ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠤᠯᠠᠭ᠋ᠠᠨᠬᠠᠳᠠ ᠬᠣᠲᠠ᠄ ᠠᠵᠤ ᠠᠬᠤᠢ᠌ᠯᠠᠯ᠎ᠳᠤ 《ᠨᠠᠷᠢᠨ ᠲᠠᠩᠰᠠ ᠵᠢᠨ ᠬᠡᠯᠪᠡᠷᠢ》 ᠵᠢᠨ ᠦᠢᠯᠡᠴᠢᠯᠡᠭᠡ ᠬᠠᠩᠭ᠋ᠠᠪᠠ
ᠨᠡᠶ᠋ᠢᠲᠡᠯᠡᠭᠰᠡᠨ ᠴᠠᠭ᠄ 2022-08-18

      ᠤᠯᠠᠭ᠋ᠠᠨᠬᠠᠳᠠ ᠬᠣᠲᠠ ᠵᠢᠨ ᠬᠡᠰᠡᠭ ᠠᠵᠤ ᠠᠬᠤᠢ᠌ᠯᠠᠯ᠎ᠨᠢ ᠵᠠᠮ ᠲᠡᠭᠡᠭᠡᠪᠦᠷᠢ ᠵᠢᠨ ᠠᠵᠢᠯ ᠡᠷᠭᠢᠯᠡᠬᠦ ᠬᠢᠷᠢ ᠬᠡᠮ᠎ᠤᠨ ᠥᠨᠳᠥᠷ ᠳᠠᠪᠲᠠᠮᠵᠢᠲᠤ ᠦᠢᠯᠡᠴᠢᠯᠡᠭᠡᠨ᠎ᠤ ᠵᠦᠢᠯᠡᠰ᠎ᠢ 《ᠮᠤᠵᠢ ᠠᠯᠤᠰᠯᠠᠨ ᠨᠡᠢ᠌ᠳᠡᠮ ᠭᠦᠢᠴᠡᠳᠬᠡᠬᠦ》 ᠪᠠ ᠪᠠᠷᠠᠭ᠋ᠠᠨ᠎ᠤ ᠲᠡᠷᠭᠡ ᠵᠢᠨ ᠣᠨ᠎ᠤ ᠬᠢᠨᠠᠯᠲᠠ ᠵᠢᠨ ᠲᠤᠬᠠᠢ᠌ᠯᠠᠭᠰᠠᠨ ᠠᠵᠢᠯ᠎ᠢ ᠣᠢ᠌ᠯᠠᠭ᠋ᠠᠬᠤ ᠥᠬᠡᠶ ᠪᠠᠢ᠌ᠬᠤ ᠵᠢ ᠦᠨᠳᠦᠰᠦᠯᠡᠨ᠂ ᠣᠢ᠌ᠷ᠎ᠠ᠎ᠳᠤ᠂ ᠤᠯᠠᠭ᠋ᠠᠨᠬᠠᠳᠠ ᠬᠣᠲᠠ ᠵᠢᠨ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠠᠵᠢᠯ᠎ᠤᠨ ᠤᠳᠤᠷᠢᠳᠬᠤ ᠳᠤᠭᠤᠢ᠍ᠯᠠᠩ᠎ᠤᠨ ᠠᠯᠪᠠᠨ ᠭᠡᠷ ᠡᠯ᠎ᠡ ᠬᠣᠰᠢᠭᠤ ᠰᠢᠶᠠᠨ ᠲᠣᠭᠣᠷᠢᠭ᠎ᠤᠨ ᠲᠠᠪᠤ᠎ᠠᠴᠠ ᠳᠡᠭᠡᠭᠰᠢᠬᠢ ᠡᠵᠡᠩᠨᠡᠯᠲᠡ ᠵᠢᠨ ᠲᠡᠷᠭᠡ ᠬᠦᠰᠬᠡ᠎ᠲᠠᠢ ᠵᠠᠮ ᠲᠡᠭᠡᠭᠡᠪᠦᠷᠢ ᠵᠢᠨ ᠠᠵᠤ ᠠᠬᠤᠢ᠍ᠯᠠᠯ᠎ᠤᠨ ᠨᠡᠷᠡᠰ᠎ᠢ ᠡᠮᠬᠢᠳᠬᠡᠨ᠂ ᠡᠯ᠎ᠡ ᠬᠣᠰᠢᠭᠤ ᠰᠢᠶᠠᠨ ᠲᠣᠭᠣᠷᠢᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠲᠤ ᠬᠤᠪᠢᠶᠠᠨ ᠲᠠᠷᠬᠠᠭ᠋ᠠᠵᠤ᠂ ᠠᠵᠤ ᠠᠬᠤᠢ᠌ᠯᠠᠯ᠎ᠳᠤ 《ᠨᠠᠷᠢᠨ ᠲᠠᠩᠰᠠ ᠵᠢᠨ ᠬᠡᠯᠪᠡᠷᠢ》 ᠵᠢᠨ ᠦᠢᠯᠡᠴᠢᠯᠡᠭᠡ ᠬᠠᠩᠭ᠋ᠠᠬᠤ ᠵᠢ ᠱᠠᠭ᠋ᠠᠷᠳᠠᠨ᠂ ᠠᠵᠤ ᠠᠬᠤᠢ᠌ᠯᠠᠯ᠎ᠳᠤ 《ᠮᠤᠵᠢ ᠠᠯᠤᠰᠯᠠᠨ ᠨᠡᠢ᠌ᠳᠡᠮ ᠭᠦᠢᠴᠡᠳᠬᠡᠬᠦ》 ᠦᠢᠯᠡᠴᠢᠯᠡᠭᠡᠨ᠎ᠤ ᠵᠦᠢᠯᠡᠰ᠎ᠤᠨ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢ ᠮᠡᠳᠡᠭᠦᠯᠵᠦ᠂ ᠠᠵᠤ ᠠᠬᠤᠢ᠌ᠯᠠᠯ᠎ᠳᠤ ᠬᠦᠷᠴᠦ ᠵᠢᠯᠣᠭᠣᠳᠴᠤ ᠪᠠᠢ᠌ᠭ᠋ᠠᠳ 《ᠢᠨᠲ᠋ᠧᠷ ᠰᠦᠯᠵᠢᠶᠡᠨ᠎ᠤ ᠵᠠᠮ ᠲᠡᠭᠡᠭᠡᠪᠦᠷᠢ ᠵᠢᠨ ᠠᠷᠠᠳ᠎ᠲᠤ ᠲᠥᠬᠥᠮ ᠦᠵᠡᠭᠦᠯᠬᠦ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠰᠢᠰᠲ᠋ᠧᠮ》 ᠵᠶ᠋ᠠᠷ ᠳᠠᠮᠵᠢᠭᠤᠯᠤᠨ ᠬᠠᠮᠢᠶ᠎ᠠ ᠪᠥᠬᠥᠶ ᠲᠤᠬᠠᠢ᠌ᠯᠠᠭᠰᠠᠨ ᠠᠵᠢᠯ᠎ᠢ ᠭᠦᠢ᠍ᠴᠡᠳᠬᠡᠭᠰᠡᠨ ᠪᠦᠭᠡᠳ ᠠᠵᠤ ᠠᠬᠤᠢ᠌ᠯᠠᠯ᠎ᠤᠨ ᠠᠵᠢᠯᠲᠠᠨ᠎ᠤ ᠰᠦᠯᠵᠢᠶᠡᠨ ᠳᠡᠭᠡᠷ᠎ᠡ ᠭᠦᠢᠴᠡᠳᠬᠡᠬᠦ ᠴᠣᠪᠤᠷᠠᠯ᠎ᠢ ᠪᠦᠬᠦ ᠶᠠᠪᠤᠴᠠ᠎ᠳᠤ᠎ᠨᠢ ᠵᠢᠯᠤᠭᠣᠳᠴᠤ᠂ ᠠᠵᠤ ᠠᠬᠤᠢ᠌ᠯᠠᠯ᠎ᠤᠨ ᠲᠤᠬᠠᠢ᠌ᠯᠠᠭᠰᠠᠨ ᠠᠵᠢᠯ ᠵᠶ᠋ᠠᠨ ᠭᠦᠢ᠍ᠴᠡᠳᠬᠡᠬᠦ ᠬᠤᠷᠳᠤᠴᠠ ᠵᠢ ᠲᠦᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠪᠠ᠃
      ᠲᠠᠷᠠᠭ᠋ᠠᠴᠢ ᠵᠢᠨ ᠠᠯᠬᠤᠮ᠎ᠳᠤ᠂ ᠤᠯᠠᠭ᠋ᠠᠨᠬᠠᠳᠠ ᠬᠣᠲᠠ ᠬᠠᠮᠢᠶ᠎ᠠ ᠪᠥᠬᠥᠶ ᠠᠵᠤ ᠠᠬᠤᠢ᠌ᠯᠠᠯ᠎ᠢ ᠦᠷᠭᠦᠯᠵᠢᠯᠡᠨ ᠮᠦᠷᠳᠡᠬᠦ ᠵᠢᠨ ᠬᠠᠮᠲᠤ ᠵᠠᠮ ᠲᠡᠭᠡᠭᠡᠪᠦᠷᠢ ᠵᠢᠨ ᠠᠵᠢᠯᠯᠠᠭᠰᠠᠳ᠎ᠤᠨ ᠠᠵᠢᠯ ᠡᠷᠭᠢᠯᠡᠬᠦ ᠬᠢᠷᠢ ᠬᠡᠮ᠎ᠤᠨ ᠦᠨᠡᠮᠯᠡᠯ᠎ᠢ ᠨᠥᠬᠥᠨ ᠣᠯᠭᠣᠬᠤ᠂ ᠬᠤᠪᠢᠷᠠᠭᠤᠯᠬᠤ᠂ ᠬᠦᠴᠦᠨ ᠥᠬᠡᠶ ᠪᠣᠯᠭ᠋ᠠᠬᠤ ᠪᠠ ᠵᠢᠯᠣᠭᠣᠴᠢ ᠵᠢᠨ ᠢᠲᠡᠭᠡᠮᠵᠢ ᠵᠢ ᠬᠢᠨᠠᠨ ᠰᠢᠯᠭ᠋ᠠᠬᠤ ᠵᠡᠷᠭᠡ ᠵᠦᠢ᠍ᠯᠡᠰ᠎ᠢ ᠭᠦᠢᠴᠡᠳᠬᠡᠬᠦ ᠦᠶ᠎ᠡ᠎ᠳᠤ ᠲᠤᠯᠭ᠋ᠠᠷᠠᠭᠰᠠᠨ ᠬᠦᠴᠢᠷᠳᠡᠯ ᠪᠠ ᠠᠰᠠᠭᠤᠳᠠᠯ᠎ᠢ᠎ᠨᠢ ᠰᠢᠢᠳᠪᠦᠷᠢᠯᠡᠵᠦ᠂ 《ᠨᠢᠭᠡ ᠤᠴᠢᠷ ᠨᠢᠭᠡ ᠵᠣᠬᠢᠴᠠᠭᠤᠯᠭ᠎ᠠ》 ᠵᠢᠨ ᠵᠠᠷᠴᠢᠮ ᠶᠣᠰᠣᠭ᠋ᠠᠷ᠂ ᠠᠵᠤ ᠠᠬᠤᠢ᠌ᠯᠠᠯ ᠪᠠ ᠠᠵᠢᠯᠯᠠᠭᠰᠠᠳ᠎ᠲᠤ 《ᠵᠠᠷᠤᠴᠠ》 ᠪᠣᠯᠵᠣ᠂ ᠴᠢᠨᠠᠷ ᠰᠠᠢ᠌ᠲᠠᠶ ᠥᠨᠳᠥᠷ ᠪᠦᠲᠦᠮᠵᠢᠲᠡᠶ ᠦᠢᠯᠡᠴᠢᠯᠡᠭᠡ ᠵᠢ ᠦᠨᠡᠨ ᠬᠦ᠌ ᠬᠠᠩᠭ᠋ᠠᠵᠤ᠂ ᠵᠠᠮ ᠲᠡᠭᠡᠭᠡᠪᠦᠷᠢ ᠵᠢᠨ ᠠᠵᠢᠯᠯᠠᠭᠰᠠᠳ᠎ᠢ ᠬᠠᠪᠰᠤᠷᠤᠨ ᠴᠠᠭ ᠪᠠ ᠬᠦᠴᠦ ᠪᠠᠷᠠᠵᠤ 《ᠨᠠᠭ᠋ᠠᠰᠢ ᠴᠠᠭ᠋ᠠᠰᠢ ᠭᠦᠶᠦᠬᠦ》᠎ᠠᠴᠠ ᠰᠠᠯᠭ᠋ᠠᠨ᠎ᠠ᠃
      (ᠤᠯᠠᠭ᠋ᠠᠨᠬᠠᠳᠠ ᠬᠤᠲᠠ ᠵᠢᠨ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ)

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠬᠢᠩᠭ᠋ᠠᠨ ᠠᠢ᠌ᠮᠠᠭ᠄ ᠶᠢᠰᠦᠳᠦᠭᠡᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠨᠠᠢ᠌ᠷ᠎ᠤᠨ ᠬᠤᠭᠤᠴᠠᠭ᠋ᠠᠨ᠎ᠳᠠᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠢ ᠰᠠᠢ᠌ᠲᠤᠷ ᠬᠢᠪᠡ
ᠰᠢᠯᠢ ᠵᠢᠨ ᠭᠣᠤᠯ ᠠᠢ᠌ᠮᠠᠭ᠄ 《ᠨᠢᠭᠡ ᠲᠠᠯᠠᠪᠤᠷ ᠬᠣᠶᠠᠷ ᠥᠷᠲᠡᠭᠡ》 ᠵᠢᠨ ᠵᠠᠮ ᠬᠠᠷᠢᠯᠴᠠᠭ᠋ᠠᠨ᠎ᠤ ᠪᠣᠭᠣᠮᠲᠠ ᠵᠢ ᠢᠩᠭᠢᠵᠦ ᠰᠡᠷᠭᠡᠢ᠌ᠯᠡᠨ ᠡᠵᠡᠮᠳᠡᠪᠡ
ᠪᠠᠶᠠᠨᠨᠠᠭᠤᠷ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠴᠣᠩᠬᠣᠪᠴᠢ᠎ᠨᠢ 《ᠠᠰᠠᠷᠠᠭᠴᠢ ᠮᠠᠶᠢᠭ》᠎ᠤᠨ ᠦᠢᠯᠡᠴᠢᠯᠡᠭᠡ᠎ᠪᠠᠷ ᠠᠵᠤ ᠠᠬᠤᠢ᠌ᠯᠠᠯ᠎ᠢ ᠲᠤᠰᠠᠯᠠᠪᠠ
ᠦᠷ᠎ᠡ ᠪᠦᠲᠦᠭᠡᠯ᠎ᠢ ᠪᠡᠬᠢᠵᠢᠭᠦᠯᠦᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠣᠷᠳᠣ ᠬᠤᠭᠤᠴᠠᠭ᠎ᠠ᠎ᠪᠠᠷ ᠪᠦᠲᠦᠮᠵᠢᠲᠡᠶ ᠠᠬᠢᠭᠤᠯᠤᠨ᠎ᠠ
ᠬᠥᠬᠡᠬᠣᠲᠠ ᠵᠢᠨ ᠭᠣᠤᠯ ᠬᠣᠲᠠ ᠲᠣᠭᠣᠷᠢᠭ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠠᠮᠠᠰᠠᠷ᠎ᠲᠠᠬᠢ ᠪᠥᠭᠡᠮ ᠬᠦᠴᠢᠯ᠎ᠤᠨ ᠰᠢᠯᠭ᠋ᠠᠨ ᠪᠠᠢ᠌ᠴᠠᠭ᠋ᠠᠯᠲᠠ ᠵᠢᠨ ᠲᠣᠭᠣᠷᠢᠭ᠎ᠨᠢ ᠪᠠᠷᠢᠮᠵᠢᠶᠠᠵᠢᠭᠤᠯᠤᠭᠰᠠᠨ ᠪᠥᠲᠥᠭᠡᠨ ᠪᠠᠢ᠌ᠭᠤᠯᠤᠯᠲᠠ ᠵᠢ ᠪᠡᠶᠡᠯᠡᠭᠦᠯᠪᠡ
 
            