ᠣᠢ᠌ᠷ᠎ᠠ ᠵᠢᠨ ᠬᠤᠭᠤᠴᠠᠭ᠋ᠠᠨ᠎ᠳᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠵᠤ ᠠᠬᠤᠶ ᠵᠢᠨ ᠶᠡᠬᠡ ᠲᠠᠯ᠎ᠠ ᠵᠢ ᠲᠣᠭᠲᠠᠪᠤᠷᠢᠵᠢᠭᠤᠯᠬᠤ ᠲᠧᠯᠸᠢᠰ ᠤᠳᠠᠰᠤᠲᠤ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠢᠵᠢᠭ᠎ᠤᠨ ᠪᠠᠢ᠌ᠳᠠᠯ᠎ᠤᠨ ᠪᠠᠷᠠᠭ᠋ᠠᠨ᠎ᠤ ᠭᠦᠢᠯᠭᠡᠭᠡᠨ᠎ᠤ ᠠᠵᠤ ᠦᠢᠯᠡᠰᠲᠠᠬᠢ ᠲᠠᠭ᠋ᠠᠷᠢᠯᠲᠠ ᠵᠢ ᠨᠠᠮᠳᠠᠭᠤᠯᠵᠤ᠂ ᠪᠠᠷᠠᠭ᠋ᠠᠨ᠎ᠤ ᠭᠦᠢᠯᠭᠡᠭᠡᠨ᠎ᠤ ᠦᠢᠯᠡᠰ᠎ᠤᠨ ᠠᠵᠤ ᠠᠬᠤᠢ᠌ᠯᠠᠯ᠎ᠤᠨ ᠪᠠᠯᠠ ᠲᠣᠬᠢᠷᠠᠭᠤᠯᠬᠤ᠎ᠳᠤ ᠬᠦᠴᠢᠷᠲᠡᠶ ᠪᠠᠢ᠌ᠬᠤ ᠠᠰᠠᠭᠤᠳᠠᠯ᠎ᠢ ᠦᠨᠡᠨ ᠬᠦ᠌ ᠰᠢᠢᠳᠪᠦᠷᠢᠯᠡᠬᠦ ᠵᠢᠨ ᠲᠥᠯᠥᠭᠡ᠂ ᠦᠬᠠᠶ ᠬᠣᠲᠠ ᠢᠲᠡᠭᠡᠮᠵᠢᠲᠦ ᠵᠢᠭᠡᠯᠡᠯᠭᠡ ᠵᠢᠨ ᠬᠢᠨᠠᠨ ᠵᠥᠪᠰᠢᠶᠡᠷᠡᠬᠦ ᠴᠣᠪᠤᠷᠠᠯ ᠵᠢ ᠰᠢᠯᠢᠳᠡᠭᠵᠢᠭᠦᠯᠵᠦ᠂ ᠰᠠᠭ᠋ᠠᠳ ᠥᠬᠡᠶ ᠨᠡᠪᠲᠡᠷᠡᠬᠦ ᠵᠠᠮ᠎ᠢ ᠨᠡᠭᠡᠭᠡᠵᠦ᠂ ᠠᠵᠤ ᠠᠬᠤᠢ᠌ᠯᠠᠯ᠎ᠢ ᠲᠣᠭᠲᠠᠪᠤᠷᠢᠵᠢᠭᠤᠯᠤᠨ ᠬᠦᠴᠢᠷᠳᠡᠯ᠎ᠢ᠎ᠨᠢ ᠰᠢᠢᠳᠪᠦᠷᠢᠯᠡᠬᠦ ᠵᠢ ᠪᠥᠬᠥ ᠬᠦᠴᠦᠨ ᠵᠶ᠋ᠡᠷ ᠵᠶ᠋ᠡᠨ ᠳᠡᠮᠵᠢᠵᠦ᠂ ᠠᠵᠤ ᠠᠬᠤᠶ ᠵᠢ ᠲᠣᠭᠲᠠᠪᠤᠷᠢᠵᠢᠭᠤᠯᠬᠤ᠂ ᠬᠥᠭᠵᠢᠯᠲᠡ ᠵᠢ ᠠᠬᠢᠭᠤᠯᠬᠤ᠎ᠳᠤ ᠬᠦᠴᠦᠲᠡᠶ ᠮᠥᠩᠭᠥᠨ ᠭᠦᠢᠯᠭᠡᠭᠡᠨ᠎ᠤ ᠲᠤᠯᠭ᠋ᠠᠭᠤᠷᠢᠯᠠᠯ ᠬᠠᠩᠭ᠋ᠠᠪᠠ᠃
6 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠦᠬᠠᠶ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ᠂ ᠬᠦᠮᠦᠷᠭᠡᠯᠡᠬᠦ ᠪᠠ ᠰᠢᠦᠳᠠᠨ᠎ᠤ ᠦᠢᠯᠡᠰ᠎ᠤᠨ ᠵᠢᠭᠡᠯᠡᠯᠭᠡ ᠵᠢᠨ ᠦᠯᠡᠳᠡᠪᠦᠷᠢ 12.43 ᠳ᠋ᠦᠩᠰᠢᠭᠤᠷ ᠲᠥᠭᠥᠷᠢᠭ ᠪᠠᠢ᠌ᠵᠤ᠂ ᠡᠯ᠎ᠡ ᠵᠦᠢᠯ᠎ᠤᠨ ᠵᠢᠭᠡᠯᠡᠯᠭᠡ ᠵᠢᠨ ᠦᠯᠡᠳᠡᠪᠦᠷᠢ ᠵᠢᠨ 27.49% ᠵᠢ ᠡᠵᠡᠯᠡᠪᠡ᠃ ᠣᠳᠣᠬᠠᠨ ᠪᠣᠯᠲᠠᠯ᠎ᠠ᠂ ᠪᠥᠬᠥ ᠬᠣᠲᠠ ᠵᠢᠨ ᠡᠯ᠎ᠡ ᠮᠥᠩᠭᠥᠨ ᠭᠦᠢᠯᠭᠡᠭᠡᠨ᠎ᠤ ᠪᠠᠢ᠌ᠭᠤᠯᠤᠮᠵᠢ ᠨᠡᠢ᠌ᠲᠡ 15 ᠪᠠᠷᠠᠭ᠋ᠠᠨ᠎ᠤ ᠭᠦᠢᠯᠭᠡᠭᠡᠨ᠎ᠤ ᠦᠢᠯᠡᠰ᠎ᠤᠨ ᠠᠵᠤ ᠠᠬᠤᠢ᠌ᠯᠠᠯ᠎ᠳᠤ 5242 ᠲᠦᠮᠡᠨ ᠲᠥᠭᠥᠷᠢᠭ᠎ᠤᠨ ᠵᠢᠭᠡᠯᠡᠯᠭᠡ ᠵᠢ ᠰᠢᠨ᠎ᠡ᠎ᠪᠠᠷ ᠲᠠᠯᠪᠢᠪᠠ᠃
ᠲᠠᠷᠠᠭ᠋ᠠᠴᠢ ᠵᠢᠨ ᠠᠯᠬᠤᠮ᠎ᠳᠤ᠂ ᠮᠥᠩᠭᠥᠨ ᠭᠦᠢᠯᠭᠡᠭᠡᠨ ᠬᠢᠭᠡᠳ ᠠᠷᠠᠳ᠎ᠤᠨ ᠪᠠᠩᠬᠢ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂ ᠰᠢᠤᠳᠠᠨ ᠪᠠᠩᠬᠢ ᠠᠵᠤ ᠠᠬᠤᠢ᠌ᠯᠠᠯ᠎ᠤᠨ ᠪᠠᠯᠠ ᠲᠣᠬᠢᠷᠠᠭᠤᠯᠭ᠎ᠠ ᠵᠢᠨ ᠣᠯᠠᠨ ᠲᠠᠰ ᠳᠠᠪᠬᠤᠷᠭ᠎ᠠ ᠵᠢᠨ᠂ ᠪᠠᠢ᠌ᠩᠭᠤᠵᠢᠭᠰᠠᠨ ᠵᠣᠯᠭ᠋ᠠᠯᠴᠠᠭ᠎ᠠ ᠵᠢ ᠥᠷᠨᠢᠭᠦᠯᠵᠦ᠂ ᠬᠤᠷᠰᠢᠯᠴᠠᠨ ᠵᠥᠪᠳᠡᠯᠴᠡᠬᠦ ᠵᠢ ᠴᠢᠩᠭ᠋ᠠᠳᠬᠠᠵᠤ᠂ ᠮᠥᠩᠭᠥᠨ ᠭᠦᠢᠯᠭᠡᠭᠡᠨ ᠵᠶ᠋ᠡᠷ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢᠳᠪᠦᠷᠢᠯᠡᠬᠦ ᠲᠥᠷᠥ ᠵᠢᠨ ᠪᠣᠳᠣᠯᠭ᠎ᠠ ᠵᠢ ᠵᠣᠬᠢᠴᠠᠭᠤᠯᠤᠨ ᠰᠢᠯᠤᠭᠤᠳᠬᠠᠵᠤ ᠪᠠᠢ᠌ᠭ᠋ᠠᠳ ᠨᠠᠢ᠌ᠳᠠᠪᠤᠷᠢᠵᠢᠭᠤᠯᠬᠤ ᠵᠢᠨ ᠲᠦᠭᠵᠢᠷᠡᠯ᠎ᠢ ᠠᠷᠢᠯᠭ᠋ᠠᠵᠤ᠂ ᠠᠵᠤ ᠦᠢᠯᠡᠰ᠎ᠤᠨ ᠬᠡᠯᠬᠢᠶ᠎ᠡ᠂ ᠬᠠᠩᠭ᠋ᠠᠯᠭ᠎ᠠ ᠵᠢᠨ ᠬᠡᠯᠬᠢᠶ᠎ᠡ ᠵᠢᠨ ᠲᠣᠭᠲᠠᠭᠤᠨ ᠪᠠᠢ᠌ᠬᠤ ᠵᠢ ᠪᠠᠲᠤᠯᠠᠬᠤ᠎ᠳᠤ ᠪᠠᠲᠤᠯᠠᠭ᠎ᠠ ᠬᠠᠩᠭ᠋ᠠᠨ᠎ᠠ᠃ (ᠬᠠᠨ ᠢᠤᠢ)