᠷᠭᠢᠯᠡᠬᠦ᠌ ᠬᠢᠷᠢ ᠬᠡᠮ᠎ᠤᠨ ᠦᠨᠡᠮᠯᠡᠯ᠎ᠢ ᠭᠦᠶ᠋ᠴᠡᠳᠭᠡᠬᠦ᠌ ᠴᠤᠪᠤᠷᠠᠯ᠎ᠢ ᠱᠢᠯᠢᠳᠡᠭ᠌ᠵᠢᠭᠦᠯᠦᠨ᠂ 《ᠰᠦᠯᠵᠢᠶᠡᠨ ᠳᠡᠭᠡᠷ᠎ᠡ ᠭᠦᠶ᠋ᠴᠡᠳᠭᠡᠬᠦ᠂ ᠠᠯᠠᠭᠠᠨ ᠳᠡᠭᠡᠷ᠎ᠡ ᠭᠦᠶ᠋ᠴᠡᠳᠭᠡᠬᠦ᠂ ᠣᠢᠷ᠎ᠠ ᠬᠠᠪᠢ᠎ᠳᠤ ᠭᠦᠶ᠋ᠴᠡᠳᠭᠡᠬᠦ᠌》 ᠎ᠶ᠋ᠢ ᠪᠥᠬᠦ᠌ ᠲᠠᠯ᠎ᠠ᠎ᠪᠠᠷ ᠪᠡᠶᠡᠯᠡᠭᠦᠯᠵᠦ᠍᠂ ᠵᠢᠯᠣᠭᠤᠴᠢ᠎ᠶ᠋ᠢᠨ ᠠᠵᠢᠯ ᠶᠠᠪᠤᠳᠠᠯ ᠭᠦᠶ᠋ᠴᠡᠳᠭᠡᠬᠦ᠌ ᠴᠠᠭ᠎ᠤᠨ ᠥᠪᠡᠷ᠎ᠤᠨ ᠥᠷᠲᠡᠭ᠎ᠢ ᠶᠡᠭᠡ᠎ᠪᠠᠷ ᠠᠷᠪᠢᠯᠠᠪᠠ; 《ᠬᠠᠤᠯᠢ ᠬᠡᠷᠡᠭᠵᠢᠭᠦᠯᠬᠦ + ᠬᠠᠤᠯᠢ ᠲᠦᠭᠡᠮᠡᠯᠵᠢᠭᠦᠯᠬᠦ᠌》 ᠤᠶᠠᠨ ᠴᠢᠨᠠᠷᠲᠠᠶ ᠬᠠᠤᠯᠢ ᠬᠡᠷᠡᠭ᠌ᠵᠢᠭᠦᠯᠬᠦ᠌ ᠵᠠᠭ᠍ᠪᠤᠷ᠎ᠢ ᠬᠡᠷᠡᠭ᠌ᠵᠢᠭᠦᠯᠵᠦ᠍᠂ ᠬᠠᠤᠯᠢ ᠬᠡᠷᠡᠭ᠌ᠵᠢᠭᠦᠯᠬᠦ᠌ ᠡᠷᠴᠢᠮ᠎ᠢ ᠨᠠᠩ ᠳᠤᠯᠠᠭᠠᠴᠠᠭᠤᠯᠪᠠ᠃

ᠰᠡᠳᠭᠢᠯ ᠳᠤᠯᠠᠭᠠᠴᠠᠭᠤᠯᠬᠤ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ᠎ᠶ᠋ᠢ ᠭᠦᠨᠵᠡᠭᠡᠢᠷᠡᠭᠦᠯᠵᠦ᠍᠂ ᠨᠡᠢᠭᠡᠮ᠎ᠤᠨ ᠬᠠᠯᠠᠮᠵᠢᠯᠠᠯ᠎ᠤᠨ ᠬᠠᠯᠠᠭᠤᠨ ᠳᠤᠯᠠᠭᠠᠨ᠎ᠢ ᠳᠠᠮᠵᠢᠭᠤᠯᠤᠨ᠎ᠠ᠃ ᠡᠷᠬᠡ ᠠᠱᠢᠭ᠎ᠤᠨ ᠪᠠᠲᠤᠯᠠᠭ᠎ᠠ᠎ᠶ᠋ᠢ ᠴᠢᠩᠭᠠᠳᠭᠠᠭ᠍ᠰᠠᠨ ᠰᠠᠭᠤᠷᠢᠨ ᠳᠡᠭᠡᠷ᠎ᠡ᠂ ᠠᠵᠢᠯᠴᠢᠨ᠎ᠤ ᠡᠪᠯᠡᠯ᠎ᠲᠠᠢ ᠬᠠᠮᠲᠤᠷᠠᠨ 《ᠬᠠᠯᠠᠭᠤᠨ ᠳᠤᠯᠠᠭᠠᠨ ᠠᠶᠠᠯᠠᠯ ᠬᠠᠮᠠᠭᠠᠯᠠᠬᠤ》 ᠱᠢᠷᠢᠰ ᠬᠠᠢᠷ᠎ᠠ ᠬᠠᠯᠠᠮᠵᠢ᠎ᠶ᠋ᠢᠨ ᠠᠵᠢᠯᠯᠠᠭ᠎ᠠ᠎ᠶ᠋ᠢ ᠥᠷᠨᠢᠭᠦᠯᠵᠦ᠍᠂ ᠪᠠᠷᠠᠭᠠᠨ᠎ᠤ ᠲᠡᠷᠭᠡᠨ ᠵᠢᠯᠣᠭᠤᠴᠢ᠎ᠶ᠋ᠢᠨ ᠭᠡᠱᠢᠭᠦᠳ᠎ᠲᠤ 10 ᠲᠦᠮᠡᠨ ᠲᠥᠭᠦᠷᠢᠭ᠎ᠤᠨ ᠥᠷᠲᠡᠭ ᠪᠥᠬᠦᠶ ᠰᠡᠳᠭᠢᠯ᠎ᠢ ᠳᠤᠯᠠᠭᠠᠴᠠᠭᠤᠯᠬᠤ ᠬᠤᠪᠴᠠᠰᠤ ᠣᠯᠭᠤᠵᠤ᠂ ᠥᠷᠯᠥᠭᠡ᠎ᠶ᠋ᠢᠨ ᠲᠡᠭᠡᠭᠡᠪᠦᠷᠢ᠎ᠶ᠋ᠢᠨ ᠥᠷᠲᠡᠭᠡ ᠴᠡᠭ᠎ᠲᠤ ᠬᠠᠯᠠᠭᠤᠨ ᠱᠢᠩᠭᠡᠨ ᠪᠤᠳᠠᠭ᠎ᠠ᠂ ᠪᠤᠤᠽᠢ ᠵᠡᠷᠭᠡ ᠬᠠᠯᠠᠭᠤᠨ ᠳᠤᠯᠠᠭᠠᠨ ᠥᠷᠯᠥᠭᠡ᠎ᠶ᠋ᠢᠨ ᠬᠤᠭᠤᠯᠠ ᠬᠦᠷᠭᠡᠵᠦ᠍᠂ ᠪᠠᠷᠠᠭᠠᠨ᠎ᠤ ᠲᠡᠷᠭᠡᠨ ᠵᠢᠯᠣᠭᠤᠴᠢ᠎ᠳᠤ ᠬᠠᠬᠢᠷ ᠬᠦᠢᠲᠡᠨ ᠠᠶᠠᠨ ᠵᠠᠮ᠎ᠳᠤ ᠬᠠᠯᠠᠭᠤᠨ ᠳᠤᠯᠠᠭ᠋ᠠᠨ ᠪᠠ ᠬᠠᠯᠠᠮᠵᠢᠯᠠᠯ᠎ᠢ ᠬᠦᠷᠲᠡᠭᠡᠪᠡ᠃

ᠢᠷᠡᠯᠲᠡ᠄ ᠱᠢᠯᠢ᠎ᠶ᠋ᠢᠨ ᠭᠤᠤᠯ ᠠᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠣᠷᠳᠣᠰ ᠬᠤᠲᠠ᠎ᠶ᠋ᠢᠨ ᠵᠠᠮ ᠠᠷᠠᠴᠢᠯᠠᠨ ᠬᠠᠮᠠᠭᠠᠯᠠᠬᠤ ᠦᠢᠯᠡᠴᠢᠯᠡᠭᠡᠨ᠎ᠤ ᠲᠥᠪ᠎ᠤᠨ ᠵᠡᠭᠦᠨᠭᠠᠷ ᠵᠠᠰᠠᠮᠠᠯ ᠵᠠᠮ᠎ᠤᠨ ᠠᠵᠢᠯ ᠎ᠤᠨ ᠲᠣᠭᠤᠷᠢᠭ᠎ᠤᠨ ᠨᠡᠭᠦᠷᠡᠰᠦ ᠲᠡᠭᠡᠭᠡᠪᠦᠷᠢᠯᠡᠬᠦ᠌ ᠭᠤᠤᠯ ᠵᠠᠮ᠎ᠤᠨ ᠠᠮᠤᠷ ᠲᠦᠪᠱᠢᠨ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠵᠤ ᠪᠤᠢ
ᠮᠧᠩ ᠲᠦᠩ ᠠᠷᠠᠴᠢᠯᠠᠨ ᠬᠠᠮᠠᠭᠠᠯᠠᠬᠤ ᠬᠢᠩᠭ᠋ᠠᠨ ᠠᠢ᠌ᠮᠠᠭ᠎ᠤᠨ ᠬᠤᠪᠢᠶᠠᠷᠢ ᠺᠣᠮᠫᠠᠨᠢ᠄ ᠡᠪᠦᠯ᠎ᠤᠨ ᠤᠯᠠᠷᠢᠯ᠎ᠤᠨ ᠵᠠᠮ᠎ᠤᠨ ᠠᠮᠤᠷ ᠲᠦᠪᠱᠢᠨ᠎ᠤ ᠲᠣᠤᠷ᠎ᠢ ᠪᠠᠬᠢᠵᠢᠭᠦᠯᠦᠨ᠎ᠡ
ᠮᠠᠨᠵᠤᠤᠷ ᠬᠣᠲᠠ᠎ᠶᠢᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠣᠪᠴᠢᠶ᠎ᠠ ᠪᠠᠷᠠᠭᠠᠨ᠎ᠤ᠋ ᠲᠡᠷᠭᠡᠨ ᠵᠢᠯᠣᠭᠣᠴᠢ᠎ᠶᠢᠨ ᠬᠠᠤᠯᠢ ᠶᠣᠰᠣᠨ᠎ᠤ᠋ ᠡᠷᠬᠡ ᠠᠰᠢᠭ᠎ᠢ᠋ ᠢᠳᠡᠪᠬᠢᠲᠡᠢ ᠬᠠᠮᠠᠭᠠᠯᠠᠪᠠ
ᠭᠠᠭᠴᠠᠮᠤᠳᠤ᠎ᠠᠴᠠ ᠬᠠᠯᠢᠭᠤᠲᠤ ᠬᠦᠷᠬᠦ ᠲᠦᠷᠭᠡᠨ᠎ᠤ ᠵᠠᠰᠠᠮᠠᠯ ᠵᠠᠮ᠎ᠤᠨ ᠡᠯ᠎ᠡ ᠡᠵᠡᠩᠨᠡᠯᠲᠡ᠎ᠶ᠋ᠢᠨ ᠨᠢᠭᠡᠴᠢ ᠴᠠᠰᠦ ᠰᠢᠭᠤᠷᠭᠠᠨ᠎ᠳᠤ ᠵᠠᠮ ᠬᠠᠷᠢᠯᠴᠠᠭ᠎ᠠ ᠰᠠᠭᠠᠳ ᠦᠭᠡᠢ ᠨᠡᠪᠲᠡᠷᠡᠬᠦ ᠶ᠋ᠢ ᠪᠠᠲᠤᠯᠠᠪᠠ
 
            