ᠣᠢ᠌ᠷ᠎ᠠ᠎ᠳᠤ᠂ ᠪᠠᠶᠠᠨᠨᠠᠭᠤᠷ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠵᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠴᠤᠩᠬᠤᠪᠴᠢ᠎ᠨᠢ ᠬᠢᠨᠠᠨ ᠵᠥᠪᠰᠢᠶᠡᠷᠡᠬᠦ ᠵᠢ ᠭᠥᠯᠢᠶᠡᠨ ᠠᠪᠴᠤ ᠰᠢᠢᠳᠪᠦᠷᠢᠯᠡᠬᠦ ᠴᠤᠪᠤᠷᠠᠯ ᠵᠶ᠋ᠠᠨ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠵᠠᠭᠪᠤᠷ᠎ᠢ ᠰᠢᠨ᠎ᠡ ᠵᠢ ᠡᠭᠦᠳᠦᠨ ᠬᠤᠪᠢᠷᠠᠭᠤᠯᠵᠤ᠂ 《ᠠᠰᠠᠷᠠᠭᠴᠢ ᠮᠠᠶᠢᠭ》᠎ᠤᠨ ᠦᠢᠯᠡᠴᠢᠯᠡᠭᠡ ᠭᠠᠷᠭ᠋ᠠᠵᠤ᠂ ᠠᠵᠤ ᠠᠬᠤᠢ᠌ᠯᠠᠯ᠂ ᠣᠯᠠᠨ ᠲᠦᠮᠡᠨ᠎ᠢ ᠦᠨᠡᠨ ᠬᠦ᠌ ᠬᠠᠪᠰᠤᠷᠤᠨ 《ᠪᠠᠴᠢᠮ ᠲᠤᠯᠭ᠋ᠠᠮ᠂ ᠬᠦᠴᠢᠷ ᠵᠣᠪᠠᠭᠤᠷᠢ᠂ ᠬᠦᠰᠡᠯ ᠡᠷᠡᠮᠡᠯᠵᠡᠯ》᠎ᠤᠨ ᠠᠰᠠᠭᠤᠳᠠᠯ᠎ᠢ᠎ᠨᠢ ᠦᠨᠡᠨ ᠬᠦ᠌ ᠰᠢᠢᠳᠪᠦᠷᠢᠯᠡᠵᠦ᠂ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ ᠪᠠ ᠬᠠᠨᠤᠮᠵᠢ ᠵᠢᠨ ᠬᠡᠮᠵᠢᠶ᠎ᠡ ᠵᠢ ᠲᠠᠰᠤᠷᠠᠯᠲᠠ ᠥᠬᠡᠶ ᠨᠡᠮᠡᠭᠳᠡᠭᠦᠯᠪᠡ᠃
ᠣᠢ᠌ᠯᠠᠭ᠋ᠠᠭᠰᠠᠨ ᠵᠶ᠋ᠠᠷ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠭᠤᠶᠤᠴᠢᠯᠠᠯ᠎ᠤᠨ ᠮᠠᠲ᠋ᠧᠷᠢᠶᠠᠯ᠎ᠢ ᠨᠠᠢ᠌ᠷᠠᠭᠤᠯᠤᠨ ᠪᠢᠴᠢᠬᠦ᠎ᠳᠤ ᠬᠦᠴᠢᠷᠲᠡᠶ᠂ ᠲᠥᠷᠥ ᠵᠢᠨ ᠪᠣᠳᠣᠯᠭ᠎ᠠ ᠵᠢᠨ ᠣᠢ᠌ᠯᠠᠭ᠋ᠠᠯᠲᠠ ᠪᠦᠷᠢᠨ ᠪᠤᠰᠤ᠂ ᠰᠢᠨ᠎ᠡ᠎ᠪᠠᠷ ᠪᠣᠶ ᠪᠣᠯᠤᠭᠰᠠᠨ ᠠᠵᠤ ᠠᠬᠤᠢ᠌ᠯᠠᠯ᠎ᠤᠨ ᠡᠬᠢᠯᠡᠬᠦ᠎ᠳᠤ ᠬᠦᠴᠢᠷᠲᠡᠶ ᠵᠡᠷᠭᠡ ᠠᠵᠤ ᠠᠬᠤᠢ᠌ᠯᠠᠯ᠎ᠤᠨ ᠬᠥᠭᠵᠢᠯᠲᠡ ᠵᠢᠨ 《ᠬᠠᠷᠰᠢ ᠰᠠᠭ᠋ᠠᠳ》᠎ᠢ ᠰᠢᠢᠳᠪᠦᠷᠢᠯᠡᠬᠦ ᠵᠢᠨ ᠲᠥᠯᠥᠭᠡ᠂ ᠪᠠᠶᠠᠨᠨᠠᠭᠤᠷ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠵᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠴᠣᠩᠬᠤᠪᠴᠢ᠎ᠨᠢ 《ᠪᠥᠬᠥ ᠶᠠᠪᠤᠴᠠ ᠵᠢ ᠮᠥᠷᠳᠡᠬᠦ》 ᠦᠢᠯᠡᠴᠢᠯᠡᠭᠡᠨ᠎ᠤ ᠵᠠᠭᠪᠤᠷ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ 《ᠠᠰᠠᠷᠠᠭᠴᠢ ᠮᠠᠶᠢᠭ》 ᠵᠶ᠋ᠠᠷ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠠᠶᠠᠯᠠᠯ ᠵᠶ᠋ᠠᠨ ᠡᠬᠢᠯᠡᠭᠦᠯᠦᠨ ᠬᠥᠭᠵᠢᠬᠦ᠎ᠳᠤ ᠬᠦᠴᠦᠨ ᠨᠡᠮᠡᠷᠢᠯᠡᠪᠡ᠃ ᠵᠥᠪᠰᠢᠶᠡᠷᠡᠯ᠎ᠢ ᠬᠢᠨᠠᠨ ᠵᠥᠪᠰᠢᠶᠡᠷᠡᠬᠦ᠎ᠠᠴᠠ ᠡᠮᠦᠨ᠎ᠡ᠂ ᠲᠥᠷᠥ ᠵᠢᠨ ᠪᠣᠳᠣᠯᠭ᠎ᠠ ᠵᠢ ᠤᠬᠠᠭᠤᠯᠤᠨ ᠮᠡᠳᠡᠭᠳᠡᠬᠦ ᠵᠢᠴᠢ 《ᠲᠤᠰᠠᠯᠠᠬᠤ》 ᠨᠥᠬᠦᠪᠦᠷᠢ ᠭᠤᠶᠤᠴᠢᠯᠠᠯ᠎ᠤᠨ ᠮᠠᠲ᠋ᠧᠷᠢᠶᠠᠯ᠎ᠢ ᠡᠮᠬᠢᠯᠡᠬᠦ ᠠᠵᠢᠯ᠎ᠢ ᠰᠠᠢ᠌ᠲᠤᠷ ᠬᠢᠨ᠎ᠡ; ᠵᠥᠪᠰᠢᠶᠡᠷᠡᠯ᠎ᠢ ᠬᠢᠨᠠᠨ ᠵᠥᠪᠰᠢᠶᠡᠷᠡᠬᠦ ᠶᠠᠪᠤᠴᠠ᠎ᠳᠤ᠂ ᠨᠢᠭᠡ ᠤᠳᠠᠭ᠎ᠠ᠎ᠳᠤ ᠮᠡᠳᠡᠭᠳᠡᠬᠦ᠂ ᠨᠢᠭᠡ ᠤᠳᠠᠭ᠎ᠠ᠎ᠳᠤ ᠬᠤᠷᠠᠯ᠎ᠳᠤ ᠣᠷᠣᠯᠴᠠᠬᠤ᠂ ᠨᠢᠭᠡ ᠤᠳᠠᠭ᠎ᠠ᠎ᠳᠤ ᠰᠢᠢᠳᠪᠦᠷᠢᠯᠡᠵᠦ ᠳᠠᠭᠤᠰᠬᠠᠬᠤ ᠵᠢ ᠬᠡᠷᠡᠭᠵᠢᠭᠦᠯᠵᠦ᠂ ᠵᠥᠪᠰᠢᠶᠡᠷᠡᠬᠦ ᠶᠠᠪᠤᠴᠠ ᠵᠢ ᠢᠯᠡ ᠲᠣᠳᠣ ᠪᠠᠢ᠌ᠯᠭ᠋ᠠᠨ᠎ᠠ; ᠵᠥᠪᠰᠢᠶᠡᠷᠡᠯ᠎ᠢ ᠬᠢᠨᠠᠨ ᠵᠥᠪᠰᠢᠶᠡᠷᠡᠭᠰᠡᠨ᠎ᠤ ᠳᠠᠷᠠᠭ᠎ᠠ᠂ ᠦᠷᠭᠦᠯᠵᠢᠯᠡᠨ ᠮᠥᠷᠳᠡᠨ ᠦᠢᠯᠡᠴᠢᠯᠡᠵᠦ᠂ ᠲᠡᠭᠡᠭᠡᠪᠦᠷᠢ ᠵᠢᠨ ᠲᠡᠷᠭᠡ ᠬᠥᠰᠬᠡ ᠵᠢᠨ ᠣᠷᠣᠭᠤᠯᠤᠯᠲᠠ ᠵᠡᠷᠭᠡ ᠲᠠᠯ᠎ᠠ᠎ᠪᠠᠷ ᠰᠠᠨᠠᠭᠤᠯᠤᠮᠵᠢ ᠪᠠ ᠪᠠᠷᠢᠮᠵᠢᠶ᠎ᠠ ᠵᠢ ᠮᠡᠳᠡᠭᠳᠡᠵᠦ᠂ 《ᠡᠷᠭᠦᠨ ᠲᠡᠳᠬᠦᠵᠦ᠂ ᠳᠠᠭ᠋ᠠᠭᠤᠯᠵᠤ ᠶᠠᠪᠤᠬᠤ》 ᠵᠢ ᠪᠡᠶᠡᠯᠡᠭᠦᠯᠵᠦ᠂ ᠡᠵᠡᠩᠨᠡᠯᠲᠡ ᠵᠢᠨ ᠡᠷᠦᠬᠡ ᠵᠢ ᠬᠠᠪᠰᠤᠷᠤᠨ ᠨᠤᠲᠤᠭᠰᠢᠨ ᠲᠣᠭᠲᠠᠨᠢᠭᠤᠯᠤᠨᠠ᠃
ᠵᠠᠯᠭ᠋ᠠᠭ᠋ᠠᠳ᠂ ᠪᠠᠶᠠᠨᠨᠠᠭᠤᠷ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠤᠳ ᠠᠵᠤ ᠠᠬᠤᠢ᠌ᠯᠠᠯ᠎ᠳᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠵᠦ᠂ ᠨᠢᠭᠡ ᠪᠦᠯᠦᠭ ᠨᠡᠢ᠌ᠭᠡᠮ᠎ᠤᠨ ᠪᠠᠢ᠌ᠳᠠᠯ ᠠᠷᠠᠳ᠎ᠤᠨ ᠰᠠᠨᠠᠭ᠎ᠠ ᠵᠢ ᠴᠤᠭᠯᠠᠭᠤᠯᠤᠨ᠂ ᠨᠢᠭᠡ ᠪᠦᠯᠦᠭ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠨᠢᠭᠡ ᠪᠦᠯᠦᠭ ᠵᠥᠷᠢᠴᠡᠯ ᠠᠰᠠᠭᠤᠳᠠᠯ᠎ᠢ ᠠᠷᠢᠯᠭ᠋ᠠᠨ᠂ ᠨᠢᠭᠡ ᠪᠦᠯᠦᠭ ᠦᠨᠳᠦᠰᠦᠨ ᠱᠠᠲᠤᠨ᠎ᠤ ᠨᠡᠢ᠌ᠲᠡᠯᠢᠭ ᠵᠢᠱ᠌ᠢᠶ᠎ᠡ ᠵᠢ ᠳ᠋ᠦᠩᠨᠡᠵᠦ᠂ ᠨᠢᠭᠡ ᠪᠦᠯᠦᠭ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠂ ᠣᠯᠠᠨ ᠲᠦᠮᠡᠨ᠎ᠳᠤ ᠨᠢᠳᠦᠨ᠎ᠳᠤ ᠦᠵᠡᠭᠳᠡᠵᠦ ᠭᠠᠷ᠎ᠲᠤ ᠪᠠᠷᠢᠭᠳᠠᠮ᠎ᠠ ᠰᠢᠨ᠎ᠡ ᠬᠤᠪᠢᠷᠠᠯᠲᠠ ᠵᠢ ᠦᠨᠡᠨ ᠬᠦ᠌ ᠮᠡᠳᠡᠷᠡᠭᠦᠯᠬᠦ ᠪᠣᠯᠤᠨ᠎ᠠ᠃ (ᠵᠠᠩ ᠷᠦᠢ ᠭ᠋ᠸᠨ)