ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠢᠩᠭ᠋ᠠᠨ ᠠᠢ᠌ᠮᠠᠭ᠄ ᠶᠢᠰᠦᠳᠦᠭᠡᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠨᠠᠢ᠌ᠷ᠎ᠤᠨ ᠬᠤᠭᠤᠴᠠᠭ᠋ᠠᠨ᠎ᠳᠠᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠢ ᠰᠠᠢ᠌ᠲᠤᠷ ᠬᠢᠪᠡ
ᠨᠡᠶ᠋ᠢᠲᠡᠯᠡᠭᠰᠡᠨ ᠴᠠᠭ᠄ 2022-08-19

      ᠶᠢᠰᠦᠳᠦᠭᠡᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠨᠠᠢ᠌ᠷ ᠵᠢᠴᠢ ᠬᠢᠩᠭ᠋ᠠᠨ ᠠᠢ᠌ᠮᠠᠭ᠎ᠤᠨ ᠨᠠᠭ᠋ᠠᠳᠤᠮ᠎ᠤᠨ ᠶᠡᠬᠡ ᠬᠤᠷᠠᠯ᠎ᠤᠨ ᠬᠤᠭᠤᠴᠠᠭ᠋ᠠᠨ᠎ᠳᠠᠬᠢ ᠵᠠᠰᠠᠮᠠᠯ ᠵᠠᠮ᠎ᠤᠨ ᠠᠮᠤᠷ ᠲᠦᠪᠰᠢᠨ ᠰᠠᠭ᠋ᠠᠳ ᠥᠬᠡᠶ ᠨᠡᠪᠲᠡᠷᠡᠬᠦ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠬᠢᠩᠭ᠋ᠠᠨ ᠠᠢ᠌ᠮᠠᠭ ᠡᠷᠲᠡᠬᠡᠨ ᠪᠡᠯᠡᠳᠬᠡᠬᠦ᠂ ᠡᠷᠲᠡᠬᠡᠨ ᠪᠠᠢ᠌ᠷᠢᠯᠠᠭᠤᠯᠬᠤ᠂ ᠡᠷᠲᠡᠬᠡᠨ ᠠᠵᠢᠯ ᠳᠣᠭᠢᠷᠠᠭᠤᠯᠬᠤ ᠵᠠᠷᠴᠢᠮ ᠶᠣᠰᠣᠭ᠋ᠠᠷ᠂ ᠳᠣᠲᠣᠭ᠋ᠠᠳᠤ ᠵᠢ ᠬᠠᠮᠠᠭ᠋ᠠᠯᠠᠬᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ᠎ᠠᠴᠠ ᠬᠠᠮᠵᠢᠯᠴᠠᠨ ᠬᠠᠪᠰᠤᠷᠤᠯᠴᠠᠵᠤ᠂ ᠵᠠᠰᠠᠮᠠᠯ ᠵᠠᠮ᠎ᠤᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠵᠢᠴᠢ 《ᠨᠢᠭᠡ ᠲᠠᠯᠠᠪᠠᠶ ᠬᠣᠶᠠᠷ ᠥᠷᠲᠡᠭᠡ》 ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠪᠥᠬᠥ ᠲᠠᠯ᠎ᠠ᠎ᠪᠠᠷ ᠰᠠᠢ᠌ᠲᠤᠷ ᠬᠢᠪᠠ᠃
      ᠡᠨᠡ ᠬᠦ᠌ ᠬᠤᠭᠤᠴᠠᠭ᠋ᠠᠨ᠎ᠳᠤ᠂ ᠬᠢᠩᠭ᠋ᠠᠨ ᠠᠢ᠌ᠮᠠᠭ᠎ᠤᠨ ᠵᠠᠬᠢᠷᠭ᠎ᠠ ᠵᠢᠨ ᠳᠡᠳ᠋ ᠳᠠᠷᠤᠭ᠎ᠠ ᠾᠧ ᠸᠧᠶ ᠯᠢ ᠲᠤᠬᠠᠢ ᠵᠢᠨ ᠲᠠᠯᠠᠪᠠᠶ ᠵᠢᠨ ᠠᠵᠢᠯ᠎ᠤᠨ ᠬᠤᠷᠠᠯ᠎ᠤᠨ ᠠᠷᠭ᠎ᠠ ᠬᠡᠯᠪᠡᠷᠢ ᠵᠢ ᠠᠪᠴᠤ᠂ ᠠᠩᠭᠢ ᠳᠠᠭ᠋ᠠᠭᠤᠯᠤᠨ ᠤᠯᠠᠭ᠋ᠠᠨᠬᠣᠲᠠ ᠵᠢᠨ ᠨᠢᠰᠬᠡᠯ᠎ᠤᠨ ᠪᠠᠭᠤᠳᠠᠯ᠂ ᠭᠠᠯᠲᠤ ᠲᠡᠷᠭᠡᠨ ᠥᠷᠲᠡᠭᠡ ᠪᠠ ᠠᠶᠠᠨᠴᠢᠳ᠎ᠤᠨ ᠲᠡᠭᠡᠭᠡᠪᠦᠷᠢ ᠵᠢᠨ ᠥᠷᠲᠡᠭᠡ ᠵᠢᠴᠢ ᠤᠯᠠᠭ᠋ᠠᠨᠬᠣᠲᠠ ᠵᠢᠨ ᠡᠷᠬᠢᠨ ᠲᠣᠭᠣᠷᠢᠨ᠎ᠤ ᠰᠦᠢᠳᠬᠡᠯ ᠬᠤᠷᠢᠶᠠᠬᠤ ᠥᠷᠲᠡᠭᠡ᠎ᠳᠤ ᠨᠡᠪᠲᠡᠷᠡᠬᠦ ᠵᠢ ᠪᠠᠲᠤᠯᠠᠬᠤ ᠲᠥᠰᠦᠯ᠎ᠢ ᠰᠤᠳᠤᠯᠤᠨ ᠲᠣᠭᠲᠠᠭ᠋ᠠᠪᠠ᠃ ᠾᠧ ᠸᠧᠶ ᠯᠢ ᠨᠢᠰᠬᠡᠯ᠎ᠤᠨ ᠪᠠᠭᠤᠳᠠᠯ᠎ᠤᠨ ᠪᠥᠭᠡᠮ ᠬᠦᠴᠢᠯ᠎ᠢ ᠰᠢᠯᠭ᠋ᠠᠨ ᠪᠠᠢ᠌ᠴᠠᠭ᠋ᠠᠬᠤ ᠴᠢᠳᠠᠪᠤᠷᠢ᠎ᠳᠤ ᠱᠠᠭ᠋ᠠᠷᠳᠠᠯᠭ᠎ᠠ ᠳᠤᠷᠠᠳᠴᠤ᠂ ᠠᠶᠠᠨᠴᠢᠳ ᠣᠯᠠᠰᠢᠷᠠᠭᠰᠠᠨ᠎ᠠᠴᠠ ᠪᠣᠯᠵᠣ ᠨᠢᠰᠬᠡᠯ᠎ᠤᠨ ᠪᠠᠭᠤᠳᠠᠯ᠎ᠳᠤ ᠪᠦᠭᠡᠮᠨᠡᠷᠡᠯᠳᠦᠬᠦ ᠴᠤᠭᠯᠠᠷᠠᠬᠤ ᠪᠠᠢ᠌ᠳᠠᠯ ᠭᠠᠷᠬᠤ ᠵᠢ ᠰᠡᠷᠭᠡᠢ᠌ᠯᠡᠪᠡ; ᠡᠭᠦᠨ᠎ᠤ ᠬᠠᠮᠲᠤ᠂ ᠭᠤᠷᠪᠠᠨ ᠵᠦᠢᠯ᠎ᠤᠨ ᠪᠡᠯᠡᠳᠬᠡᠯ ᠰᠣᠩᠭᠣᠭᠤᠯᠢ ᠵᠢᠨ ᠵᠠᠮ ᠱᠤᠭᠤᠮ᠎ᠢ ᠤᠷᠢᠳᠴᠢᠯᠠᠨ ᠭᠠᠳᠠᠭᠰᠢ ᠨᠡᠢ᠌ᠲᠡᠯᠡᠵᠦ᠂ ᠭᠣᠤᠯ ᠵᠠᠮ ᠱᠤᠭᠤᠮ᠎ᠤᠨ ᠲᠦᠭᠵᠢᠷᠡᠯ᠎ᠤᠨ ᠳᠠᠷᠤᠯᠲᠠ ᠵᠢ ᠬᠥᠩᠭᠡᠷᠡᠭᠦᠯᠪᠡ; 《ᠬᠢᠩᠭ᠋ᠠᠨ ᠠᠢ᠌ᠮᠠᠭ᠎ᠤᠨ ᠨᠠᠭ᠋ᠠᠳᠤᠮ᠎ᠤᠨ ᠠᠵᠢᠯᠯᠠᠭ᠋ᠠᠨ᠎ᠤ ᠬᠤᠭᠤᠴᠠᠭ᠋ᠠᠨ᠎ᠳᠠᠬᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠯᠪᠠᠨ ᠵᠠᠷ》᠎ᠢ ᠨᠡᠢ᠌ᠲᠡᠯᠡᠵᠦ᠂ ᠡᠯ᠎ᠡ ᠬᠠᠮᠢᠶ᠎ᠠ ᠪᠥᠬᠥᠶ ᠨᠢᠭᠡᠴᠢ ᠵᠢᠴᠢ ᠬᠤᠷᠠᠯ᠎ᠳᠤ ᠣᠷᠣᠯᠴᠠᠭᠰᠠᠳ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠦᠢᠯᠡᠰ᠎ᠲᠤ ᠪᠣᠳᠠᠲᠠᠶ ᠱᠠᠭ᠋ᠠᠷᠳᠠᠯᠭ᠎ᠠ ᠳᠤᠷᠠᠳᠴᠤ᠂ ᠠᠢ᠌ᠮᠠᠭ᠎ᠤᠨ ᠳᠣᠲᠣᠭ᠋ᠠᠳᠤ ᠵᠢᠨ ᠡᠯ᠎ᠡ ᠵᠠᠮ ᠬᠠᠷᠢᠯᠴᠠᠭ᠎ᠠ ᠲᠡᠭᠡᠭᠡᠪᠦᠷᠢ ᠵᠢᠨ ᠵᠠᠩᠭᠢᠯᠠᠭ᠎ᠠ ᠵᠢᠨ ᠴᠡᠭ᠎ᠤᠨ ᠨᠡᠪᠲᠡᠷᠡᠬᠦ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ ᠵᠢ ᠦᠨᠡᠨ ᠬᠦ᠌ ᠪᠠᠲᠤᠯᠠᠬᠤ᠎ᠪᠠᠷ ᠪᠠᠷᠠᠬᠤ ᠥᠬᠡᠶ᠂ ᠪᠠᠰᠠ 《ᠨᠢᠭᠡ ᠲᠠᠯᠠᠪᠠᠶ ᠬᠣᠶᠠᠷ ᠥᠷᠲᠡᠭᠡ》 ᠵᠢᠴᠢ ᠵᠠᠰᠠᠮᠠᠯ ᠵᠠᠮ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠢ᠌ᠴᠠᠭ᠋ᠠᠬᠤ ᠴᠡᠭ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠴᠢᠩᠭ᠎ᠠ ᠰᠠᠢ᠌ᠲᠤᠷ ᠬᠢᠵᠦ᠂ ᠶᠡᠬᠡ ᠬᠤᠷᠠᠯ᠎ᠤᠨ ᠤᠷᠤᠭᠰᠢᠲᠠᠶ ᠶᠠᠪᠤᠭᠳᠠᠬᠤ ᠵᠢ ᠪᠠᠲᠤᠯᠠᠬᠤ ᠬᠡᠷᠡᠭᠲᠡᠶ ᠭᠡᠪᠡ᠃    (ᠯᠢ ᠺᠠᠢ)

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠤᠯ ᠠᠢ᠌ᠮᠠᠭ᠄ 《ᠨᠢᠭᠡ ᠲᠠᠯᠠᠪᠤᠷ ᠬᠣᠶᠠᠷ ᠥᠷᠲᠡᠭᠡ》 ᠵᠢᠨ ᠵᠠᠮ ᠬᠠᠷᠢᠯᠴᠠᠭ᠋ᠠᠨ᠎ᠤ ᠪᠣᠭᠣᠮᠲᠠ ᠵᠢ ᠢᠩᠭᠢᠵᠦ ᠰᠡᠷᠭᠡᠢ᠌ᠯᠡᠨ ᠡᠵᠡᠮᠳᠡᠪᠡ
ᠪᠠᠶᠠᠨᠨᠠᠭᠤᠷ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠴᠣᠩᠬᠣᠪᠴᠢ᠎ᠨᠢ 《ᠠᠰᠠᠷᠠᠭᠴᠢ ᠮᠠᠶᠢᠭ》᠎ᠤᠨ ᠦᠢᠯᠡᠴᠢᠯᠡᠭᠡ᠎ᠪᠠᠷ ᠠᠵᠤ ᠠᠬᠤᠢ᠌ᠯᠠᠯ᠎ᠢ ᠲᠤᠰᠠᠯᠠᠪᠠ
ᠦᠷ᠎ᠡ ᠪᠦᠲᠦᠭᠡᠯ᠎ᠢ ᠪᠡᠬᠢᠵᠢᠭᠦᠯᠦᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠣᠷᠳᠣ ᠬᠤᠭᠤᠴᠠᠭ᠎ᠠ᠎ᠪᠠᠷ ᠪᠦᠲᠦᠮᠵᠢᠲᠡᠶ ᠠᠬᠢᠭᠤᠯᠤᠨ᠎ᠠ
ᠬᠥᠬᠡᠬᠣᠲᠠ ᠵᠢᠨ ᠭᠣᠤᠯ ᠬᠣᠲᠠ ᠲᠣᠭᠣᠷᠢᠭ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠠᠮᠠᠰᠠᠷ᠎ᠲᠠᠬᠢ ᠪᠥᠭᠡᠮ ᠬᠦᠴᠢᠯ᠎ᠤᠨ ᠰᠢᠯᠭ᠋ᠠᠨ ᠪᠠᠢ᠌ᠴᠠᠭ᠋ᠠᠯᠲᠠ ᠵᠢᠨ ᠲᠣᠭᠣᠷᠢᠭ᠎ᠨᠢ ᠪᠠᠷᠢᠮᠵᠢᠶᠠᠵᠢᠭᠤᠯᠤᠭᠰᠠᠨ ᠪᠥᠲᠥᠭᠡᠨ ᠪᠠᠢ᠌ᠭᠤᠯᠤᠯᠲᠠ ᠵᠢ ᠪᠡᠶᠡᠯᠡᠭᠦᠯᠪᠡ
ᠰᠢᠯᠢ ᠵᠢᠨ ᠭᠣᠤᠯ ᠠᠢ᠌ᠮᠠᠭ᠄ 12328 ᠵᠠᠮ ᠬᠠᠷᠢᠯᠴᠠᠭ᠋ᠠᠨ᠎ᠤ ᠦᠢᠯᠡᠴᠢᠯᠡᠭᠡᠨ᠎ᠤ ᠬᠠᠯᠠᠮᠰᠢᠯ ᠤᠲᠠᠰᠤ᠎ᠨᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠎ᠳᠤ ᠬᠦᠴᠦᠨ ᠨᠡᠮᠡᠷᠢᠯᠡᠵᠦ ᠣᠯᠠᠨ ᠲᠦᠮᠡᠨ᠎ᠳᠤ ᠳᠣᠲᠣᠨᠣ᠎ᠪᠠᠷ ᠦᠢ᠍ᠯᠡᠴᠢᠯᠡᠪᠡ
 
            