7 ᠳ᠋ᠤᠭ᠋ᠠᠷ ᠰᠠᠷ᠎ᠠ᠎ᠠᠴᠠ ᠨᠠᠭ᠋ᠠᠰᠢ᠂ ᠲᠠᠯ᠎ᠠ ᠨᠤᠲᠤᠭ᠎ᠤᠨ ᠬᠤᠷ᠎ᠠ ᠲᠣᠨᠣᠳᠠᠰᠤ ᠨᠡᠮᠡᠭᠳᠡᠪᠡ᠃ ᠦᠶᠡᠷ᠎ᠤᠨ ᠬᠤᠭᠤᠴᠠᠭ᠋ᠠᠨ᠎ᠳᠠᠬᠢ ᠵᠠᠰᠠᠮᠠᠯ ᠵᠠᠮ᠎ᠤᠨ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠠᠪᠤᠷᠠᠨ ᠲᠤᠰᠠᠯᠠᠬᠤ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢᠳᠪᠦᠷᠢᠯᠡᠬᠦ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠵᠢᠨ ᠲᠥᠯᠥᠭᠡ᠂ ᠲᠦᠷᠦᠭᠦᠬᠡᠨ᠂ ᠥᠪᠥᠷ ᠮᠣᠩᠭᠣᠯ᠎ᠤᠨ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠡᠯᠡ ᠣᠷᠣᠭᠤᠯᠤᠯᠲᠠ ᠬᠦᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠵᠢᠨ ᠰᠢᠯᠢ ᠵᠢᠨ ᠭᠣᠣᠯ᠎ᠳᠠᠬᠢ ᠬᠤᠪᠢᠶᠠᠷᠢ ᠺᠣᠮᠫᠠᠨᠢ ᠵᠢᠨ ᠰᠠᠩ᠎ᠤᠨ ᠲᠡᠯᠡᠶ ᠠᠷᠠᠴᠢᠯᠠᠨ ᠬᠠᠮᠠᠭ᠋ᠠᠯᠠᠬᠤ ᠠᠵᠢᠯ᠎ᠤᠨ ᠲᠣᠭᠣᠷᠢᠭ᠎ᠨᠢ ᠬᠠᠮᠢᠶ᠎ᠠ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ᠂ ᠬᠠᠢ᠌ᠯᠠᠷ᠎ᠠᠴᠠ ᠵᠠᠩ ᠵᠢᠶᠠ ᠺᠸᠦ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠬᠠᠪᠢᠷᠭ᠎ᠠ ᠦᠢᠯᠡᠴᠢᠯᠡᠭᠡᠨ᠎ᠤ ᠲᠣᠭᠣᠷᠢᠭ᠎ᠲᠤ ᠵᠠᠰᠠᠮᠠᠯ ᠵᠠᠮ᠎ᠤᠨ ᠦᠶᠡᠷ᠎ᠢ ᠰᠡᠷᠭᠡᠢ᠌ᠯᠡᠵᠦ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠣᠷᠢᠯᠲᠠ ᠥᠷᠨᠢᠭᠦᠯᠪᠡ᠃

ᠲᠤᠰ ᠤᠳᠠᠭ᠋ᠠᠨ᠎ᠤ ᠰᠣᠷᠢᠯᠲᠠ᠎ᠨᠢ ᠰᠢᠷᠦᠭᠦᠨ ᠪᠣᠷᠣᠭ᠋ᠠᠨ ᠲᠥᠪᠯᠡᠷᠡᠭᠰᠡᠨ᠎ᠠᠴᠠ ᠪᠣᠯᠵᠤ ᠠᠭᠤᠯᠠ ᠵᠢᠨ ᠦᠶᠡᠷ᠎ᠨᠢ ᠵᠠᠮ ᠳᠡᠭᠡᠷ᠎ᠡ ᠪᠢᠯᠬᠠᠵᠤ ᠭᠠᠷᠤᠨ᠂ ᠨᠠᠭ᠋ᠠᠰᠢ ᠴᠠᠭ᠋ᠠᠰᠢ ᠶᠠᠪᠤᠬᠤ ᠲᠡᠷᠭᠡ ᠬᠦᠰᠬᠡ ᠨᠡᠪᠲᠡᠷᠡᠬᠦ᠎ᠳᠤ ᠰᠠᠭ᠋ᠠᠳ ᠤᠴᠠᠷᠠᠵᠤ᠂ ᠡᠭᠦᠨ᠎ᠤ ᠬᠠᠮᠲᠤ ᠬᠣᠷᠢᠭᠯᠠᠨ ᠲᠠᠰᠤᠯᠬᠤ ᠬᠠᠨᠳᠤᠰᠢ᠎ᠲᠠᠢ ᠪᠠᠢ᠌ᠬᠤ ᠵᠢ ᠳᠠᠭᠤᠷᠢᠶᠠᠪᠠ᠃ ᠵᠠᠮ᠎ᠤᠨ ᠲᠣᠭᠤᠷᠢᠨ ᠪᠠᠢ᠌ᠴᠠᠭ᠋ᠠᠭᠴᠢ ᠵᠢᠨ ᠲᠦᠭᠰᠢᠭᠦᠷᠢ ᠵᠢᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠣᠯᠤᠭᠰᠠᠨ᠎ᠤ ᠳᠠᠷᠠᠭ᠎ᠠ᠂ ᠠᠵᠢᠯ᠎ᠤᠨ ᠲᠣᠭᠣᠷᠢᠭ᠎ᠨᠢ ᠦᠶᠡᠷ᠎ᠢ ᠰᠡᠷᠭᠡᠢ᠌ᠯᠡᠵᠦ ᠭᠠᠮᠰᠢᠭ᠎ᠲᠠᠢ ᠲᠡᠮᠡᠴᠡᠬᠦ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠳᠠᠷᠤᠢ᠌ᠬᠠᠨ ᠡᠬᠢᠯᠡᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠳᠤᠭᠤᠢ᠌ᠯᠠᠩ ᠲᠣᠮᠢᠯᠠᠨ ᠥᠳᠲᠦᠷ ᠲᠦᠷᠭᠡᠨ ᠭᠠᠮᠰᠢᠭ᠎ᠤᠨ ᠲᠤᠬᠠᠶ ᠵᠢᠨ ᠲᠠᠯᠠᠪᠠᠶ᠎ᠳᠤ ᠬᠥᠷᠬᠥ ᠵᠢᠨ ᠬᠠᠮᠲᠤ᠂ ᠬᠠᠮᠢᠶ᠎ᠠ ᠪᠥᠬᠥᠶ ᠰᠠᠯᠠᠭ᠎ᠠ ᠮᠥᠴᠢᠷ᠎ᠲᠤ ᠮᠡᠳᠡᠭᠳᠡᠵᠦ ᠳᠠᠷᠤᠶ ᠲᠦᠷᠭᠡᠨ ᠪᠦᠲᠦᠮᠵᠢᠲᠡᠶ ᠠᠷᠭ᠎ᠠ ᠬᠡᠮᠵᠢᠶ᠎ᠡ ᠠᠪᠤᠭᠤᠯᠪᠠ᠃ ᠲᠤᠬᠠᠶ ᠵᠢᠨ ᠲᠠᠯᠠᠪᠠᠶ᠎ᠳᠤ ᠬᠦᠷᠦᠭᠰᠡᠨ᠎ᠤ ᠳᠠᠷᠠᠭ᠎ᠠ᠂ ᠡᠯ᠎ᠡ ᠲᠠᠯ᠎ᠠ ᠵᠢᠨ᠎ᠬᠢᠨ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠶᠣᠰᠣᠭ᠋ᠠᠷ ᠲᠤᠰ ᠲᠤᠰ᠎ᠤᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠬᠠᠷᠢᠯᠴᠠᠨ ᠬᠠᠮᠵᠢᠯᠴᠠᠪᠠ᠃ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠭᠠᠮᠰᠢᠭᠳᠠᠭᠰᠠᠨ ᠣᠷᠣᠨ᠎ᠢ ᠪᠢᠲᠡᠭᠦᠮᠵᠢᠯᠡᠬᠦ ᠵᠢ ᠬᠠᠷᠢᠭᠤᠴᠠᠵᠤ᠂ ᠰᠠᠭ᠋ᠠᠳ᠎ᠲᠤ ᠤᠴᠠᠷᠠᠭᠰᠠᠨ ᠲᠡᠷᠭᠡ ᠬᠥᠰᠬᠡ ᠵᠢ ᠬᠥᠲᠥᠯᠥᠨ ᠵᠢᠯᠤᠭᠣᠳᠪᠠ᠃ ᠠᠵᠢᠯ᠎ᠤᠨ ᠲᠣᠭᠣᠷᠢᠭ᠎ᠨᠢ ᠲᠤᠬᠠᠶ ᠵᠢᠨ ᠲᠠᠯᠠᠪᠠᠶ ᠵᠢ ᠪᠠᠢ᠌ᠷᠢᠯᠠᠭᠤᠯᠤᠨ ᠡᠵᠡᠮᠳᠡᠬᠦ ᠵᠢ ᠬᠠᠷᠢᠭᠤᠴᠠᠵᠤ᠂ ᠠᠷᠭ᠎ᠠ ᠬᠡᠮᠵᠢᠶ᠎ᠡ ᠠᠪᠴᠤ ᠪᠠᠢ᠌ᠭ᠋ᠠᠳ ᠦᠶᠡᠷ᠎ᠤᠨ ᠤᠰᠤ ᠵᠢ ᠬᠠᠰᠢᠵᠤ ᠨᠡᠪᠲᠡᠷᠡᠭᠦᠯᠪᠡ᠃ 2 ᠴᠠᠭ ᠰᠢᠬᠠᠮ᠎ᠤᠨ ᠪᠦᠬᠦ ᠬᠦᠴᠦᠨ᠎ᠤ ᠠᠪᠤᠷᠠᠯᠲᠠ᠎ᠪᠠᠷ ᠳᠠᠮᠵᠢᠨ᠂ ᠭᠠᠮᠰᠢᠭ᠎ᠤᠨ ᠪᠠᠢ᠌ᠳᠠᠯ ᠪᠦᠲᠦᠮᠵᠢᠲᠡᠶ ᠬᠢᠵᠠᠭ᠋ᠠᠷᠯᠠᠭᠳᠠᠵᠤ᠂ ᠵᠠᠮ ᠬᠠᠷᠢᠯᠴᠠᠭ᠎ᠠ ᠴᠦᠮ ᠬᠡᠪ᠎ᠤᠨ ᠪᠠᠢ᠌ᠳᠠᠯ ᠵᠶ᠋ᠠᠨ ᠰᠡᠷᠭᠦᠭᠡᠪᠡ᠃ ᠲᠤᠰ ᠤᠳᠠᠭ᠋ᠠᠨ᠎ᠤ ᠰᠣᠷᠢᠯᠲᠠ ᠵᠢᠨ ᠶᠠᠪᠤᠴᠠ᠎ᠨᠢ ᠨᠢᠭᠲᠠ ᠠᠪᠴᠠᠯᠳᠤᠵᠤ᠂ ᠲᠣᠬᠢᠷᠠᠭᠤᠯᠤᠯᠲᠠ᠎ᠨᠢ ᠲᠦᠷᠭᠡᠨ ᠪᠥᠭᠡᠳ ᠪᠦᠲᠦᠮᠵᠢᠲᠡᠶ ᠪᠠᠢ᠌ᠵᠤ᠂ ᠰᠠᠯᠠᠭ᠎ᠠ ᠮᠥᠴᠢᠷ᠎ᠤᠨ ᠬᠣᠭᠣᠷᠣᠨᠳᠣᠬᠢ ᠬᠠᠮᠵᠢᠯᠴᠠᠭ᠎ᠠ᠎ᠨᠢ ᠰᠡᠳᠬᠢᠯ ᠰᠠᠨᠠᠭ᠎ᠠ᠎ᠪᠠᠨ ᠣᠯᠤᠯᠴᠠᠵᠤ᠂ ᠵᠢᠱ᠌ᠢᠭᠰᠡᠨ ᠦᠷ᠎ᠡ ᠪᠦᠲᠦᠮᠵᠢ᠎ᠳᠤ᠎ᠪᠠᠨ ᠬᠦᠷᠴᠡᠶ᠃

ᠣᠢ᠌ᠯᠠᠭ᠋ᠠᠭᠰᠠᠨ ᠵᠶ᠋ᠠᠷ᠂ ᠲᠣᠰ ᠤᠳᠠᠭ᠋ᠠᠨ᠎ᠤ ᠰᠣᠷᠢᠯᠲᠠ᠎ᠳᠤ ᠪᠠᠰᠠ ᠵᠢᠯᠣᠭᠣᠴᠢ ᠥᠬᠡᠶ ᠨᠢᠰᠬᠡᠯ᠎ᠤᠨ ᠮᠡᠷᠭᠡᠵᠢᠯ᠎ᠢ ᠭᠦᠢᠴᠡᠳ ᠠᠰᠢᠭᠯᠠᠨ ᠲᠣᠭᠣᠷᠢᠨ ᠰᠡᠷᠭᠡᠢ᠌ᠯᠡᠵᠦ ᠲᠣᠭᠣᠷᠢᠨ ᠪᠠᠢ᠌ᠴᠠᠭ᠋ᠠᠵᠤ᠂ ᠰᠠᠯᠠᠭ᠎ᠠ ᠮᠥᠴᠢᠷ᠎ᠤᠨ ᠬᠣᠭᠣᠷᠣᠨᠳᠣᠬᠢ ᠦᠶᠡᠷ᠎ᠢ ᠰᠡᠷᠭᠡᠢ᠌ᠯᠡᠵᠦ ᠠᠶᠤᠯ᠎ᠠᠴᠠ ᠠᠪᠤᠷᠬᠠᠤ ᠪᠣᠳᠠᠲᠤ ᠪᠠᠢ᠌ᠯᠳᠤᠭ᠋ᠠᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠭᠰᠡᠨ ᠵᠶ᠋ᠡᠷ ᠪᠠᠷᠠᠬᠤ ᠥᠬᠡᠶ᠂ ᠪᠠᠰᠠ ᠰᠠᠭ᠋ᠠᠳ᠎ᠲᠤ ᠤᠴᠠᠷᠠᠭᠰᠠᠨ ᠲᠡᠷᠭᠡ ᠬᠦᠰᠬᠡ ᠣᠯᠠᠨ ᠲᠦᠮᠡᠨ᠎ᠢ ᠡᠷᠢᠬᠦ᠂ ᠠᠪᠤᠷᠠᠨ ᠲᠤᠰᠠᠯᠠᠬᠤ ᠬᠥᠮᠦᠰ᠎ᠤᠨ ᠤᠰᠤᠨ᠎ᠳᠤ ᠴᠠᠴᠠᠬᠤ ᠵᠢ ᠰᠡᠷᠭᠡᠢ᠌ᠯᠡᠬᠦ ᠵᠡᠷᠭᠡ ᠲᠠᠯ᠎ᠠ᠎ᠪᠠᠷ ᠰᠠᠭᠤᠷᠢ ᠲᠠᠯᠪᠢᠭᠰᠠᠨ ᠪᠠᠢ᠌ᠨ᠎ᠠ᠃ (ᠬᠥ᠋ ᡁᠢ ᠸᠧᠶ)