ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠰᠢᠯᠢ ᠵᠢᠨ ᠭᠣᠤᠯ ᠠᠢ᠌ᠮᠠᠭ᠄ 《ᠨᠢᠭᠡ ᠲᠠᠯᠠᠪᠤᠷ ᠬᠣᠶᠠᠷ ᠥᠷᠲᠡᠭᠡ》 ᠵᠢᠨ ᠵᠠᠮ ᠬᠠᠷᠢᠯᠴᠠᠭ᠋ᠠᠨ᠎ᠤ ᠪᠣᠭᠣᠮᠲᠠ ᠵᠢ ᠢᠩᠭᠢᠵᠦ ᠰᠡᠷᠭᠡᠢ᠌ᠯᠡᠨ ᠡᠵᠡᠮᠳᠡᠪᠡ
ᠨᠡᠶ᠋ᠢᠲᠡᠯᠡᠭᠰᠡᠨ ᠴᠠᠭ᠄ 2022-08-25

      ᠣᠳᠣᠬᠠᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠢ᠌ᠳᠠᠯ᠎ᠢ ᠪᠦᠲᠦᠮᠵᠢᠲᠡᠶ ᠠᠷᠭ᠋ᠠᠴᠠᠭ᠋ᠠᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ 《ᠨᠢᠭᠡᠳᠦᠭᠡᠷ ᠰᠡᠷᠭᠡᠢ᠌ᠯᠡᠯᠲᠡ ᠵᠢᠨ ᠱᠤᠭᠤᠮ》᠎ᠢ ᠴᠢᠩᠭ᠎ᠠ ᠰᠠᠬᠢᠬᠤ ᠵᠢᠨ ᠲᠥᠯᠥᠭᠡ᠂ ᠰᠢᠯᠢ ᠵᠢᠨ ᠭᠣᠤᠯ ᠠᠢ᠌ᠮᠠᠭ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠠᠮ ᠬᠠᠷᠢᠯᠴᠠᠭ᠋ᠠᠨ᠎ᠤ ᠪᠠᠲᠤᠯᠠᠭ᠎ᠠ ᠵᠢᠨ ᠬᠠᠮᠢᠶᠠᠷᠤᠨ ᠡᠵᠡᠮᠳᠡᠬᠦ ᠳᠤᠭᠤᠢ᠌ᠯᠠᠩ᠎ᠠᠴᠠ 《〈ᠨᠢᠭᠡ ᠲᠠᠯᠠᠪᠤᠷ ᠬᠣᠶᠠᠷ ᠥᠷᠲᠡᠭᠡ〉᠂ ᠵᠠᠮ ᠬᠠᠷᠢᠯᠴᠠᠭ᠋ᠠᠨ᠎ᠤ ᠪᠣᠭᠣᠮᠲᠠ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠤᠯᠠᠮ ᠴᠢᠨᠠᠭᠰᠢᠳᠠ ᠴᠢᠩᠭ᠋ᠠᠳᠬᠠᠬᠤ ᠲᠤᠬᠠᠶ ᠪᠠᠴᠢᠮ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃



      ᠵᠢᠷᠤᠭ ᠪᠣᠯ ᠰᠢᠮᠳᠠᠭᠤᠯᠤᠨ ᠪᠠᠢ᠌ᠴᠠᠭ᠋ᠠᠬᠤ ᠠᠵᠢᠯᠲᠠᠳ᠎ᠠᠴᠠ ᠲᠡᠷᠭᠡ ᠬᠥᠰᠬᠡ ᠨᠡᠪᠲᠡᠷᠡᠬᠦ ᠵᠢᠴᠢ ᠪᠠᠷᠠᠭ᠋ᠠᠨ᠎ᠤ ᠲᠡᠭᠡᠭᠡᠪᠦᠷᠢ ᠵᠢᠨ ᠵᠢᠯᠣᠭᠣᠴᠢ ᠵᠢᠨ ᠪᠥᠭᠡᠮ ᠬᠦᠴᠢᠯ᠎ᠤᠨ ᠺᠣᠳ᠋᠎ᠢ ᠰᠢᠷᠪᠢᠵᠦ ᠪᠠᠢ᠌ᠴᠠᠭ᠋ᠠᠨ ᠰᠢᠯᠭ᠋ᠠᠵᠤ ᠪᠠᠢ᠌ᠭ᠎ᠠ ᠪᠠᠢ᠌ᠳᠠᠯ᠎ᠢ ᠪᠠᠢ᠌ᠴᠠᠭ᠋ᠠᠨ ᠦᠵᠡᠵᠦ ᠪᠠᠢ᠌ᠭ᠎ᠠ ᠪᠣᠯᠤᠨ᠎ᠠ᠃


      ᠨᠢᠭᠡ᠎ᠳᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ᠂ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠴᠢᠩᠭ᠋ᠠᠳᠬᠠᠵᠤ᠂ 《ᠨᠢᠭᠡ ᠲᠠᠯᠠᠪᠤᠷ ᠬᠣᠶᠠᠷ ᠥᠷᠲᠡᠭᠡ》᠂ ᠡᠯ᠎ᠡ ᠵᠠᠮ ᠬᠠᠷᠢᠯᠴᠠᠭ᠋ᠠᠨ᠎ᠤ ᠪᠣᠭᠣᠮᠲᠠ ᠵᠢᠨ ᠬᠠᠷᠢᠭᠤᠴᠠᠯᠭ᠋ᠠᠲᠠᠨ᠂ ᠵᠢᠵᠢᠭᠦᠷᠯᠡᠬᠦ ᠪᠠ ᠵᠢᠵᠢᠭᠦᠷ ᠳᠠᠭ᠋ᠠᠭᠤᠯᠬᠤ ᠬᠠᠷᠢᠭᠤᠴᠠᠯᠭ᠋ᠠᠲᠠᠨ᠎ᠤ ᠠᠵᠢᠯ᠎ᠤᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠣᠳᠣᠷᠬᠠᠢ᠌ᠯᠠᠵᠤ᠂ ᠬᠠᠷᠢᠭᠤᠴᠠᠯᠭ᠎ᠠ ᠵᠢ ᠠᠵᠢᠯ᠎ᠤᠨ ᠪᠠᠢ᠌ᠷᠢ᠂ ᠠᠵᠢᠯᠲᠠᠨ᠎ᠳᠤ᠎ᠨᠢ ᠬᠦᠷᠲᠡᠯ᠎ᠡ ᠨᠠᠢ᠌ᠳᠠᠪᠤᠷᠢᠵᠢᠭᠤᠯᠬᠤ ᠵᠢ ᠪᠡᠶᠡᠯᠡᠭᠦᠯᠵᠦ᠂ ᠠᠢ᠌ᠮᠠᠭ᠎ᠤᠨ ᠨᠠᠮ᠎ᠤᠨ ᠬᠣᠷᠢᠶ᠎ᠠ ᠵᠠᠬᠢᠷᠭ᠎ᠠ ᠪᠠ ᠠᠢ᠌ᠮᠠᠭ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ᠎ᠤᠨ ᠡᠯ᠎ᠡ ᠵᠦᠢᠯ᠎ᠤᠨ ᠬᠢᠵᠢᠭ᠎ᠢ ᠰᠡᠷᠭᠡᠢ᠌ᠯᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ᠃ ᠬᠣᠶᠠᠷ᠎ᠲᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠠᠮ ᠬᠠᠷᠢᠯᠴᠠᠭ᠋ᠠᠨ᠎ᠤ ᠪᠠᠲᠤᠯᠠᠭ᠎ᠠ ᠵᠢᠨ ᠠᠵᠢᠯ᠎ᠤᠨ ᠶᠠᠪᠤᠴᠠ ᠵᠢ ᠤᠯᠠᠮ ᠴᠢᠨᠠᠭᠰᠢᠳᠠ ᠵᠢᠷᠤᠮᠵᠢᠭᠤᠯᠵᠤ᠂ 《ᠨᠢᠭᠡ ᠲᠠᠯᠠᠪᠤᠷ ᠬᠣᠶᠠᠷ ᠥᠷᠲᠡᠭᠡ》᠂ ᠵᠠᠮ ᠬᠠᠷᠢᠯᠴᠠᠭ᠋ᠠᠨ᠎ᠤ ᠪᠤᠭᠤᠮᠲᠠ ᠵᠢ ᠪᠠᠢ᠌ᠴᠠᠭ᠋ᠠᠨ ᠰᠢᠯᠭ᠋ᠠᠵᠤ ᠳᠠᠩᠰᠠᠯᠠᠬᠤ᠂ ᠲᠤᠬᠠᠢ ᠵᠢᠨ ᠭᠠᠵᠠᠷ᠎ᠤᠨ ᠪᠥᠭᠡᠮ ᠬᠦᠴᠢᠯ᠎ᠤᠨ ᠰᠢᠯᠭ᠋ᠠᠨ ᠪᠠᠢ᠌ᠴᠠᠭ᠋ᠠᠯᠲᠠ ᠪᠠ ᠭᠣᠤᠯᠳᠠᠯᠭ᠎ᠠ᠎ᠲᠠᠢ ᠬᠥᠮᠦᠰ᠎ᠤᠨ ᠮᠡᠳᠡᠭᠡ ᠵᠠᠩᠭᠢ ᠵᠢ ᠳᠡᠩᠰᠡᠯᠡᠨ ᠲᠡᠮᠳᠡᠭᠯᠡᠵᠦ ᠳᠡᠪᠰᠢᠭᠦᠯᠬᠦ ᠵᠡᠷᠭᠡ ᠠᠵᠢᠯ᠎ᠢ ᠪᠣᠳᠠᠲᠠᠶ ᠨᠠᠷᠢᠯᠢᠭ ᠠᠳᠬᠤᠵᠤ᠂ 《ᠨᠢᠭᠡ ᠦᠨᠡᠮᠯᠡᠯ ᠬᠣᠶᠠᠷ ᠺᠣᠳ᠋》᠎ᠢ ᠪᠠᠢ᠌ᠴᠠᠭ᠋ᠠᠨ ᠰᠢᠯᠭ᠋ᠠᠬᠤ ᠡᠨᠡ ᠬᠦ᠌ ᠵᠠᠩᠭᠢᠯᠠᠭ᠎ᠠ ᠵᠢᠨ ᠭᠣᠭᠴᠣᠭ᠎ᠠ ᠵᠢ ᠲᠣᠪᠣᠢ᠌ᠮ᠎ᠠ ᠰᠠᠢ᠌ᠲᠤᠷ ᠠᠳᠬᠤᠬᠤ ᠬᠡᠷᠡᠭᠲᠡᠶ᠃ ᠭᠤᠷᠪᠠ᠎ᠳᠤ᠂ ᠠᠢ᠌ᠮᠠᠭ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ᠎ᠤᠨ ᠬᠣᠯᠪᠣᠭᠳᠠᠯ ᠪᠥᠬᠥᠶ 《ᠨᠢᠭᠡ ᠲᠠᠯᠠᠪᠤᠷ ᠬᠣᠶᠠᠷ ᠥᠷᠲᠡᠭᠡ》 ᠪᠠ ᠵᠠᠮ ᠬᠠᠷᠢᠯᠴᠠᠭ᠋ᠠᠨ᠎ᠤ ᠪᠠᠢ᠌ᠴᠠᠭ᠋ᠠᠬᠤ ᠥᠷᠲᠡᠭᠡ ᠵᠢᠨ ᠠᠵᠢᠯᠲᠠᠨ᠎ᠤ ᠲᠤᠬᠠᠶ ᠵᠢᠨ ᠭᠠᠵᠠᠷ᠎ᠲᠤ ᠳᠠᠷᠠᠭ᠋ᠠᠯᠠᠨ ᠪᠠᠢ᠌ᠴᠠᠭ᠋ᠠᠵᠤ ᠬᠠᠮᠢᠶᠠᠷᠬᠤ᠂ ᠮᠠᠨ᠎ᠤ ᠣᠷᠣᠨ᠎ᠠᠴᠠ ᠰᠢᠯᠢ ᠵᠢᠨ ᠭᠣᠤᠯ᠎ᠳᠤ ᠪᠤᠴᠠᠵᠤ ᠢᠷᠡᠭᠰᠡᠨ ᠬᠥᠮᠦᠰ᠎ᠢ ᠳᠠᠷᠠᠭ᠋ᠠᠯᠠᠨ ᠪᠠᠢ᠌ᠴᠠᠭ᠋ᠠᠵᠤ ᠬᠠᠮᠢᠶᠠᠷᠤᠨ ᠡᠵᠡᠮᠳᠡᠬᠦ᠂ 7 ᠡᠳᠦᠷ᠎ᠤᠨ ᠳᠣᠲᠣᠷ᠎ᠠ ᠣᠷᠣᠨ᠎ᠤ ᠳᠣᠲᠣᠷ᠎ᠠ ᠬᠢᠵᠢᠭ᠎ᠤᠨ ᠪᠠᠢ᠌ᠳᠠᠯ ᠡᠭᠦᠰᠦᠭᠰᠡᠨ ᠬᠣᠰᠢᠭᠤ ᠰᠢᠶᠠᠨ᠎ᠤ ᠵᠢᠭᠤᠯᠴᠢᠯᠠᠨ ᠰᠠᠭᠤᠷᠢᠰᠢᠭᠰᠠᠨ ᠲᠡᠦᠬᠡ᠎ᠲᠠᠢ ᠪᠤᠶᠤ ᠣᠷᠣᠨ᠎ᠤ ᠭᠠᠳᠠᠨ᠎ᠠ ᠵᠢᠭᠤᠯᠴᠢᠯᠠᠨ ᠰᠠᠭᠤᠷᠢᠰᠢᠭᠰᠠᠨ ᠲᠡᠦᠬᠡ᠎ᠲᠠᠢ ᠬᠥᠮᠦᠰ᠎ᠢ ᠲᠤᠬᠠᠢ ᠵᠢᠨ ᠭᠠᠵᠠᠷ᠎ᠤᠨ ᠪᠥᠭᠡᠮ ᠬᠦᠴᠢᠯ᠎ᠤᠨ ᠦᠯᠢᠭᠡᠷ ᠠᠪᠬᠤ᠂ ᠳᠣᠤᠷ᠎ᠠ᠂ ᠳᠤᠮᠳᠠ᠂ ᠦᠨᠳᠦᠷ ᠲᠦᠭᠰᠢᠭᠦᠷᠢᠲᠡᠢ ᠭᠠᠵᠠᠷ ᠣᠷᠣᠨ ᠵᠶ᠋ᠡᠷ ᠵᠢᠭᠤᠯᠴᠢᠯᠠᠨ ᠰᠠᠭᠤᠷᠢᠰᠢᠭᠰᠠᠨ ᠲᠡᠦᠬᠡ᠎ᠲᠠᠢ ᠬᠥᠮᠦᠰ᠎ᠢ ᠬᠠᠮᠢᠶᠠᠷᠤᠨ ᠡᠵᠡᠮᠳᠡᠬᠦ ᠵᠢᠴᠢ ᠮᠡᠳᠡᠭᠡ ᠵᠠᠩᠭᠢ ᠵᠢ᠎ᠨᠢ ᠳᠡᠪᠰᠢᠭᠦᠯᠬᠦ ᠵᠡᠷᠭᠡ ᠠᠵᠢᠯ᠎ᠢ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ᠃
      ᠡᠭᠦᠨ᠎ᠤ ᠬᠠᠮᠲᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠠᠮ ᠬᠠᠷᠢᠯᠴᠠᠭ᠋ᠠᠨ᠎ᠤ ᠪᠠᠲᠤᠯᠠᠭ᠎ᠠ ᠵᠢ ᠬᠡᠰᠡᠭ ᠬᠤᠪᠢᠶᠠᠨ ᠰᠢᠮᠳᠠᠭᠤᠯᠤᠨ ᠪᠠᠢ᠌ᠴᠠᠭ᠋ᠠᠬᠤ ᠠᠵᠢᠯ᠎ᠤᠨ ᠲᠣᠭᠲᠠᠴᠠ ᠵᠢᠨ ᠱᠠᠭ᠋ᠠᠷᠳᠠᠯᠭ᠎ᠠ ᠶᠣᠰᠣᠭ᠋ᠠᠷ᠂ ᠬᠡᠰᠡᠭ ᠬᠤᠪᠢᠶᠠᠨ ᠬᠠᠷᠢᠭᠤᠴᠠᠬᠤ ᠨᠢᠭᠡᠴᠢ ᠵᠢᠨ ᠰᠢᠮᠳᠠᠭᠤᠯᠤᠨ ᠪᠠᠢ᠌ᠴᠠᠭ᠋ᠠᠬᠤ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠣᠳᠣᠷᠬᠠᠢ᠌ᠯᠠᠵᠤ᠂ ᠡᠯ᠎ᠡ ᠨᠢᠭᠡᠴᠢ ᠵᠢ ᠦᠷᠭᠦᠯᠵᠢᠯᠡᠭᠰᠡᠨ ᠰᠢᠮᠳᠠᠭᠤᠯᠤᠨ ᠪᠠᠢ᠌ᠴᠠᠭ᠋ᠠᠬᠤ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ 《ᠨᠢᠭᠡ ᠲᠠᠯᠠᠪᠤᠷ ᠬᠣᠶᠠᠷ ᠥᠷᠲᠡᠭᠡ》᠂ ᠵᠠᠮ ᠬᠠᠷᠢᠯᠴᠠᠭ᠋ᠠᠨ᠎ᠤ ᠪᠤᠭᠤᠮᠲᠠ ᠵᠢ ᠳᠠᠯᠳᠠᠭᠤᠷ ᠰᠤᠷᠪᠤᠯᠵᠢᠯᠠᠨ ᠰᠢᠮᠳᠠᠭᠤᠯᠤᠨ ᠪᠠᠢ᠌ᠴᠠᠭ᠋ᠠᠬᠤ᠂ ᠲᠣᠭᠲᠠᠭᠰᠠᠨ ᠴᠡᠭ᠎ᠲᠤ ᠰᠢᠮᠳᠠᠭᠤᠯᠤᠨ ᠪᠠᠢ᠌ᠴᠠᠭ᠋ᠠᠬᠤ ᠪᠠ ᠬᠡᠰᠡᠭ ᠬᠤᠪᠢᠶᠠᠨ ᠰᠢᠮᠳᠠᠭᠤᠯᠤᠨ ᠪᠠᠢ᠌ᠴᠠᠭ᠋ᠠᠬᠤ ᠠᠵᠢᠯ᠎ᠢ ᠦᠷᠭᠦᠯᠵᠢᠯᠡᠨ ᠥᠷᠨᠢᠭᠦᠯᠵᠦ᠂ ᠪᠠᠢ᠌ᠴᠠᠭ᠋ᠠᠬᠤ ᠡᠷᠴᠢᠮ ᠪᠠ ᠤᠳᠠᠭ᠎ᠠ᠎ᠪᠠᠨ ᠨᠡᠮᠡᠭᠳᠡᠭᠦᠯᠵᠦ᠂ ᠢᠯᠡᠷᠡᠭᠦᠯᠦᠭᠰᠡᠨ ᠠᠰᠠᠭᠤᠳᠠᠯ᠎ᠢ ᠲᠤᠬᠠᠶ ᠵᠢᠨ ᠲᠠᠯᠠᠪᠠᠶ᠎ᠳᠤ ᠰᠢᠮᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠵᠤ᠂ ᠴᠡᠭᠴᠡᠯᠡᠨ ᠰᠠᠢ᠌ᠵᠢᠷᠠᠭᠤᠯᠤᠭᠰᠠᠨ ᠵᠶ᠋ᠠᠷ ᠬᠦᠷᠦᠯᠴᠡᠬᠦ ᠥᠬᠡᠶ ᠬᠣᠰᠢᠭᠤ ᠰᠢᠶᠠᠨ᠎ᠢ ᠠᠢ᠌ᠮᠠᠭ᠎ᠤᠨ ᠵᠢᠯᠣᠭᠣᠳᠬᠤ ᠭᠠᠵᠠᠷ᠎ᠲᠤ ᠳᠡᠭᠡᠭᠰᠢ ᠮᠡᠳᠡᠭᠦᠯᠵᠦ ᠵᠠᠷᠯᠠᠭᠤᠯᠵᠤ᠂ ᠴᠡᠭᠴᠡᠯᠡᠨ ᠰᠠᠢ᠌ᠵᠢᠷᠠᠭᠤᠯᠬᠤ ᠵᠢ ᠨᠠᠢ᠌ᠳᠠᠪᠤᠷᠢᠵᠢᠭᠤᠯᠤᠭᠰᠠᠨ ᠥᠬᠡᠶ ᠪᠠᠢ᠌ᠪᠠᠯ ᠬᠠᠮᠢᠶ᠎ᠠ ᠪᠥᠬᠥᠶ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠴᠢᠩᠭ᠎ᠠ ᠨᠡᠬᠡᠮᠵᠢᠯᠡᠬᠦ ᠬᠡᠷᠡᠭᠲᠡᠶ ᠭᠡᠵᠦ ᠱᠠᠭ᠋ᠠᠷᠳᠠᠪᠠ᠃   (ᠪᠣᠯᠣᠳ)

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠪᠠᠶᠠᠨᠨᠠᠭᠤᠷ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠴᠣᠩᠬᠣᠪᠴᠢ᠎ᠨᠢ 《ᠠᠰᠠᠷᠠᠭᠴᠢ ᠮᠠᠶᠢᠭ》᠎ᠤᠨ ᠦᠢᠯᠡᠴᠢᠯᠡᠭᠡ᠎ᠪᠠᠷ ᠠᠵᠤ ᠠᠬᠤᠢ᠌ᠯᠠᠯ᠎ᠢ ᠲᠤᠰᠠᠯᠠᠪᠠ
ᠦᠷ᠎ᠡ ᠪᠦᠲᠦᠭᠡᠯ᠎ᠢ ᠪᠡᠬᠢᠵᠢᠭᠦᠯᠦᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠣᠷᠳᠣ ᠬᠤᠭᠤᠴᠠᠭ᠎ᠠ᠎ᠪᠠᠷ ᠪᠦᠲᠦᠮᠵᠢᠲᠡᠶ ᠠᠬᠢᠭᠤᠯᠤᠨ᠎ᠠ
ᠬᠥᠬᠡᠬᠣᠲᠠ ᠵᠢᠨ ᠭᠣᠤᠯ ᠬᠣᠲᠠ ᠲᠣᠭᠣᠷᠢᠭ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠠᠮᠠᠰᠠᠷ᠎ᠲᠠᠬᠢ ᠪᠥᠭᠡᠮ ᠬᠦᠴᠢᠯ᠎ᠤᠨ ᠰᠢᠯᠭ᠋ᠠᠨ ᠪᠠᠢ᠌ᠴᠠᠭ᠋ᠠᠯᠲᠠ ᠵᠢᠨ ᠲᠣᠭᠣᠷᠢᠭ᠎ᠨᠢ ᠪᠠᠷᠢᠮᠵᠢᠶᠠᠵᠢᠭᠤᠯᠤᠭᠰᠠᠨ ᠪᠥᠲᠥᠭᠡᠨ ᠪᠠᠢ᠌ᠭᠤᠯᠤᠯᠲᠠ ᠵᠢ ᠪᠡᠶᠡᠯᠡᠭᠦᠯᠪᠡ
ᠰᠢᠯᠢ ᠵᠢᠨ ᠭᠣᠤᠯ ᠠᠢ᠌ᠮᠠᠭ᠄ 12328 ᠵᠠᠮ ᠬᠠᠷᠢᠯᠴᠠᠭ᠋ᠠᠨ᠎ᠤ ᠦᠢᠯᠡᠴᠢᠯᠡᠭᠡᠨ᠎ᠤ ᠬᠠᠯᠠᠮᠰᠢᠯ ᠤᠲᠠᠰᠤ᠎ᠨᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠎ᠳᠤ ᠬᠦᠴᠦᠨ ᠨᠡᠮᠡᠷᠢᠯᠡᠵᠦ ᠣᠯᠠᠨ ᠲᠦᠮᠡᠨ᠎ᠳᠤ ᠳᠣᠲᠣᠨᠣ᠎ᠪᠠᠷ ᠦᠢ᠍ᠯᠡᠴᠢᠯᠡᠪᠡ
ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ᠎ᠨᠢ ᠰᠢᠦᠳᠠᠨ᠎ᠤ ᠲᠦᠷᠭᠡᠨ ᠬᠦᠷᠭᠡᠯᠲᠡ ᠵᠢᠨ ᠦᠢᠯᠡᠴᠢᠯᠡᠭᠡ ᠵᠢ ᠤᠯᠠᠮ ᠨᠢᠭᠡ ᠠᠯᠬᠤᠮ ᠰᠠᠭ᠋ᠠᠳ ᠥᠬᠡᠶ ᠨᠡᠪᠲᠡᠷᠡᠭᠦᠯᠵᠦ ᠠᠷᠠᠳ᠎ᠤᠨ ᠠᠮᠢᠳᠤᠷᠠᠯ᠎ᠤᠨ ᠡᠳ᠋ ᠪᠣᠳᠠᠰ᠎ᠤᠨ ᠲᠡᠭᠡᠭᠡᠪᠦᠷᠢ ᠵᠢ ᠪᠠᠲᠤᠯᠠᠬᠤ ᠮᠡᠳᠡᠭᠳᠡᠯ ᠳᠠᠷᠤᠮᠠᠯᠯᠠᠨ ᠲᠠᠷᠬᠠᠭ᠋ᠠᠪᠠ
 
            