ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ᠎ᠨᠢ ᠰᠢᠦᠳᠠᠨ᠎ᠤ ᠲᠦᠷᠭᠡᠨ ᠬᠦᠷᠭᠡᠯᠲᠡ ᠵᠢᠨ ᠦᠢᠯᠡᠴᠢᠯᠡᠭᠡ ᠵᠢ ᠤᠯᠠᠮ ᠨᠢᠭᠡ ᠠᠯᠬᠤᠮ ᠰᠠᠭ᠋ᠠᠳ ᠥᠬᠡᠶ ᠨᠡᠪᠲᠡᠷᠡᠭᠦᠯᠵᠦ ᠠᠷᠠᠳ᠎ᠤᠨ ᠠᠮᠢᠳᠤᠷᠠᠯ᠎ᠤᠨ ᠡᠳ᠋ ᠪᠣᠳᠠᠰ᠎ᠤᠨ ᠲᠡᠭᠡᠭᠡᠪᠦᠷᠢ ᠵᠢ ᠪᠠᠲᠤᠯᠠᠬᠤ ᠮᠡᠳᠡᠭᠳᠡᠯ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2022-12-19

      ᠣᠢ᠌ᠷ᠎ᠠ᠎ᠳᠤ᠂ ᠰᠢᠦᠳᠠᠨ᠎ᠤ ᠲᠦᠷᠭᠡᠨ ᠬᠦᠷᠭᠡᠯᠲᠡ ᠵᠢᠨ ᠲᠣᠭᠲᠠᠭᠤᠨ ᠵᠶ᠋ᠡᠷ ᠠᠵᠢᠯᠯᠠᠬᠤ ᠵᠢ ᠰᠢᠨᠵᠢᠯᠡᠬᠦ ᠤᠬᠠᠭ᠋ᠠᠨᠴᠢ ᠪᠥᠭᠡᠳ ᠣᠨᠣᠴᠠᠲᠠᠶ ᠪᠠᠲᠤᠯᠠᠵᠤ᠂ ᠠᠷᠠᠳ᠎ᠤᠨ ᠠᠮᠢᠳᠤᠷᠠᠯ᠎ᠤᠨ ᠡᠳ᠋ ᠪᠣᠳᠠᠰ᠎ᠢ ᠥᠨᠳᠥᠷ ᠪᠦᠲᠦᠮᠵᠢᠲᠡᠶ᠎ᠪᠠᠷ ᠲᠡᠭᠡᠭᠡᠪᠦᠷᠢᠯᠡᠬᠦ ᠵᠢ ᠪᠠᠲᠤᠯᠠᠨ᠂ ᠠᠷᠠᠳ ᠣᠯᠠᠨ᠎ᠤ ᠬᠡᠪ᠎ᠤᠨ ᠦᠢᠯᠡᠳᠪᠦᠷᠢᠯᠡᠯ ᠠᠮᠢᠳᠤᠷᠠᠯ᠎ᠤᠨ ᠡᠮᠬᠢ ᠲᠢᠭᠯᠢᠮ᠎ᠢ ᠨᠠᠩ ᠰᠠᠢ᠌ᠲᠤᠷ ᠬᠠᠮᠠᠭ᠋ᠠᠯᠠᠬᠤ ᠵᠢᠨ ᠲᠥᠯᠥᠭᠡ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ 《ᠰᠢᠦᠳᠠᠨ᠎ᠤ ᠲᠦᠷᠭᠡᠨ ᠬᠦᠷᠭᠡᠯᠲᠡ ᠵᠢᠨ ᠦᠢᠯᠡᠴᠢᠯᠡᠭᠡ ᠵᠢ ᠤᠯᠠᠮ ᠨᠢᠭᠡ ᠠᠯᠬᠤᠮ ᠰᠠᠭ᠋ᠠᠳ ᠥᠬᠡᠶ ᠨᠡᠪᠲᠡᠷᠡᠭᠦᠯᠵᠦ ᠠᠷᠠᠳ᠎ᠤᠨ ᠠᠮᠢᠳᠤᠷᠠᠯ᠎ᠤᠨ ᠡᠳ᠋ ᠪᠣᠳᠠᠰ᠎ᠤᠨ ᠲᠡᠭᠡᠭᠡᠪᠦᠷᠢ ᠵᠢ ᠪᠠᠲᠤᠯᠠᠬᠤ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ ᠪᠦᠬᠦ ᠠᠭᠤᠯᠭ᠎ᠠ᠎ᠨᠢ ᠳᠣᠣᠷᠠᠬᠢ ᠮᠡᠲᠦ→→→
      ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠬᠣᠯᠪᠣᠭᠳᠠᠯ ᠪᠥᠬᠥᠶ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ ᠵᠢᠨ ᠶᠡᠷᠦᠩᠬᠡᠢ ᠳᠤᠭᠤᠢ᠌ᠯᠠᠩ᠎ᠤᠨ 《ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠠᠢ᠌ᠳᠠᠪᠤᠷᠢᠵᠢᠭᠤᠯᠬᠤ ᠲᠤᠬᠠᠶ ᠮᠡᠳᠡᠭᠳᠡᠯ》 (ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ ᠵᠢᠨ ᠶᠡᠷᠦᠩᠬᠡᠢ ᠲᠠᠷᠬᠠᠭ᠋ᠠᠭᠰᠠᠨ[2022]113 ᠳ᠋ᠤᠭ᠋ᠠᠷ ᠲᠣᠭ᠋ᠠᠲᠤ)᠎ᠢ ᠬᠢᠨᠠᠮᠠᠭ᠋ᠠᠶ ᠨᠠᠢ᠌ᠳᠠᠪᠤᠷᠢᠵᠢᠭᠤᠯᠤᠨ᠂ ᠰᠢᠦᠳᠠᠨ᠎ᠤ ᠲᠦᠷᠭᠡᠨ ᠬᠦᠷᠭᠡᠯᠲᠡ ᠵᠢᠨ ᠲᠣᠭᠲᠠᠭᠤᠨ ᠵᠶ᠋ᠠᠷ ᠠᠵᠢᠯᠯᠠᠬᠤ ᠵᠢ ᠰᠢᠨᠵᠢᠯᠡᠬᠦ ᠤᠬᠠᠭ᠋ᠠᠨᠴᠢ ᠪᠦᠭᠡᠳ ᠣᠨᠤᠴᠠᠲᠠᠢ ᠪᠠᠲᠤᠯᠠᠵᠤ᠂ ᠠᠷᠠᠳ᠎ᠤᠨ ᠠᠮᠢᠳᠤᠷᠠᠯ᠎ᠤᠨ ᠡᠳ᠋ ᠪᠣᠳᠠᠰ᠎ᠢ ᠥᠨᠳᠥᠷ ᠪᠦᠲᠦᠮᠵᠢᠲᠡᠶ᠎ᠪᠠᠷ ᠲᠡᠭᠡᠭᠡᠪᠦᠷᠢᠯᠡᠬᠦ ᠵᠢ ᠪᠠᠲᠤᠯᠠᠨ᠂ ᠠᠷᠠᠳ ᠣᠯᠠᠨ᠎ᠤ ᠬᠡᠪ᠎ᠤᠨ ᠦᠢᠯᠡᠳᠪᠦᠷᠢᠯᠡᠯ ᠠᠮᠢᠳᠤᠷᠠᠯ᠎ᠤᠨ ᠡᠮᠬᠢ ᠳᠢᠭᠯᠢᠮ᠎ᠢ ᠨᠠᠩ ᠰᠠᠢ᠌ᠲᠤᠷ ᠬᠠᠮᠠᠭ᠋ᠠᠯᠠᠬᠤ ᠵᠢᠨ ᠲᠥᠯᠦᠭᠡ᠂ ᠡᠳᠦᠭᠡ ᠬᠣᠯᠪᠣᠭᠳᠠᠯ ᠪᠥᠬᠥᠶ ᠵᠦᠢᠯᠡᠰ᠎ᠢ ᠳᠣᠤᠷᠠᠬᠢ ᠮᠡᠲᠦ ᠮᠡᠳᠡᠭᠳᠡᠶ᠎ᠡ᠄


      ᠨᠢᠭᠡ᠂ ᠰᠢᠦᠳᠠᠨ᠎ᠤ ᠲᠦᠷᠭᠡᠨ ᠬᠦᠷᠭᠡᠯᠲᠡ ᠵᠢᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠢ ᠨᠢᠭᠡᠳᠦᠯᠲᠡᠶ ᠲᠥᠯᠥᠪᠯᠡᠨ ᠰᠠᠢ᠌ᠲᠤᠷ ᠬᠢᠨ᠎ᠠ
      ᠡᠯ᠎ᠡ ᠭᠠᠵᠠᠷ᠎ᠤᠨ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠤᠨ ᠲᠣᠭᠲᠠᠴᠠ᠎ᠨᠢ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠦᠳᠠᠨ᠎ᠤ ᠲᠦᠷᠭᠡᠨ ᠬᠦᠷᠭᠡᠯᠲᠡ ᠵᠢᠨ ᠬᠡᠪ᠎ᠤᠨ ᠠᠵᠢᠯᠯᠠᠭ᠋ᠠᠨ᠎ᠢ ᠪᠠᠲᠤᠯᠠᠬᠤ᠎ᠨᠢ ᠠᠷᠠᠳ ᠣᠯᠠᠨ᠎ᠤ ᠬᠡᠪ᠎ᠤᠨ ᠦᠢᠯᠡᠳᠪᠦᠷᠢᠯᠡᠯ ᠠᠮᠢᠳᠤᠷᠠᠯ᠎ᠤᠨ ᠡᠮᠬᠢ ᠳᠢᠭᠯᠢᠮ᠎ᠢ ᠬᠠᠮᠠᠭ᠋ᠠᠯᠠᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠶᠡᠬᠡ ᠲᠠᠯ᠎ᠠ᠎ᠳᠤ ᠦᠢᠯᠡᠴᠢᠯᠡᠬᠦ ᠵᠢᠨ ᠲᠤᠬᠠᠢ ᠴᠢᠬᠤᠯᠠ ᠴᠢᠨᠠᠷ᠎ᠢ ᠭᠦᠢᠴᠡᠳ ᠲᠠᠨᠢᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠷᠪᠠᠨ ᠵᠦᠢ᠍ᠯ᠎ᠤᠨ ᠠᠷᠭ᠎ᠠ ᠬᠡᠮᠵᠢᠶ᠎ᠡ ᠵᠢ ᠰᠢᠯᠢᠳᠡᠭᠵᠢᠭᠦᠯᠬᠦ ᠪᠠ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠠᠵᠢᠯ᠎ᠤᠨ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠰᠢᠦᠳᠠᠨ᠎ᠤ ᠲᠦᠷᠭᠡᠨ ᠬᠦᠷᠭᠡᠯᠲᠡ ᠵᠢᠨ ᠲᠦᠭᠵᠢᠷᠡᠯ ᠴᠡᠭ ᠬᠤᠷᠢᠭ᠎ᠠ ᠴᠡᠭ᠎ᠢ ᠪᠥᠬᠥ ᠬᠦᠴᠦᠨ ᠵᠶ᠋ᠡᠷ ᠵᠶ᠋ᠡᠨ ᠨᠡᠪᠲᠡᠷᠡᠭᠦᠯᠵᠦ᠂ ᠱᠠᠲᠤ ᠱᠠᠲᠤ᠎ᠪᠠᠷ ᠱᠠᠭ᠋ᠠᠷᠳᠠᠯᠭ᠎ᠠ ᠨᠡᠮᠡᠬᠦ᠂ ᠬᠡᠲᠦᠷᠬᠡᠶ ᠬᠠᠮᠢᠶᠠᠷᠤᠨ ᠡᠵᠡᠮᠳᠡᠬᠦ ᠵᠢ ᠡᠷᠡᠰ ᠬᠣᠷᠢᠭᠯᠠᠨ᠂ ᠠᠷᠠᠳ ᠣᠯᠠᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠬᠠᠮᠠᠭ᠋ᠠᠯᠠᠵᠤ᠂ ᠬᠢᠵᠢᠭ᠎ᠤᠨ ᠪᠠᠢ᠌ᠳᠠᠯ᠎ᠤᠨ ᠣᠯᠠᠨ ᠲᠦᠮᠡᠨ᠎ᠤ ᠦᠢᠯᠡᠳᠪᠦᠷᠢᠯᠡᠯ ᠠᠮᠢᠳᠤᠷᠠᠯ᠎ᠤᠨ ᠡᠮᠬᠢ ᠳᠢᠭᠯᠢᠮ ᠪᠠ ᠠᠵᠤ ᠠᠬᠤᠶ ᠨᠡᠢ᠌ᠭᠡᠮ᠎ᠤᠨ ᠬᠥᠭᠵᠢᠯᠲᠡ᠎ᠳᠤ ᠦᠵᠡᠭᠦᠯᠬᠦ ᠨᠥᠯᠥᠭᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠬᠤ ᠬᠡᠷᠡᠭᠲᠡᠢ᠃ ᠲᠤᠬᠠᠶ ᠵᠢᠨ ᠭᠠᠵᠠᠷ᠎ᠤᠨ ᠰᠢᠦᠳᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠬᠢᠭᠡᠳ ᠬᠠᠮᠢᠶ᠎ᠠ ᠪᠥᠬᠥᠶ ᠰᠠᠯᠠᠭ᠎ᠠ ᠮᠥᠴᠢᠷ᠎ᠲᠠᠬᠢ ᠵᠢᠯᠣᠭᠣᠳᠣᠯᠭ᠎ᠠ᠎ᠪᠠᠨ ᠴᠢᠩᠭ᠋ᠠᠳᠬᠠᠵᠤ᠂ ᠡᠯ᠎ᠡ ᠲᠠᠯ᠎ᠠ ᠵᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠳᠠᠢ᠌ᠴᠢᠯᠠᠵᠤ᠂ ᠡᠯ᠎ᠡ ᠵᠦᠢᠯ᠎ᠤᠨ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ᠂ ᠰᠢᠦᠳᠠᠨ᠎ᠤ ᠲᠦᠷᠭᠡᠨ ᠬᠦᠷᠭᠡᠯᠲᠡ ᠵᠢᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠢ ᠰᠢᠨᠵᠢᠯᠡᠬᠦ ᠤᠬᠠᠭ᠋ᠠᠨᠴᠢ ᠪᠥᠭᠡᠳ ᠣᠨᠣᠴᠠᠲᠠᠶ᠎ᠪᠠᠷ ᠰᠠᠢ᠌ᠲᠤᠷ ᠬᠢᠵᠦ᠂ ᠰᠢᠦᠳᠠᠨ᠎ᠤ ᠵᠦᠢ᠍ᠯ ᠲᠦᠷᠭᠡᠨ ᠬᠦᠷᠭᠡᠬᠦ ᠵᠦᠢᠯ᠎ᠢ ᠳᠠᠭ᠋ᠠᠭ᠋ᠠᠨ ᠬᠤᠷᠢᠶᠠᠵᠤ ᠬᠦᠷᠭᠡᠬᠦ ᠵᠢᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠨ᠂ ᠰᠢᠦᠳᠠᠨ᠎ᠤ ᠲᠦᠷᠭᠡᠨ ᠬᠦᠷᠭᠡᠯᠲᠡ ᠵᠢᠨ ᠦᠵᠦᠭᠦᠷ᠎ᠤᠨ 《ᠪᠢᠴᠢᠯ ᠡᠷᠭᠢᠯᠲᠡ》 ᠵᠢ ᠦᠨᠡᠨ ᠬᠦ᠌ ᠰᠠᠭ᠋ᠠᠳ ᠥᠬᠡᠶ ᠨᠡᠪᠲᠡᠷᠡᠭᠦᠯᠬᠦ ᠬᠡᠷᠡᠭᠲᠡᠶ᠃


      ᠬᠣᠶᠠᠷ᠂ ᠰᠦᠯᠵᠢᠶᠡᠨ᠎ᠤ ᠲᠣᠭᠲᠠᠭᠤᠨ ᠵᠶ᠋ᠡᠷ ᠠᠵᠢᠯᠯᠠᠬᠤ ᠬᠠᠷᠢᠶ᠎ᠠ ᠭᠠᠵᠠᠷ᠎ᠤᠨ ᠬᠠᠷᠢᠭᠤᠴᠠᠯᠭ᠎ᠠ ᠵᠢ ᠪᠦᠲᠦᠮᠵᠢᠲᠡᠶ ᠨᠠᠢ᠌ᠳᠠᠪᠤᠷᠢᠵᠢᠭᠤᠯᠤᠨ᠎ᠠ
      ᠡᠯ᠎ᠡ ᠭᠠᠵᠠᠷ᠎ᠤᠨ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠤᠨ ᠲᠣᠭᠲᠠᠴᠠ᠎ᠨᠢ ᠰᠢᠦᠳᠠᠨ᠎ᠤ ᠲᠦᠷᠭᠡᠨ ᠬᠦᠷᠭᠡᠯᠲᠡ ᠵᠢᠨ ᠰᠠᠭᠤᠷᠢ ᠲᠥᠬᠦᠭᠡᠷᠦᠮᠵᠢ ᠵᠢ ᠬᠠᠭ᠋ᠠᠵᠤ ᠵᠣᠭᠰᠣᠭ᠋ᠠᠬᠤ ᠪᠠ ᠬᠠᠭ᠋ᠠᠬᠤ ᠵᠢ ᠴᠢᠩᠭ᠎ᠠ ᠵᠢᠷᠤᠮᠵᠢᠭᠤᠯᠵᠤ᠂ ᠬᠠᠭ᠋ᠠᠵᠤ ᠵᠣᠭᠰᠤᠭ᠋ᠠᠬᠤ ᠪᠠ ᠬᠠᠭ᠋ᠠᠬᠤ ᠵᠢ ᠬᠢᠨᠠᠨ ᠵᠥᠪᠰᠢᠶᠡᠷᠡᠬᠦ ᠲᠠᠰ ᠳᠠᠷᠠᠭ᠋ᠠᠯᠠᠯ᠎ᠢ ᠲᠣᠭᠲᠠᠭ᠋ᠠᠯ ᠶᠣᠰᠣᠭ᠋ᠠᠷ ᠭᠦᠢᠴᠡᠳᠬᠡᠬᠦ ᠬᠡᠷᠡᠭᠲᠡᠶ᠃ ᠨᠢᠭᠡᠨᠲᠡ ᠬᠠᠭ᠋ᠠᠵᠤ ᠵᠣᠭᠰᠤᠭ᠋ᠠᠭᠰᠠᠨ ᠪᠠ ᠬᠠᠭ᠋ᠠᠭᠰᠠᠨ ᠰᠢᠦᠳᠠᠨ᠎ᠤ ᠲᠦᠷᠭᠡᠨ ᠬᠦᠷᠭᠡᠯᠲᠡ ᠵᠢᠨ ᠡᠵᠡᠩᠨᠡᠯᠲᠡ ᠵᠢᠨ ᠰᠦᠯᠵᠢᠶᠡᠨ ᠴᠡᠭ᠎ᠲᠤ᠂ ᠪᠢᠲᠡᠭᠦᠮᠵᠢᠯᠡᠯ᠎ᠢ ᠲᠠᠢ᠌ᠯᠬᠤ ᠵᠢ ᠰᠢᠮᠳᠠᠭᠤᠯᠤᠨ ᠠᠬᠢᠭᠤᠯᠬᠤ ᠬᠡᠷᠡᠭᠲᠡᠶ; ᠬᠢᠵᠢᠭ ᠰᠡᠷᠭᠡᠢ᠌ᠯᠡᠬᠦ ᠱᠠᠭ᠋ᠠᠷᠳᠠᠯᠭ᠎ᠠ᠎ᠳᠤ ᠨᠡᠢ᠌ᠴᠡᠵᠦ ᠠᠵᠢᠯ᠎ᠤᠨ ᠪᠠᠢ᠌ᠷᠢ᠎ᠳᠤ ᠭᠠᠷᠴᠤ ᠪᠣᠯᠬᠤ ᠰᠢᠦᠳᠠᠨ᠎ᠤ ᠲᠦᠷᠭᠡᠨ ᠬᠦᠷᠭᠡᠯᠲᠡ ᠵᠢᠨ ᠠᠵᠢᠯᠯᠠᠭᠰᠠᠳ᠎ᠢ ᠠᠯᠢ ᠲᠦᠷᠭᠡᠨ ᠵᠶ᠋ᠡᠷ ᠠᠵᠢᠯ᠎ᠤᠨ ᠪᠠᠢ᠌ᠷᠢ᠎ᠳᠤ᠎ᠨᠢ ᠪᠤᠴᠠᠭ᠋ᠠᠨ ᠠᠵᠢᠯᠯᠠᠭᠤᠯᠬᠤ ᠬᠡᠷᠡᠭᠲᠡᠶ᠃ ᠰᠢᠦᠳᠠᠨ᠎ᠤ ᠲᠦᠷᠭᠡᠨ ᠬᠦᠷᠭᠡᠯᠲᠡ ᠵᠢᠨ ᠠᠵᠤ ᠠᠬᠤᠢ᠌ᠯᠠᠯ᠎ᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠣᠳᠣᠬᠠᠨ᠎ᠤ ᠬᠢᠵᠢᠭ᠎ᠤᠨ ᠪᠠᠢ᠌ᠳᠠᠯ᠎ᠤᠨ ᠪᠠᠢ᠌ᠳᠠᠯ᠎ᠲᠠᠢ ᠤᠶᠠᠯᠳᠤᠭᠤᠯᠤᠨ᠂ ᠡᠯ᠎ᠡ ᠲᠠᠯ᠎ᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠵᠦ᠂ ᠰᠢᠦᠳᠠᠨ᠎ᠤ ᠲᠦᠷᠭᠡᠨ ᠬᠦᠷᠭᠡᠯᠲᠡ ᠵᠢᠨ ᠠᠵᠤ ᠠᠬᠤᠢ᠌ᠯᠠᠯ᠎ᠢ ᠬᠠᠪᠰᠤᠷᠤᠨ ᠨᠢᠭᠡᠳᠦᠭᠡᠷ ᠹᠷᠣᠨᠲ᠎ᠤᠨ ᠳᠠᠭ᠋ᠠᠭ᠋ᠠᠨ ᠬᠤᠷᠢᠶᠠᠬᠤ ᠬᠦᠷᠭᠡᠬᠦ ᠬᠥᠮᠦᠨ᠎ᠤ ᠬᠦᠴᠦᠨ᠎ᠢ ᠨᠥᠬᠥᠪᠥᠷᠢᠯᠡᠬᠦ ᠬᠡᠷᠡᠭᠲᠡᠶ᠃ ᠮᠠᠭ᠋ᠠᠳ ᠪᠣᠳᠠᠲᠠᠢ ᠠᠷᠭ᠎ᠠ ᠬᠡᠮᠵᠢᠶ᠎ᠡ ᠠᠪᠴᠤ᠂ ᠠᠵᠤ ᠠᠬᠤᠢ᠌ᠯᠠᠯ᠎ᠳᠤ ᠨᠢᠭᠡᠳᠦᠭᠡᠷ ᠹᠷᠣᠨᠲ᠎ᠤᠨ ᠠᠵᠢᠯᠯᠠᠭᠰᠠᠳ᠎ᠤᠨ ᠬᠣᠨᠣᠭ ᠪᠠᠭᠤᠳᠠᠯ ᠪᠠ ᠢᠳᠡᠭᠡᠨ ᠤᠮᠳᠠᠭ᠋ᠠᠨ ᠵᠡᠷᠭᠡ ᠪᠣᠳᠠᠲᠠᠶ ᠬᠦᠴᠢᠷᠳᠡᠯ᠎ᠢ᠎ᠨᠢ ᠰᠢᠢᠳᠪᠦᠷᠢᠯᠡᠨ ᠥᠭᠬᠦ ᠵᠢᠨ ᠬᠠᠮᠲᠤ᠂ ᠬᠢᠵᠢᠭ᠎ᠢ ᠰᠡᠷᠭᠡᠢ᠌ᠯᠡᠬᠦ ᠡᠳ᠋ ᠪᠣᠳᠠᠰ᠎ᠢ ᠲᠣᠬᠢᠷᠠᠭᠤᠯᠬᠤ᠂ ᠸᠠᠺᠼᠢᠨ᠎ᠤ ᠲᠠᠷᠢᠯᠭ᠎ᠠ ᠬᠢᠬᠦ ᠵᠡᠷᠭᠡ ᠲᠠᠯ᠎ᠠ᠎ᠪᠠᠷ ᠰᠢᠦᠳᠠᠨ᠎ᠤ ᠲᠦᠷᠭᠡᠨ ᠬᠦᠷᠭᠡᠯᠲᠡ ᠵᠢᠨ ᠠᠵᠤ ᠠᠬᠤᠢ᠌ᠯᠠᠯ᠎ᠤᠨ ᠨᠢᠭᠡᠳᠦᠭᠡᠷ ᠹᠷᠣᠨᠲ᠎ᠲᠤ ᠠᠵᠢᠯᠯᠠᠵᠤ ᠪᠠᠢ᠌ᠭ᠎ᠠ ᠬᠥᠮᠦᠰ᠎ᠲᠤ ᠳᠡᠮᠵᠢᠯᠭᠡ ᠦᠵᠡᠭᠦᠯᠬᠦ ᠬᠡᠷᠡᠭᠲᠡᠶ᠃


      ᠭᠤᠷᠪᠠ᠂ ᠰᠢᠦᠳᠠᠨ᠎ᠤ ᠶᠠᠪᠤᠳᠠᠯ᠎ᠤᠨ ᠲᠦᠷᠭᠡᠨ ᠬᠦᠷᠭᠡᠯᠲᠡ ᠵᠢᠨ ᠨᠢᠷᠤᠭᠤᠪᠴᠢ ᠠᠵᠤ ᠠᠬᠤᠢ᠌ᠯᠠᠯ᠎ᠤᠨ ᠦᠢᠯᠡᠳᠦᠯ᠎ᠢ ᠭᠦᠢᠴᠡᠳ ᠪᠠᠳᠠᠷᠠᠭᠤᠯᠤᠨ᠎ᠠ
      ᠡᠯ᠎ᠡ ᠭᠠᠵᠠᠷ᠎ᠤᠨ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠤᠨ ᠲᠣᠭᠲᠠᠴᠠ᠎ᠨᠢ ᠲᠣᠮᠣ ᠬᠡᠯᠪᠡᠷᠢ ᠵᠢᠨ ᠰᠢᠦᠳᠠᠨ᠎ᠤ ᠲᠦᠷᠭᠡᠨ ᠬᠦᠷᠭᠡᠯᠲᠡ ᠵᠢᠨ ᠨᠢᠷᠤᠭᠤᠪᠴᠢ ᠠᠵᠤ ᠠᠬᠤᠢ᠌ᠯᠠᠯ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠢᠦᠳᠠᠨ᠎ᠤ ᠲᠦᠷᠭᠡᠨ ᠬᠦᠷᠭᠡᠯᠲᠡ ᠵᠢᠨ ᠠᠵᠤ ᠠᠬᠤᠢ᠌ᠯᠠᠯ᠎ᠢ ᠰᠢᠮᠳᠠᠭᠤᠯᠤᠨ ᠵᠢᠯᠣᠭᠣᠳᠴᠤ ᠪᠠᠢ᠌ᠭ᠋ᠠᠳ ᠣᠷᠣᠨ ᠪᠦᠰᠡ ᠵᠢᠨ ᠬᠥᠮᠦᠨ᠎ᠤ ᠬᠦᠴᠦᠨ᠂ ᠲᠡᠭᠡᠭᠡᠪᠦᠷᠢ ᠵᠢᠨ ᠬᠦᠴᠦᠨ᠎ᠤ ᠲᠣᠬᠢᠷᠠᠭᠤᠯᠤᠯᠲᠠ ᠵᠢ ᠴᠢᠩᠭ᠋ᠠᠷᠠᠭᠤᠯᠤᠨ᠂ ᠠᠵᠢᠯᠲᠠᠨ ᠤᠷᠢᠬᠤ ᠵᠢ ᠴᠢᠩᠭ᠋ᠠᠳᠬᠠᠵᠤ᠂ ᠲᠣᠮᠣ ᠬᠡᠯᠪᠡᠷᠢ ᠵᠢᠨ ᠬᠣᠲᠠ ᠵᠢᠨ ᠬᠥᠮᠦᠨ᠎ᠤ ᠬᠦᠴᠦᠨ᠂ ᠲᠡᠭᠡᠭᠡᠪᠦᠷᠢ ᠵᠢᠨ ᠬᠦᠴᠦᠨ᠎ᠤ ᠳᠤᠲᠠᠭᠤᠳᠠᠯ᠎ᠢ ᠴᠠᠭ ᠲᠤᠬᠠᠶ᠎ᠳᠤ᠎ᠨᠢ ᠨᠥᠬᠥᠪᠥᠷᠢᠯᠡᠨ᠂ ᠰᠢᠦᠳᠠᠨ᠎ᠤ ᠲᠦᠷᠭᠡᠨ ᠬᠦᠷᠭᠡᠯᠲᠡ ᠵᠢᠨ ᠨᠢᠭᠡᠳᠦᠭᠡᠷ ᠹᠷᠣᠨᠲ᠎ᠤᠨ ᠠᠵᠢᠯᠯᠠᠭᠰᠠᠳ᠎ᠤᠨ ᠬᠦᠴᠦᠨ᠎ᠢ ᠲᠡᠭᠦᠯᠳᠡᠷᠵᠢᠭᠦᠯᠵᠦ᠂ ᠠᠵᠢᠯ᠎ᠤᠨ ᠪᠠᠢ᠌ᠷᠢ᠎ᠳᠤ ᠭᠠᠷᠬᠤ ᠨᠣᠷᠮ᠎ᠠ ᠵᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ᠃ ᠰᠢᠦᠳᠠᠨ᠎ᠤ ᠵᠦᠢᠯ ᠲᠦᠷᠭᠡᠨ ᠬᠦᠷᠭᠡᠬᠦ ᠵᠦᠢᠯ ᠳᠠᠷᠤᠭᠳᠠᠵᠤ ᠪᠠᠢ᠌ᠭ᠎ᠠ ᠠᠰᠠᠭᠤᠳᠠᠯ᠎ᠢ ᠲᠥᠪᠯᠡᠷᠡᠭᠦᠯᠦᠨ ᠰᠢᠢᠳᠪᠦᠷᠢᠯᠡᠵᠦ᠂ ᠡᠮ᠎ᠤᠨ ᠵᠦᠢᠯ᠂ ᠬᠢᠵᠢᠭ᠎ᠢ ᠰᠡᠷᠭᠡᠢ᠌ᠯᠡᠬᠦ ᠡᠳ᠋ ᠪᠣᠳᠠᠰ ᠵᠢᠴᠢ ᠠᠷᠠᠳ᠎ᠤᠨ ᠠᠮᠢᠳᠤᠷᠠᠯ᠎ᠤᠨ ᠡᠳ᠋ ᠪᠣᠳᠠᠰ᠎ᠢ ᠲᠣᠬᠢᠷᠠᠭᠤᠯᠤᠨ ᠬᠦᠷᠭᠡᠬᠦ ᠦᠢᠯᠡᠴᠢᠯᠡᠭᠡ ᠵᠢ ᠭᠣᠤᠯᠳᠠᠯᠭ᠎ᠠ᠎ᠲᠠᠢ ᠪᠠᠲᠤᠯᠠᠵᠤ᠂ ᠨᠡᠮᠡᠭᠦᠷᠢ ᠮᠥᠩᠭᠥ ᠨᠥᠬᠥᠪᠥᠷᠢ ᠮᠥᠩᠭᠥ᠂ ᠨᠡᠮᠡᠵᠦ ᠠᠵᠢᠯᠯᠠᠭᠰᠠᠨ ᠮᠦᠩᠭᠦ ᠲᠠᠷᠬᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠦᠷᠭᠡᠨ ᠬᠦᠷᠭᠡᠭᠴᠢ ᠵᠢ ᠬᠥᠲᠥᠯᠥᠨ ᠵᠢᠯᠣᠭᠣᠳᠴᠤ ᠪᠠᠢ᠌ᠭ᠋ᠠᠳ ᠲᠣᠬᠢᠷᠠᠭᠤᠯᠤᠨ ᠬᠦᠷᠭᠡᠬᠦ ᠬᠦᠷᠢᠶ᠎ᠡ ᠬᠡᠪᠴᠢᠶ᠎ᠡ ᠵᠢ ᠵᠣᠬᠢᠰᠲᠠᠶ ᠥᠷᠭᠡᠳᠬᠡᠵᠦ᠂ ᠲᠣᠬᠢᠷᠠᠭᠤᠯᠤᠨ ᠬᠦᠷᠭᠡᠬᠦ ᠴᠠᠭ᠎ᠢ ᠤᠷᠲᠤᠳᠬᠠᠨ᠂ ᠬᠥᠮᠦᠨ᠎ᠤ ᠬᠦᠴᠦᠨ᠂ ᠲᠡᠭᠡᠭᠡᠪᠦᠷᠢ ᠵᠢᠨ ᠬᠦᠴᠦᠨ᠎ᠤ ᠳᠠᠷᠤᠯᠲᠠ ᠵᠢ ᠪᠦᠲᠦᠮᠵᠢᠲᠡᠶ ᠨᠠᠮᠳᠠᠭᠤᠯᠵᠤ᠂ ᠰᠢᠦᠳᠠᠨ᠎ᠤ ᠲᠦᠷᠭᠡᠨ ᠬᠦᠷᠭᠡᠯᠲᠡ ᠵᠢᠨ   ᠦᠵᠦᠭᠦᠷ᠎ᠤᠨ ᠳᠠᠭ᠋ᠠᠭ᠋ᠠᠨ ᠬᠤᠷᠢᠶᠠᠵᠤ ᠬᠦᠷᠭᠡᠬᠦ ᠵᠢᠨ ᠬᠡᠪ᠎ᠤᠨ ᠪᠠᠢ᠌ᠳᠠᠯ᠎ᠢ ᠪᠠᠲᠤᠯᠠᠬᠤ ᠬᠡᠷᠡᠭᠲᠡᠶ᠃ ᠭᠡᠨᠡᠳᠲᠡ ᠵᠢᠨ ᠪᠠᠢ᠌ᠳᠠᠯ ᠳᠣᠤᠷᠠᠬᠢ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠦᠳᠠᠨ᠎ᠤ ᠲᠦᠷᠭᠡᠨ ᠬᠦᠷᠭᠡᠯᠲᠡ ᠵᠢᠨ ᠠᠵᠢᠯᠲᠠᠨ᠂ ᠡᠳ᠋ ᠪᠣᠳᠠᠰ᠎ᠤᠨ ᠨᠥᠭᠡᠴᠡ ᠵᠢ ᠴᠢᠩᠭ᠋ᠠᠳᠬᠠᠨ᠂ ᠰᠢᠦᠳᠠᠨ᠎ᠤ ᠲᠦᠷᠭᠡᠨ ᠬᠦᠷᠭᠡᠯᠲᠡ ᠵᠢᠨ ᠦᠢᠯᠡᠴᠢᠯᠡᠭᠡ ᠵᠢ ᠲᠠᠰᠤᠯᠳᠠᠭᠤᠯᠬᠤ ᠥᠬᠡᠶ ᠪᠠᠢ᠌ᠬᠤ ᠵᠢ ᠪᠠᠲᠤᠯᠠᠬᠤ ᠬᠡᠷᠡᠭᠲᠡᠶ᠃


      ᠳᠥᠷᠪᠡ᠂ ᠰᠢᠦᠳᠠᠨ᠎ᠤ ᠲᠦᠷᠭᠡᠨ ᠬᠦᠷᠭᠡᠯᠲᠡ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠎ᠠ
      ᠡᠯ᠎ᠡ ᠭᠠᠵᠠᠷ᠎ᠤᠨ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠤᠨ ᠲᠣᠭᠲᠠᠴᠠ᠎ᠨᠢ ᠰᠢᠦᠳᠠᠨ᠎ᠤ ᠲᠦᠷᠭᠡᠨ ᠬᠦᠷᠭᠡᠯᠲᠡ ᠵᠢᠨ ᠠᠵᠤ ᠠᠬᠤᠢ᠌ᠯᠠᠯ᠎ᠢ ᠵᠢᠯᠣᠭᠣᠳᠴᠤ ᠪᠠᠢ᠌ᠭ᠋ᠠᠳ ᠬᠠᠮᠤᠭ᠎ᠤᠨ ᠰᠢᠨ᠎ᠡ ᠬᠡᠪᠯᠡᠯ᠎ᠤᠨ 《ᠰᠢᠦᠳᠠᠨ᠎ᠤ ᠲᠦᠷᠭᠡᠨ ᠬᠦᠷᠭᠡᠯᠲᠡ ᠵᠢᠨ ᠦᠢᠯᠡᠰ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠢᠭᠡᠳ ᠦᠢᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠤᠨ ᠵᠦᠭᠯᠡᠭᠦᠷ》 ᠵᠡᠷᠭᠡ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠰᠢᠦᠳᠠᠨ᠎ᠤ ᠲᠦᠷᠭᠡᠨ ᠬᠦᠷᠭᠡᠯᠲᠡ ᠵᠢᠨ ᠨᠢᠭᠡᠳᠦᠭᠡᠷ ᠹᠷᠣᠨᠲ ᠵᠢᠨ ᠠᠵᠢᠯᠯᠠᠭᠰᠠᠳ᠎ᠢ ᠰᠢᠮᠳᠠᠭᠤᠯᠵᠤ ᠪᠠᠢ᠌ᠭ᠋ᠠᠳ N95 ᠠᠮᠠᠪᠴᠢ ᠵᠡᠭᠦᠯᠭᠡᠵᠦ᠂ ᠬᠤᠪᠢ ᠬᠥᠮᠦᠨ᠎ᠤ ᠰᠡᠷᠭᠡᠢ᠌ᠯᠡᠨ ᠬᠠᠮᠠᠭ᠋ᠠᠯᠠᠬᠤ᠂ ᠸᠠᠺᠼᠢᠨ᠎ᠤ ᠲᠠᠷᠢᠯᠭ᠎ᠠ ᠬᠢᠬᠦ ᠪᠠ ᠡᠷᠡᠭᠦᠯ ᠮᠡᠨᠳᠦ ᠵᠢᠨ ᠬᠢᠨᠠᠨ ᠬᠡᠮᠵᠢᠯᠲᠡ ᠵᠢ ᠰᠠᠢ᠌ᠲᠤᠷ ᠬᠢᠵᠦ᠂ ᠰᠢᠦᠳᠠᠨ᠎ᠤ ᠵᠦᠢ᠍ᠯ ᠲᠦᠷᠭᠡᠨ ᠬᠦᠷᠭᠡᠯᠲᠡ ᠵᠢᠨ ᠵᠦᠢᠯ᠎ᠢ ᠠᠷᠢᠭᠤᠳᠬᠠᠬᠤ ᠵᠢ ᠴᠢᠩᠭ᠋ᠠᠳᠬᠠᠨ᠂ ᠬᠦᠷᠭᠡᠬᠦ ᠪᠠ ᠳᠠᠭ᠋ᠠᠭ᠋ᠠᠨ ᠬᠤᠷᠢᠶᠠᠬᠤ ᠭᠣᠭᠴᠣᠭ᠎ᠠ᠎ᠳᠤ ᠨᠡᠢ᠌ᠭᠡᠮ᠎ᠤᠨ᠎ᠬᠢᠨ᠎ᠲᠠᠢ ᠣᠢ᠌ᠷᠠᠳᠬᠤ ᠵᠢ ᠠᠯᠢ ᠴᠢᠳᠠᠬᠤ᠎ᠪᠠᠷ ᠪᠠᠭ᠋ᠠᠰᠬᠠᠵᠤ᠂ ᠠᠯᠢ ᠴᠢᠳᠠᠬᠤ᠎ᠪᠠᠷ 《ᠬᠣᠶᠠᠷ ᠴᠡᠭ ᠨᠢᠭᠡ ᠱᠤᠭᠤᠮ》 ᠵᠶ᠋ᠡᠷ ᠠᠵᠢᠯᠯᠠᠬᠤ ᠬᠡᠷᠡᠭᠲᠡᠶ᠃ ᠰᠢᠦᠳᠠᠨ᠎ᠤ ᠲᠦᠷᠭᠡᠨ ᠬᠦᠷᠭᠡᠯᠲᠡ ᠵᠢᠨ ᠨᠢᠭᠡᠳᠦᠭᠡᠷ ᠹᠷᠣᠨᠲ᠎ᠤᠨ ᠠᠵᠢᠯᠯᠠᠭᠰᠠᠳ᠎ᠤᠨ ᠡᠷᠡᠭᠦᠯ ᠮᠡᠨᠳᠦ ᠵᠢᠨ ᠰᠢᠭᠰᠢᠨ ᠪᠠᠢ᠌ᠴᠠᠭ᠋ᠠᠯᠲᠠ ᠵᠢᠨ ᠲᠣᠭᠲᠠᠭ᠋ᠠᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠥᠭᠡᠮ ᠬᠦᠴᠢᠯ᠎ᠤᠨ ᠰᠢᠯᠭ᠋ᠠᠨ ᠪᠠᠢ᠌ᠴᠠᠭ᠋ᠠᠯᠲᠠ᠂ ᠥᠳᠥᠭᠡᠭᠴᠢ ᠵᠢᠨ   ᠰᠢᠯᠭ᠋ᠠᠨ ᠪᠠᠢ᠌ᠴᠠᠭ᠋ᠠᠯᠲᠠ ᠪᠤᠶᠤ ᠡᠪᠡᠳᠴᠢᠨ᠎ᠤ ᠢᠯᠡᠷᠡᠯ᠎ᠤᠨ ᠬᠠᠮᠢᠶᠠᠷᠤᠯᠲᠠ ᠵᠡᠷᠭᠡ ᠠᠷᠭ᠎ᠠ ᠮᠠᠶᠢᠭ᠎ᠢ ᠠᠮᠢᠳᠤᠯᠢᠭ ᠵᠶ᠋ᠠᠷ ᠬᠡᠷᠡᠭᠯᠡᠨ ᠶᠠᠪᠤᠭᠳᠠᠭᠤᠯᠬᠤ ᠬᠡᠷᠡᠭᠲᠡᠢ᠃


      ᠲᠠᠪᠤ᠂ ᠠᠵᠢᠯ ᠲᠥᠷᠥᠯ᠎ᠤᠨ ᠬᠢᠵᠢᠭ᠎ᠲᠠᠢ ᠲᠡᠮᠡᠴᠡᠬᠦ᠎ᠳᠤ ᠬᠠᠩᠭ᠋ᠠᠯᠭ᠎ᠠ ᠵᠢ ᠪᠠᠲᠤᠯᠠᠬᠤ ᠤᠬᠠᠭᠤᠯᠤᠯ ᠵᠢᠯᠣᠭᠣᠳᠣᠯᠭ᠎ᠠ ᠵᠢ ᠦᠨᠡᠨ ᠬᠦ᠌ ᠴᠢᠩᠭ᠋ᠠᠳᠬᠠᠨ᠎ᠠ
      ᠣᠳᠣᠬᠠᠨ᠎ᠳᠤ ᠶᠠᠭ ᠡᠪᠦᠯ᠎ᠤᠨ ᠬᠠᠬᠢᠷ ᠬᠦᠢᠲᠡᠨ ᠤᠯᠠᠷᠢᠯ ᠪᠣᠯᠵᠣ᠂ ᠲᠦᠷᠭᠡᠨ ᠬᠦᠷᠭᠡᠯᠲᠡ ᠵᠢᠨ ᠦᠢᠯᠡᠰ ᠰᠢᠨ᠎ᠡ ᠨᠢᠭᠡ ᠡᠭᠡᠯᠵᠢ ᠵᠢᠨ ᠲᠤᠬᠠᠢ᠌ᠯᠠᠭᠰᠠᠨ ᠠᠵᠢᠯ᠎ᠤᠨ ᠣᠷᠭᠢᠯ᠎ᠳᠤ᠎ᠪᠠᠨ ᠲᠤᠯᠵᠤ᠂ ᠥᠷᠭᠡᠨ ᠣᠯᠠᠨ ᠰᠢᠦᠳᠠᠨ᠎ᠤ ᠶᠠᠪᠤᠳᠠᠯ᠎ᠤᠨ ᠲᠦᠷᠭᠡᠨ ᠬᠦᠷᠭᠡᠯᠲᠡ ᠵᠢᠨ ᠨᠢᠭᠡᠳᠦᠭᠡᠷ ᠹᠷᠣᠨᠲ᠎ᠤᠨ ᠠᠵᠢᠯᠯᠠᠭᠰᠠᠳ ᠬᠢᠵᠢᠭ᠎ᠤᠨ ᠳᠤᠮᠳᠠ ᠶᠠᠭ᠋ᠠᠷᠠᠯᠲᠠᠶ ᠠᠵᠢᠯᠯᠠᠵᠤ᠂ ᠠᠵᠢᠯ᠎ᠤᠨ ᠳᠠᠷᠤᠭ᠋ᠠᠰᠤ ᠬᠦᠨᠳᠦ᠂ ᠬᠦᠷᠭᠡᠬᠦ ᠳᠠᠷᠤᠯᠲᠠ ᠶᠡᠬᠡ ᠪᠠᠢ᠌ᠨ᠎ᠠ᠂ ᠡᠯ᠎ᠡ ᠭᠠᠵᠠᠷ᠎ᠤᠨ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠤᠨ ᠲᠣᠭᠲᠠᠴᠠ᠎ᠨᠢ ᠰᠣᠨᠢᠨ ᠮᠡᠳᠡᠭᠡᠨ᠎ᠤ ᠵᠠᠭᠤᠴᠢᠯᠠᠭᠤᠷ᠂ ᠸᠢᠴᠠᠲ᠎ᠤᠨ ᠣᠯᠠᠨ ᠨᠡᠢ᠌ᠲᠡ ᠵᠢᠨ ᠳ᠋ᠤᠭ᠋ᠠᠷ᠂ ᠣᠬᠣᠷ ᠸᠢᠳᠢᠣ᠋ ᠵᠢᠨ ᠲᠠᠪᠴᠠᠩ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠳᠠᠮᠵᠢᠭᠤᠯᠤᠨ᠂ ᠰᠢᠦᠳᠠᠨ᠎ᠤ ᠶᠠᠪᠤᠳᠠᠯ᠎ᠤᠨ ᠲᠦᠷᠭᠡᠨ ᠬᠦᠷᠭᠡᠯᠲᠡ ᠵᠢᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠤᠨ ᠤᠬᠠᠭᠤᠯᠭ᠎ᠠ ᠮᠡᠳᠡᠭᠡᠯᠡᠯ᠎ᠢ ᠴᠢᠩᠭ᠋ᠠᠳᠬᠠᠵᠤ᠂ ᠨᠡᠢ᠌ᠭᠡᠮ ᠨᠡᠢ᠌ᠲᠡ ᠵᠢ ᠬᠥᠲᠥᠯᠥᠨ ᠵᠢᠯᠣᠭᠣᠳᠴᠤ ᠪᠠᠢ᠌ᠭ᠋ᠠᠳ ᠰᠠᠢ᠌ᠨ ᠰᠠᠢ᠌ᠬᠠᠨ ᠵᠢᠱ᠌ᠢᠯᠲᠡ᠎ᠲᠠᠢ ᠪᠣᠯᠭ᠋ᠠᠵᠤ᠂ ᠢᠯᠡᠭᠡᠵᠦ ᠶᠠᠪᠤᠭᠤᠯᠬᠤ ᠦᠢᠯᠡᠴᠢᠯᠡᠭᠡ ᠵᠢᠨ ᠴᠠᠭ ᠬᠤᠭᠤᠴᠠᠭ᠎ᠠ ᠵᠢ ᠤᠷᠳᠤᠳᠬᠠᠵᠤ ᠭᠠᠷᠴᠤ ᠮᠡᠳᠡᠬᠦ ᠪᠠᠢ᠌ᠳᠠᠯ᠎ᠳᠤ ᠨᠠᠩ ᠣᠯᠠᠨ ᠪᠠᠭᠲᠠᠭ᠋ᠠᠮᠵᠢᠲᠠᠶ᠂ ᠣᠢ᠌ᠯᠠᠭ᠋ᠠᠯᠲᠠ ᠪᠠ ᠳᠡᠮᠵᠢᠯᠭᠡ ᠦᠵᠡᠭᠦᠯᠬᠦ ᠬᠡᠷᠡᠭᠲᠡᠶ᠃ ᠰᠢᠦᠳᠠᠨ᠎ᠤ ᠲᠦᠷᠭᠡᠨ ᠬᠦᠷᠭᠡᠯᠲᠡ ᠵᠢᠨ ᠠᠵᠢᠯᠯᠠᠭᠰᠠᠳ᠎ᠢ ᠬᠠᠯᠠᠮᠵᠢᠯᠠᠨ ᠬᠠᠢ᠌ᠷᠠᠯᠠᠬᠤ ᠵᠢ ᠴᠢᠩᠭ᠋ᠠᠳᠬᠠᠵᠤ᠂ ᠨᠢᠭᠡᠳᠦᠭᠡᠷ ᠹᠷᠣᠨᠲ᠎ᠤᠨ ᠠᠵᠢᠯᠯᠠᠭᠰᠠᠳ᠎ᠲᠤ N95 ᠠᠮᠠᠪᠴᠢ᠂ ᠠᠷᠢᠭᠤᠳᠬᠠᠬᠤ ᠡᠳ᠋᠂ ᠥᠳᠥᠭᠡᠭᠴᠢ ᠵᠢ ᠰᠢᠯᠭ᠋ᠠᠨ ᠪᠠᠢ᠌ᠴᠠᠭ᠋ᠠᠬᠤ ᠤᠷᠪᠠᠯᠵᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠡᠮᠨᠡᠨ ᠵᠠᠰᠠᠬᠤ ᠡᠮ ᠵᠡᠷᠭᠡ ᠬᠢᠵᠢᠭ᠎ᠢ ᠰᠡᠷᠭᠡᠢ᠌ᠯᠡᠬᠦ ᠡᠳ᠋ ᠪᠣᠳᠠᠰ᠎ᠢ ᠤᠷᠢᠳ ᠵᠶ᠋ᠠᠷ ᠬᠠᠩᠭ᠋ᠠᠵᠤ᠂ ᠠᠵᠢᠯᠯᠠᠭᠰᠠᠳ᠎ᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠢ ᠦᠨᠡᠨ ᠬᠦ᠌ ᠬᠠᠮᠠᠭ᠋ᠠᠯᠠᠬᠤ ᠬᠡᠷᠡᠭᠲᠡᠶ᠃
      ᠬᠠᠷᠢᠭᠤᠴᠠᠭᠰᠠᠨ ᠨᠠᠢ᠌ᠷᠠᠭᠤᠯᠤᠭᠴᠢ— ᠹᠠᠨ ᠽᠢ ᠵᠢᠶᠠ

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
2023 ᠣᠨ᠎ᠤ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠠᠵᠢᠯ᠎ᠤᠨ ᠲᠤᠰᠬᠠᠢ ᠠᠩᠭᠢ ᠵᠢᠨ ᠠᠩᠬᠠᠳᠤᠭ᠋ᠠᠷ ᠤᠳᠠᠭ᠋ᠠᠨ᠎ᠤ ᠬᠠᠮᠲᠤᠷᠠᠭᠰᠠᠨ ᠸᠢᠳᠢᠤ᠋ ᠬᠤᠷᠠᠯ ᠬᠤᠷᠠᠯᠳᠤᠪᠠ
ᠥᠪᠥᠷ ᠮᠣᠩᠭᠣᠯ ᠬᠤᠳᠠᠯᠳᠤᠭ᠋ᠠᠴᠢᠨ ᠤᠷᠢᠵᠤ ᠪᠠᠯᠠ ᠲᠠᠲᠠᠬᠤ᠎ᠳᠤ 《ᠳᠠᠬᠢᠨ ᠬᠤᠷᠳᠤᠴᠠ》 ᠵᠢᠨ ᠵᠠᠭᠪᠤᠷ᠎ᠢ ᠨᠡᠭᠡᠭᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶᠠᠨ᠎ᠤ 10 ᠵᠦᠢᠯ᠎ᠤᠨ ᠠᠷᠭ᠎ᠠ ᠬᠡᠮᠵᠢᠶ᠎ᠡ᠎ᠨᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠳᠤ ᠦᠢᠯᠡᠴᠢᠯᠡᠪᠡ
ᠲᠣᠮᠤ ᠵᠦᠢ᠍ᠯ᠎ᠤᠨ ᠲᠡᠭᠡᠭᠡᠪᠦᠷᠢ ᠵᠢᠨ 《ᠲᠦᠭᠵᠢᠷᠡᠯ》 《ᠬᠦᠴᠢᠷᠳᠡᠯ》᠎ᠢ ᠴᠢᠩᠭ᠎ᠠ ᠠᠩᠬᠠᠷᠴᠤ᠂ ᠵᠠᠮ ᠬᠠᠷᠢᠯᠴᠠᠭ᠋ᠠᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠳᠠᠬᠢᠨ ᠰᠢᠯᠢᠳᠡᠭᠵᠢᠭᠦᠯᠬᠦ ᠵᠢ ᠪᠡᠶᠡᠯᠡᠭᠦᠯᠪᠡ
ᠥᠪᠥᠷ ᠮᠣᠩᠭᠣᠯ 《ᠬᠣᠶᠠᠷ᠎ᠢ ᠰᠢᠯᠢᠳᠡᠭᠵᠢᠭᠦᠯᠬᠦ》 ᠠᠵᠢᠯᠯᠠᠭ᠎ᠠ᠎ᠪᠠᠷ 《ᠭᠤᠷᠪᠠᠨ ᠤᠳᠠᠭ᠋ᠠᠨ》 ᠰᠤᠷᠲᠠᠯ᠎ᠢ ᠬᠦᠴᠦᠯᠡᠨ ᠠᠷᠢᠯᠭ᠋ᠠᠪᠠ
 
            