ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠤᠯᠠᠭ᠋ᠠᠨᠬᠠᠳᠠ ᠬᠣᠲᠠ ᠵᠢᠨ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ᠎ᠨᠢ ᠵᠠᠮ ᠬᠠᠷᠢᠯᠴᠠᠭ᠎ᠠ ᠵᠢᠨ ᠪᠠᠷᠠᠭ᠋ᠠᠨ᠎ᠤ ᠭᠦᠢᠯᠭᠡᠭᠡᠨ᠎ᠤ ᠲᠤᠰᠬᠠᠶ ᠵᠦᠢ᠍ᠯ᠎ᠤᠨ ᠳᠠᠬᠢᠨ ᠵᠢᠭᠡᠯᠡᠯᠭᠡ ᠵᠢᠨ ᠲᠥᠷᠥ ᠵᠢᠨ ᠪᠣᠳᠣᠯᠭ᠎ᠠ ᠵᠢ ᠢᠳᠡᠪᠬᠢᠲᠡᠶ ᠤᠬᠠᠭᠤᠯᠪᠠ
ᠨᠡᠶ᠋ᠢᠲᠡᠯᠡᠭᠰᠡᠨ ᠴᠠᠭ᠄ 2022-08-11

      ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢ ᠬᠠᠪᠰᠤᠷᠤᠨ ᠬᠦᠴᠢᠷᠳᠡᠯ᠎ᠢ᠎ᠨᠢ ᠰᠢᠢᠳᠪᠦᠷᠢᠯᠡᠨ ᠳᠠᠷᠤᠭ᠋ᠠᠰᠤ ᠵᠢ᠎ᠨᠢ ᠬᠥᠩᠭᠡᠷᠡᠭᠦᠯᠬᠦ ᠵᠢᠨ ᠲᠤᠰᠠᠳᠠ᠂ ᠤᠯᠠᠭ᠋ᠠᠨᠬᠠᠳᠠ ᠬᠣᠲᠠ ᠵᠢᠨ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ᠎ᠨᠢ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠪᠦᠯᠦᠭ ᠬᠤᠪᠢᠶᠠᠨ ᠡᠮᠬᠢᠯᠡᠨ ᠳᠢᠭᠯᠡᠭᠰᠡᠨ 《ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢᠯᠡᠰ᠎ᠤᠨ ᠠᠵᠤ ᠠᠬᠤᠢ᠌ᠯᠠᠯ᠎ᠢ ᠬᠠᠪᠰᠤᠷᠴᠤ ᠬᠦᠴᠢᠷᠳᠡᠯ᠎ᠢ᠎ᠨᠢ ᠰᠢᠢᠳᠪᠦᠷᠢᠯᠡᠬᠦ ᠲᠥᠷᠥ ᠵᠢᠨ ᠪᠣᠳᠣᠯᠭ᠎ᠠ ᠵᠢᠨ ᠨᠠᠷᠢᠨ ᠳᠠᠩᠰᠠ》 ᠵᠢ ᠡᠯ᠎ᠡ ᠬᠣᠰᠢᠭᠤ ᠰᠢᠶᠠᠨ ᠲᠣᠭᠣᠷᠢᠭ᠎ᠲᠤ ᠳᠠᠮᠵᠢᠭᠤᠯᠤᠨ ᠲᠠᠷᠬᠠᠭ᠋ᠠᠵᠤ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠬᠦ ᠪᠠ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠪᠠ; ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠤᠯᠠᠭ᠋ᠠᠨᠬᠠᠳᠠ ᠬᠣᠲᠠ᠎ᠳᠠᠬᠢ ᠲᠥᠪ ᠰᠠᠯᠪᠤᠷᠢ ᠪᠠᠩᠬᠢ᠎ᠲᠠᠢ ᠵᠣᠯᠭ᠋ᠠᠭᠤᠯᠵᠤ᠂ ᠪᠠᠯᠠ ᠮᠥᠩᠭᠥ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠪᠥᠭᠡᠳ ᠳᠡᠮᠵᠢᠭᠦᠯᠬᠦ ᠰᠠᠨᠠᠮᠵᠢ᠎ᠲᠠᠢ ᠪᠤᠶᠤ ᠵᠢᠭᠡᠯᠡᠯᠭᠡ ᠠᠪᠬᠤ ᠰᠠᠨᠠᠮᠵᠢ᠎ᠲᠠᠢ ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠢ ᠳᠡᠪᠰᠢᠭᠦᠯᠵᠦ᠂ ᠵᠠᠮ ᠲᠡᠭᠡᠭᠡᠪᠦᠷᠢ ᠵᠢᠨ ᠠᠵᠤ ᠠᠬᠤᠢ᠌ᠯᠠᠯ ᠵᠢᠴᠢ ᠡᠵᠡᠩᠨᠡᠭᠴᠢ ᠵᠢ ᠵᠢᠯᠣᠭᠣᠳᠤᠨ ᠤᠯᠤᠰ᠎ᠤᠨ ᠪᠠ ᠣᠷᠣᠨ ᠨᠤᠲᠤᠭ᠎ᠤᠨ ᠮᠥᠩᠭᠥᠨ ᠭᠦᠢᠯᠭᠡᠭᠡᠨ᠎ᠤ ᠲᠥᠷᠥ ᠵᠢᠨ ᠪᠣᠳᠣᠯᠭ᠎ᠠ ᠵᠢ 《ᠭᠦᠢᠴᠡᠳ ᠰᠠᠢ᠌ᠲᠤᠷ ᠬᠡᠷᠡᠭᠯᠡᠵᠦ᠂ ᠭᠥᠷᠳᠡᠬᠦ ᠶᠣᠰᠣᠲᠠᠶ ᠵᠢ᠎ᠨᠢ ᠪᠦᠬᠦᠨ᠎ᠢ ᠬᠦᠷᠲᠡᠨ》᠂ ᠠᠵᠢᠯ ᠲᠥᠷᠥᠯ᠎ᠤᠨ ᠡᠷᠡᠭᠦᠯ ᠪᠥᠭᠡᠳ ᠲᠣᠭᠲᠠᠭᠤᠨ ᠵᠶ᠋ᠠᠷ ᠬᠥᠭᠵᠢᠬᠦ ᠵᠢ ᠪᠠᠲᠤᠯᠠᠪᠠ᠃
      ᠥᠪᠡᠷᠲᠡᠭᠡᠨ ᠵᠠᠰᠠᠬᠤ ᠣᠷᠣᠨ᠎ᠤ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠶᠡᠷᠦᠩᠬᠡᠶ ᠵᠢᠯᠣᠭᠣᠳᠣᠭᠴᠢ ᠵᠢᠨ ᠬᠣᠶᠠᠳᠤᠭ᠋ᠠᠷ ᠤᠳᠠᠭ᠋ᠠᠨ᠎ᠤ ᠲᠣᠬᠢᠷᠠᠭᠤᠯᠤᠯᠲᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠵᠤ᠂ ᠵᠠᠮ ᠬᠠᠷᠢᠯᠴᠠᠭ᠎ᠠ ᠵᠢᠨ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠵᠤ᠂ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢᠳᠪᠦᠷᠢᠯᠡᠬᠦ ᠡᠯ᠎ᠡ ᠵᠦᠢᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢᠨ ᠲᠥᠯᠥᠭᠡ᠂ ᠲᠣᠰ ᠬᠣᠲᠠ᠎ᠨᠢ ᠥᠪᠡᠷᠲᠡᠭᠡᠨ ᠵᠠᠰᠠᠬᠤ ᠣᠷᠣᠨ᠎ᠤ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ᠎ᠤᠨ ᠦᠢᠯᠡᠳᠦᠭᠰᠡᠨ 《ᠵᠠᠮ ᠬᠠᠷᠢᠯᠴᠠᠭ᠎ᠠ ᠵᠢᠨ ᠪᠠᠷᠠᠭ᠋ᠠᠨ᠎ᠤ ᠭᠦᠢ᠍ᠯᠭᠡᠭᠡᠨ᠎ᠤ ᠲᠤᠰᠬᠠᠶ ᠵᠦᠢᠯ᠎ᠤᠨ ᠳᠠᠬᠢᠨ ᠵᠢᠭᠡᠯᠡᠯᠭᠡ ᠵᠢᠨ ᠪᠠᠯᠠ ᠲᠣᠬᠢᠷᠠᠭᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠺᠣᠳ᠋》᠎ᠤᠨ ᠤᠬᠠᠭᠤᠯᠭ᠎ᠠ ᠵᠢᠨ ᠥᠩᠭᠡᠲᠦ ᠬᠠᠭᠤᠳᠠᠰᠤ ᠵᠢ ᠴᠠᠭ ᠲᠤᠬᠠᠶ᠎ᠳᠤ᠎ᠨᠢ ᠳᠠᠷᠤᠮᠠᠯᠯᠠᠨ ᠲᠠᠷᠬᠠᠭ᠋ᠠᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠢᠩᠬᠢᠮ᠎ᠤᠨ ᠵᠠᠮ ᠬᠠᠷᠢᠯᠴᠠᠭ᠋ᠠᠨ᠎ᠤ ᠴᠣᠩᠬᠤᠪᠴᠢ᠂ ᠵᠠᠰᠠᠮᠠᠯ ᠵᠠᠮ᠎ᠤᠨ ᠬᠢᠵᠢᠭ᠎ᠢ ᠰᠡᠷᠭᠡᠢ᠌ᠯᠡᠬᠦ ᠪᠠᠢ᠌ᠴᠠᠭ᠋ᠠᠯᠲᠠ ᠵᠢᠨ ᠴᠡᠭ᠂ ᠮᠠᠰᠢᠨ ᠲᠡᠷᠭᠡᠨ᠎ᠤ ᠪᠠᠢ᠌ᠴᠠᠭ᠋ᠠᠨ ᠬᠡᠮᠵᠢᠬᠦ ᠥᠷᠲᠡᠭᠡ ᠵᠡᠷᠭᠡ᠎ᠳᠤ ᠨᠠᠭ᠋ᠠᠬᠤ ᠵᠢᠨ ᠬᠠᠮᠲᠤ᠂ ᠬᠣᠶᠠᠷ ᠬᠡᠮᠵᠢᠯᠳᠦ ᠺᠣᠳ᠋᠎ᠢ ᠡᠯ᠎ᠡ ᠬᠣᠰᠢᠭᠤ ᠰᠢᠶᠠᠨ ᠲᠣᠭᠣᠷᠢᠭ᠎ᠤᠨ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠢ᠌ᠯᠠᠯ᠎ᠤᠨ ᠸᠢᠴᠠᠲ᠎ᠤᠨ ᠪᠦᠯᠦᠭᠯᠡᠯ᠎ᠳᠤ ᠳᠠᠮᠵᠢᠭᠤᠯᠤᠨ ᠲᠠᠷᠬᠠᠭ᠋ᠠᠪᠠ᠃ ᠠᠵᠢᠯᠲᠠᠳ ᠪᠣᠯᠤᠨ ᠬᠠᠤᠯᠢ ᠬᠡᠷᠡᠭᠵᠢᠭᠦᠯᠬᠦ ᠠᠵᠢᠯᠴᠢᠨ ᠴᠦ᠍ ᠪᠠᠷᠠᠭ᠋ᠠᠨ᠎ᠤ ᠲᠡᠷᠭᠡᠨ ᠵᠢᠯᠣᠭᠣᠴᠢ᠎ᠳᠤ ᠢᠳᠡᠪᠬᠢᠲᠡᠶ᠎ᠪᠠᠷ ᠤᠬᠠᠭᠤᠯᠤᠨ ᠲᠠᠨᠢᠯᠴᠠᠭᠤᠯᠵᠤ᠂ ᠬᠢᠵᠢᠭ᠎ᠤᠨ ᠪᠠᠢ᠌ᠳᠠᠯ᠎ᠳᠤ ᠨᠥᠯᠥᠭᠡᠯᠡᠭᠳᠡᠭᠰᠡᠨ ᠵᠠᠮ ᠲᠡᠭᠡᠭᠡᠪᠦᠷᠢ ᠵᠢᠨ ᠡᠵᠡᠩᠨᠡᠭᠴᠢ ᠵᠢᠴᠢ ᠪᠠᠷᠠᠭ᠋ᠠᠨ᠎ᠤ ᠲᠡᠷᠭᠡᠨ ᠵᠢᠯᠣᠭᠣᠴᠢ ᠵᠢᠨ ᠪᠠᠯᠠ ᠲᠣᠬᠢᠷᠠᠭᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠰᠢᠭᠤᠳ ᠪᠥᠭᠡᠳ ᠪᠦᠲᠦᠮᠵᠢᠲᠡᠶ ᠴᠤᠭᠯᠠᠭᠤᠯᠤᠭᠰᠠᠨ ᠦᠷ᠎ᠡ ᠳ᠋ᠦᠩ᠎ᠳᠤ ᠬᠥᠷᠪᠡ᠃
      ᠲᠠᠷᠠᠭ᠋ᠠᠴᠢ ᠵᠢᠨ ᠠᠯᠬᠤᠮ᠎ᠳᠤ᠂ ᠲᠣᠰ ᠠᠯᠪᠠᠨ ᠬᠡᠷ ᠪᠠᠰᠠ ᠰᠦᠯᠵᠢᠶᠡᠨ ᠳᠡᠭᠡᠷᠡᠬᠢ᠂ ᠰᠦᠯᠵᠢᠶᠡᠨ ᠭᠠᠳᠠᠨᠠᠬᠢ ᠣᠯᠠᠨ ᠵᠦᠢᠯ᠎ᠤᠨ ᠬᠡᠯᠪᠡᠷᠢ᠎ᠪᠠᠷ ᠳᠠᠮᠵᠢᠭᠤᠯᠤᠨ ᠬᠠᠮᠢᠶ᠎ᠠ ᠪᠥᠬᠥᠶ ᠠᠵᠤ ᠠᠬᠤᠢ᠌ᠯᠠᠯ᠎ᠢ ᠬᠠᠪᠰᠤᠷᠤᠨ ᠲᠥᠷᠥ ᠵᠢᠨ ᠪᠣᠳᠣᠯᠭ᠎ᠠ ᠨᠡᠢ᠌ᠲᠡᠯᠡᠭᠰᠡᠨ ᠪᠠᠢ᠌ᠳᠠᠯ᠎ᠢ ᠣᠢ᠌ᠯᠠᠭ᠋ᠠᠭᠤᠯᠵᠤ᠂ ᠮᠥᠩᠭᠥᠨ ᠭᠦᠢᠯᠭᠡᠭᠡᠨ᠎ᠤ ᠪᠠᠢ᠌ᠭᠤᠯᠤᠮᠵᠢ᠎ᠳᠤ ᠪᠠᠯᠠ ᠮᠥᠩᠭᠥ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠪᠥᠭᠡᠳ ᠳᠡᠮᠵᠢᠭᠦᠯᠬᠦ ᠰᠠᠨᠠᠮᠵᠢ᠎ᠲᠠᠢ ᠪᠤᠶᠤ ᠵᠢᠭᠡᠯᠡᠯᠭᠡ ᠠᠪᠬᠤ ᠰᠠᠨᠠᠮᠵᠢ᠎ᠲᠠᠢ ᠵᠠᠮ ᠲᠡᠭᠡᠭᠡᠪᠦᠷᠢ ᠵᠢᠨ ᠠᠵᠤ ᠠᠬᠤᠢ᠌ᠯᠠᠯ᠎ᠢ ᠢᠳᠡᠪᠬᠢᠲᠡᠶ ᠳᠡᠪᠰᠢᠭᠦᠯᠵᠦ᠂ ᠲᠥᠷᠥ ᠵᠢᠨ ᠪᠣᠳᠣᠯᠭ᠎ᠠ ᠵᠢ ᠪᠣᠳᠠᠲᠠᠶ ᠬᠡᠷᠡᠭᠵᠢᠭᠦᠯᠵᠦ ᠪᠠᠢ᠌ᠭ᠎ᠠ ᠪᠠᠢ᠌ᠳᠠᠯ᠎ᠢ ᠨᠢᠭᠲᠠ ᠮᠥᠷᠳᠡᠵᠦ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠶᠠᠪᠤᠴᠠ᠎ᠳᠠᠬᠢ ᠬᠦᠴᠢᠷᠳᠡᠯ ᠪᠠ ᠠᠰᠠᠭᠤᠳᠠᠯ᠎ᠢ ᠬᠥᠳᠡᠯᠦᠩᠭᠦᠶ ᠪᠠᠢ᠌ᠳᠠᠯ ᠵᠶ᠋ᠠᠷ ᠣᠢ᠌ᠯᠠᠭ᠋ᠠᠬᠤ ᠵᠢᠨ ᠬᠠᠮᠲᠤ ᠴᠠᠭ ᠲᠤᠬᠠᠶ᠎ᠳᠤ᠎ᠨᠢ ᠬᠠᠷᠢᠭᠤ ᠲᠤᠰᠬᠠᠵᠤ᠂ ᠨᠢᠭᠡ ᠠᠵᠤ ᠠᠬᠤᠢ᠌ᠯᠠᠯ᠎ᠳᠤ ᠨᠢᠭᠡ ᠲᠥᠷᠥ ᠵᠢᠨ ᠪᠣᠳᠣᠯᠭ᠎ᠠ ᠬᠡᠷᠡᠭᠵᠢᠭᠦᠯᠵᠦ᠂ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢᠳᠪᠦᠷᠢᠯᠡᠬᠦ ᠡᠯ᠎ᠡ ᠵᠦᠢᠯ᠎ᠤᠨ ᠲᠥᠷᠥ ᠵᠢᠨ ᠪᠣᠳᠣᠯᠭ᠎ᠠ ᠵᠢᠨ ᠵᠠᠬ᠎ᠠ ᠳᠡᠯᠭᠡᠭᠦᠷ᠎ᠤᠨ ᠪᠡᠶᠡᠴᠢ ᠴᠣᠭᠴᠠ᠎ᠳᠤ ᠠᠰᠢᠭ ᠬᠦᠷᠲᠡᠭᠡᠬᠦ ᠵᠢ ᠦᠨᠡᠨ ᠬᠦ᠌ ᠪᠠᠲᠤᠯᠠᠵᠤ᠂ ᠠᠵᠤ ᠠᠬᠤᠢ᠌ᠯᠠᠯ᠎ᠤᠨ ᠪᠣᠳᠠᠲᠠᠶ ᠠᠰᠠᠭᠤᠳᠠᠯ᠎ᠢ ᠰᠢᠢᠳᠪᠦᠷᠢᠯᠡᠨ᠎ᠡ᠃
     (ᠤᠯᠠᠭ᠋ᠠᠨᠬᠠᠳᠠ ᠬᠤᠲᠠ ᠵᠢᠨ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ)

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠦᠬᠠᠶ ᠬᠣᠲᠠ ᠣᠯᠠᠨ ᠵᠦᠢᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢᠳᠪᠦᠷᠢᠯᠡᠬᠦ ᠲᠥᠷᠥ ᠵᠢᠨ ᠪᠣᠳᠣᠯᠭ᠎ᠠ ᠵᠢ ᠨᠠᠷᠢᠯᠢᠭᠵᠢᠭᠤᠯᠤᠨ ᠨᠠᠢ᠌ᠳᠠᠪᠤᠷᠢᠵᠢᠭᠤᠯᠬᠤ ᠵᠢ ᠠᠬᠢᠭᠤᠯᠪᠠ
ᠤᠯᠠᠭ᠋ᠠᠨᠬᠠᠳᠠ ᠬᠣᠲᠠ᠄ ᠠᠵᠤ ᠠᠬᠤᠢ᠌ᠯᠠᠯ᠎ᠳᠤ 《ᠨᠠᠷᠢᠨ ᠲᠠᠩᠰᠠ ᠵᠢᠨ ᠬᠡᠯᠪᠡᠷᠢ》 ᠵᠢᠨ ᠦᠢᠯᠡᠴᠢᠯᠡᠭᠡ ᠬᠠᠩᠭ᠋ᠠᠪᠠ
ᠬᠢᠩᠭ᠋ᠠᠨ ᠠᠢ᠌ᠮᠠᠭ᠄ ᠶᠢᠰᠦᠳᠦᠭᠡᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠨᠠᠢ᠌ᠷ᠎ᠤᠨ ᠬᠤᠭᠤᠴᠠᠭ᠋ᠠᠨ᠎ᠳᠠᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠢ ᠰᠠᠢ᠌ᠲᠤᠷ ᠬᠢᠪᠡ
ᠰᠢᠯᠢ ᠵᠢᠨ ᠭᠣᠤᠯ ᠠᠢ᠌ᠮᠠᠭ᠄ 《ᠨᠢᠭᠡ ᠲᠠᠯᠠᠪᠤᠷ ᠬᠣᠶᠠᠷ ᠥᠷᠲᠡᠭᠡ》 ᠵᠢᠨ ᠵᠠᠮ ᠬᠠᠷᠢᠯᠴᠠᠭ᠋ᠠᠨ᠎ᠤ ᠪᠣᠭᠣᠮᠲᠠ ᠵᠢ ᠢᠩᠭᠢᠵᠦ ᠰᠡᠷᠭᠡᠢ᠌ᠯᠡᠨ ᠡᠵᠡᠮᠳᠡᠪᠡ
ᠪᠠᠶᠠᠨᠨᠠᠭᠤᠷ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠴᠣᠩᠬᠣᠪᠴᠢ᠎ᠨᠢ 《ᠠᠰᠠᠷᠠᠭᠴᠢ ᠮᠠᠶᠢᠭ》᠎ᠤᠨ ᠦᠢᠯᠡᠴᠢᠯᠡᠭᠡ᠎ᠪᠠᠷ ᠠᠵᠤ ᠠᠬᠤᠢ᠌ᠯᠠᠯ᠎ᠢ ᠲᠤᠰᠠᠯᠠᠪᠠ
 
            