ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠣᠷᠳᠣᠰ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢ᠍ᠯᠡᠴᠢᠯᠡᠭᠡᠨ᠎ᠤ ᠲᠥᠪ᠎ᠤᠨ ᠣᠲᠣᠭ᠎ᠤᠨ ᠡᠮᠦᠨᠡᠲᠦ ᠬᠣᠰᠢᠭᠤᠨ᠎ᠤ ᠬᠤᠪᠢᠶᠠᠷᠢ ᠲᠥᠪ ᠠᠶᠤᠯᠲᠠᠶ ᠪᠠᠷᠠᠭ᠎ᠠ ᠵᠢᠨ ᠲᠡᠭᠡᠭᠡᠪᠦᠷᠢ ᠵᠢᠨ ᠠᠵᠤ ᠠᠬᠤᠶ᠋ᠢᠯᠠᠯ ᠎ᠢ ᠰᠢᠮᠳᠠᠭᠤᠯᠤᠨ ᠵᠢᠯᠣᠭᠣᠳᠴᠤ ᠦᠢ᠍ᠯᠡᠴᠢᠯᠡᠪᠡ
ᠨᠡᠶ᠋ᠢᠲᠡᠯᠡᠭᠰᠡᠨ ᠴᠠᠭ᠄ 2022-07-27

      ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠵᠤ᠂ ᠠᠶᠤᠯᠲᠠᠶ ᠪᠠᠷᠠᠭ᠎ᠠ ᠵᠢᠨ ᠲᠡᠭᠡᠭᠡᠪᠦᠷᠢ ᠵᠢᠨ ᠠᠵᠤ ᠠᠬᠤᠶ᠋ᠢᠯᠠᠯ᠎ᠢ ᠰᠢᠮᠳᠠᠭᠤᠯᠤᠨ ᠵᠢᠯᠣᠭᠣᠳᠴᠤ   ᠦᠢ᠍ᠯᠡᠴᠢᠯᠡᠨ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠤᠬᠠᠮᠰᠠᠷ᠎ᠢ ᠴᠢᠩᠭ᠋ᠠᠳᠬᠠᠵᠤ᠂ ᠠᠵᠤ ᠠᠬᠤᠶ᠋ᠢᠯᠠᠯ᠎ᠤᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ ᠵᠢᠨ ᠲᠥᠯᠥᠭᠡ᠂ 7 ᠳ᠋ᠤᠭ᠋ᠠᠷ ᠰᠠᠷ᠎ᠠ ᠵᠢᠨ 19᠎ᠤ ᠡᠳᠦᠷ᠂ ᠣᠷᠳᠣᠰ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢ᠍ᠯᠡᠴᠢᠯᠡᠭᠡᠨ᠎ᠤ ᠲᠥᠪ᠎ᠤᠨ ᠣᠲᠣᠭ᠎ᠤᠨ ᠡᠮᠦᠨᠡᠲᠦ ᠬᠣᠰᠢᠭᠤᠨ᠎ᠤ ᠬᠤᠪᠢᠶᠠᠷᠢ ᠲᠥᠪ ᠣᠲᠣᠭ᠎ᠤᠨ ᠡᠮᠦᠨᠡᠲᠦ ᠬᠣᠰᠢᠭᠤᠨ᠎ᠤ ᠪᠤᠷᠤᠪᠠᠯᠭ᠋ᠠᠰᠤ ᠪᠠᠯᠭ᠋ᠠᠰᠤᠨ᠎ᠤ ᠠᠶᠤᠯᠲᠠᠶ ᠪᠠᠷᠠᠭ᠎ᠠ ᠵᠢᠨ ᠲᠡᠭᠡᠭᠡᠪᠦᠷᠢ ᠵᠢᠨ ᠠᠵᠤ ᠠᠬᠤᠶ᠋ᠢᠯᠠᠯ᠎ᠳᠤ ᠭᠦᠨᠵᠡᠭᠡᠶ᠋ᠢᠷᠡᠨ ᠰᠢᠮᠳᠠᠭᠤᠯᠤᠨ ᠵᠢᠯᠣᠭᠣᠳᠬᠤ ᠦᠢ᠍ᠯᠡᠴᠢᠯᠡᠭᠡ ᠦᠷᠨᠢᠭᠦᠯᠪᠡ᠃

      ᠰᠢᠮᠳᠠᠭᠤᠯᠤᠨ ᠵᠢᠯᠣᠭᠣᠳᠬᠤ ᠳᠤᠭᠤᠶ᠋ᠢᠯᠠᠩ᠎ᠤᠨ᠎ᠬᠢᠨ ᠮᠠᠲ᠋ᠧᠷᠢᠶᠠᠯ᠎ᠢ ᠪᠠᠶ᠋ᠢᠴᠠᠭ᠋ᠠᠨ ᠦᠵᠡᠬᠦ᠂ ᠲᠤᠬᠠᠶ ᠵᠢᠨ ᠭᠠᠵᠠᠷ᠎ᠲᠤ᠎ᠨᠢ ᠰᠢᠨᠵᠢᠯᠡᠨ ᠪᠠᠶ᠋ᠢᠴᠠᠭ᠋ᠠᠬᠤ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠪᠤᠷᠤᠪᠠᠯᠭ᠋ᠠᠰᠤ ᠪᠠᠯᠭ᠋ᠠᠰᠤᠨ᠎ᠤ ᠠᠶᠤᠯᠲᠠᠶ ᠪᠠᠷᠠᠭ᠎ᠠ ᠵᠢᠨ ᠲᠡᠭᠡᠭᠡᠪᠦᠷᠢ ᠵᠢᠨ ᠠᠵᠤ ᠠᠬᠤᠶ᠋ᠢᠯᠠᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠬᠤ ᠠᠵᠢᠯ᠂ ᠲᠡᠷᠭᠡ ᠬᠥᠰᠬᠡ ᠵᠢᠨ ᠲᠠᠩᠰᠠ ᠡᠪᠬᠡᠮᠡᠯ᠂ ᠲᠡᠷᠭᠡ ᠵᠣᠭᠰᠣᠬᠤ ᠲᠠᠯᠠᠪᠤᠷ ᠭᠠᠵᠠᠷ᠂ ᠪᠢᠴᠢᠭ ᠮᠠᠲ᠋ᠧᠷᠢᠶᠠᠯ᠎ᠢ ᠨᠠᠶ᠋ᠢᠳᠠᠪᠤᠷᠢᠵᠢᠭᠤᠯᠤᠭᠰᠠᠨ ᠵᠡᠷᠭᠡ ᠪᠠᠶ᠋ᠢᠳᠠᠯ᠎ᠢ ᠨᠠᠷᠢᠨ ᠪᠠᠶ᠋ᠢᠴᠠᠭ᠋ᠠᠨ ᠦᠵᠡᠵᠦ᠂ ᠪᠠᠶ᠋ᠢᠴᠠᠭ᠋ᠠᠨ ᠦᠵᠡᠬᠦ ᠶᠠᠪᠤᠴᠠ᠎ᠳᠤ ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠭᠦᠯᠦᠨ᠂ ᠳᠠᠷᠤᠶ᠋ᠢᠬᠠᠨ ᠴᠡᠭᠴᠡᠯᠡᠨ ᠰᠠᠶ᠋ᠢᠵᠢᠷᠠᠭᠤᠯᠬᠤ ᠰᠠᠨᠠᠭᠤᠯᠭ᠎ᠠ ᠭᠠᠷᠭ᠋ᠠᠪᠠ᠂ ᠳᠠᠷᠤᠶ᠋ᠢᠬᠠᠨ ᠴᠡᠭᠴᠡᠯᠡᠨ ᠰᠠᠶ᠋ᠢᠵᠢᠷᠠᠭᠤᠯᠵᠤ ᠳᠡᠶ᠋ᠢᠯᠬᠦ ᠥᠬᠡᠶ ᠪᠣᠯ ᠲᠠᠩᠰᠠ ᠡᠪᠬᠡᠮᠡᠯ ᠪᠠᠶ᠋ᠢᠭᠤᠯᠵᠤ᠂ ᠱᠠᠭ᠋ᠠᠷᠳᠠᠯᠭ᠎ᠠ ᠶᠣᠰᠣᠭ᠋ᠠᠷ ᠬᠤᠭᠤᠴᠠᠭ᠎ᠠ ᠲᠣᠭᠲᠠᠭ᠋ᠠᠨ ᠴᠡᠭᠴᠡᠯᠡᠨ ᠰᠠᠶ᠋ᠢᠵᠢᠷᠠᠭᠤᠯᠵᠤ ᠪᠤᠲᠠᠲᠠᠢ᠌ᠵᠢᠭᠤᠯᠤᠨ᠎ᠠ᠃


      ᠲᠣᠰ ᠤᠳᠠᠭ᠋ᠠᠨ᠎ᠤ ᠰᠢᠮᠳᠠᠭᠤᠯᠤᠨ ᠵᠢᠯᠣᠭᠣᠳᠬᠤ ᠦᠢ᠍ᠯᠡᠴᠢᠯᠡᠭᠡ᠎ᠪᠠᠷ ᠳᠠᠮᠵᠢᠭᠤᠯᠤᠨ᠂ ᠬᠠᠮᠢᠶ᠎ᠠ ᠪᠥᠬᠥᠶ ᠠᠵᠤ ᠠᠬᠤᠶ᠋ᠢᠯᠠᠯ ᠪᠠ ᠨᠢᠭᠡᠴᠢ ᠵᠢᠨ ᠡᠵᠡᠩᠨᠡᠯᠲᠡ ᠵᠢᠨ ᠦᠢ᠍ᠯᠡ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠤ ᠠᠬᠤᠶ᠋ᠢᠯᠠᠯ᠎ᠤᠨ ᠠᠶᠦᠯᠭᠦᠢ ᠦᠢ᠍ᠯᠡᠳᠪᠦᠷᠢᠯᠡᠯ᠎ᠤᠨ ᠭᠤᠤᠯ ᠴᠣᠭᠴᠠ ᠵᠢᠨ ᠬᠠᠷᠢᠭᠤᠴᠠᠯᠭ᠎ᠠ ᠵᠢᠨ ᠦᠵᠡᠯ ᠤᠬᠠᠮᠰᠠᠷ᠎ᠢ ᠴᠢᠩᠭ᠋ᠠᠷᠠᠭᠤᠯᠪᠠ᠃ ᠵᠠᠯᠭ᠋ᠠᠭ᠋ᠠᠳ᠂ ᠣᠲᠣᠭ᠎ᠤᠨ ᠡᠮᠦᠨᠡᠲᠦ ᠬᠣᠰᠢᠭᠤᠨ᠎ᠤ ᠬᠤᠪᠢᠶᠠᠷᠢ ᠲᠥᠪ᠎ᠨᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠦᠷᠭᠦᠯᠵᠢᠯᠡᠨ ᠥᠴᠦᠬᠡᠨ ᠴᠦ᠍ ᠰᠤᠯᠠᠷᠠᠭᠤᠯᠤᠯ ᠥᠬᠡᠶ ᠰᠠᠶ᠋ᠢᠲᠤᠷ ᠠᠳᠬᠤᠵᠤ᠂ ᠠᠶᠤᠯᠭᠦᠶ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠠᠵᠢᠯᠯᠠᠭ᠎ᠠ ᠵᠢ ᠦᠨᠡᠨ ᠬᠦ᠌ ᠵᠢᠷᠤᠮᠵᠢᠭᠤᠯᠤᠨ᠎ᠠ᠃  (ᠵᠣᠣ ᠴᠢᠶᠠᠩ)

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠡᠯᠡ ᠣᠷᠣᠭᠤᠯᠤᠯᠲᠠ ᠬᠦᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠵᠢᠨ ᠰᠢᠯᠢ ᠵᠢᠨ ᠭᠣᠣᠯ᠎ᠳᠠᠬᠢ ᠬᠤᠪᠢᠶᠠᠷᠢ ᠺᠣᠮᠫᠠᠨᠢ ᠵᠢᠨ ᠰᠠᠩ᠎ᠤᠨ ᠲᠡᠯᠡᠶ ᠠᠷᠠᠴᠢᠯᠠᠨ ᠬᠠᠮᠠᠭ᠋ᠠᠯᠠᠬᠤ ᠠᠵᠢᠯ᠎ᠤᠨ ᠲᠣᠭᠣᠷᠢᠭ᠎ᠨᠢ ᠦᠶᠡᠷ᠎ᠢ ᠰᠡᠷᠭᠡᠢ᠌ᠯᠡᠵᠦ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠣᠷᠢᠯᠲᠠ ᠥᠷᠨᠢᠭᠦᠯᠪᠡ
ᠤᠯᠠᠭ᠋ᠠᠨᠴᠠᠪ ᠬᠣᠲᠠ ᠵᠢᠨ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ ᠪᠠᠷᠠᠭ᠋ᠠᠨ᠎ᠤ ᠲᠡᠭᠡᠭᠡᠪᠦᠷᠢ ᠵᠢᠨ ᠲᠡᠷᠭᠡ ᠬᠦᠰᠭᠡ ᠵᠢᠨ ᠲᠦᠭᠵᠢᠷᠡᠬᠦ ᠠᠰᠠᠭᠤᠳᠠᠯ᠎ᠢ ᠲᠤᠬᠠᠶ ᠵᠢᠨ ᠭᠠᠵᠠᠷ᠎ᠲᠤ ᠱᠠᠯᠠᠪᠳᠠᠭᠤᠯᠤᠨ ᠵᠢᠯᠣᠭᠣᠳᠪᠠ
ᠬᠥᠬᠡᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠎ᠨᠢ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠪᠡ
ᠤᠯᠠᠭ᠋ᠠᠨᠬᠠᠳᠠ ᠬᠣᠲᠠ ᠵᠢᠨ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ᠎ᠨᠢ ᠵᠠᠮ ᠬᠠᠷᠢᠯᠴᠠᠭ᠎ᠠ ᠵᠢᠨ ᠪᠠᠷᠠᠭ᠋ᠠᠨ᠎ᠤ ᠭᠦᠢᠯᠭᠡᠭᠡᠨ᠎ᠤ ᠲᠤᠰᠬᠠᠶ ᠵᠦᠢ᠍ᠯ᠎ᠤᠨ ᠳᠠᠬᠢᠨ ᠵᠢᠭᠡᠯᠡᠯᠭᠡ ᠵᠢᠨ ᠲᠥᠷᠥ ᠵᠢᠨ ᠪᠣᠳᠣᠯᠭ᠎ᠠ ᠵᠢ ᠢᠳᠡᠪᠬᠢᠲᠡᠶ ᠤᠬᠠᠭᠤᠯᠪᠠ
ᠦᠬᠠᠶ ᠬᠣᠲᠠ ᠣᠯᠠᠨ ᠵᠦᠢᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢᠳᠪᠦᠷᠢᠯᠡᠬᠦ ᠲᠥᠷᠥ ᠵᠢᠨ ᠪᠣᠳᠣᠯᠭ᠎ᠠ ᠵᠢ ᠨᠠᠷᠢᠯᠢᠭᠵᠢᠭᠤᠯᠤᠨ ᠨᠠᠢ᠌ᠳᠠᠪᠤᠷᠢᠵᠢᠭᠤᠯᠬᠤ ᠵᠢ ᠠᠬᠢᠭᠤᠯᠪᠠ
 
            