ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠥᠬᠡᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠎ᠨᠢ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠪᠡ
ᠨᠡᠶ᠋ᠢᠲᠡᠯᠡᠭᠰᠡᠨ ᠴᠠᠭ᠄ 2022-08-05

      ᠣᠢ᠌ᠷ᠎ᠠ ᠵᠢᠨ ᠬᠤᠭᠤᠴᠠᠭ᠋ᠠᠨ᠎ᠳᠤ᠂ ᠬᠥᠬᠡᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠢ ᠦᠨᠡᠨ ᠬᠦ᠌ ᠰᠠᠢ᠌ᠲᠤᠷ ᠬᠢᠵᠦ᠂ ᠡᠯ᠎ᠡ ᠵᠠᠮ ᠬᠠᠷᠢᠯᠴᠠᠭ᠎ᠠ ᠵᠢᠨ ᠪᠠᠷᠠᠭ᠋ᠠᠨ᠎ᠤ ᠭᠦᠢᠯᠭᠡᠭᠡᠨ᠎ᠤ ᠠᠵᠢᠯᠯᠠᠭ᠋ᠠᠨ᠎ᠤ ᠵᠠᠩᠭᠢᠯᠠᠭ᠎ᠠ ᠵᠢᠨ ᠴᠡᠭ᠎ᠤᠨ ᠬᠡᠪ᠎ᠤᠨ ᠠᠵᠢᠯᠯᠠᠭ᠋ᠠᠨ᠂ ᠪᠥᠬᠥ ᠬᠣᠲᠠ ᠵᠢᠨ ᠵᠠᠮ ᠬᠠᠷᠢᠯᠴᠠᠭ᠋ᠠᠨ᠎ᠤ ᠴᠢᠬᠤᠯᠠ ᠵᠠᠮ ᠪᠠ ᠪᠠᠷᠠᠭ᠋ᠠᠨ᠎ᠤ ᠭᠦᠢᠯᠭᠡᠭᠡᠨ᠎ᠤ ᠪᠢᠴᠢᠯ ᠡᠷᠭᠢᠯᠲᠡ ᠵᠢᠨ ᠰᠠᠭ᠋ᠠᠳ ᠥᠬᠡᠶ ᠨᠡᠪᠲᠡᠷᠡᠬᠦ ᠵᠢ   ᠪᠦᠲᠦᠮᠵᠢᠲᠡᠶ ᠪᠠᠲᠤᠯᠠᠪᠠ᠃
      ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠳ᠋ ᠪᠤᠳᠠᠰ᠎ᠤᠨ ᠳᠠᠮᠵᠢᠭᠤᠯᠬᠤ ᠥᠷᠲᠡᠭᠡ ᠪᠠᠢ᠌ᠭᠤᠯᠵᠤ᠂ ᠨᠢᠭᠡᠨᠲᠡ ᠪᠠᠢ᠌ᠭᠤᠯᠤᠭᠰᠠᠨ ᠡᠳ᠋ ᠪᠤᠳᠠᠰ᠎ᠤᠨ ᠳᠠᠮᠵᠢᠭᠤᠯᠬᠤ ᠥᠷᠲᠡᠭᠡ᠎ᠳᠤ ᠤᠯᠠᠮ ᠨᠢᠭᠡ ᠠᠯᠬᠤᠮ ᠦᠨᠡᠯᠡᠨ ᠵᠢᠱ᠌ᠢᠯᠲᠡ ᠬᠢᠵᠦ᠂ ᠪᠠᠢ᠌ᠷᠢᠯᠠᠭᠤᠯᠤᠯᠲᠠ᠎ᠨᠢ ᠰᠢᠨᠵᠢᠯᠡᠬᠦ ᠤᠬᠠᠭ᠋ᠠᠨᠴᠢ ᠵᠦᠶ ᠵᠣᠬᠢᠰᠲᠠᠶ᠂ ᠪᠠᠷᠠᠭ᠋ᠠᠨ᠎ᠤ ᠲᠥᠷᠥᠯ ᠵᠦᠢᠯ᠎ᠨᠢ ᠪᠦᠷᠢᠨ ᠭᠦᠢᠴᠡᠳ ᠪᠠᠢ᠌ᠬᠤ ᠵᠢ ᠦᠨᠡᠨ ᠬᠦ᠌ ᠪᠠᠲᠤᠯᠠᠪᠠ᠃ ᠡᠳ᠋ ᠪᠤᠳᠠᠰ ᠳᠠᠮᠵᠢᠭᠤᠯᠬᠤ ᠥᠷᠲᠡᠭᠡ ᠵᠢᠨ ᠠᠵᠢᠯᠯᠠᠬᠤ ᠴᠤᠪᠤᠷᠠᠯ᠂ ᠠᠵᠢᠯᠯᠠᠭᠤᠯᠬᠤ ᠵᠢᠷᠤᠮᠵᠢᠯ ᠬᠢᠭᠡᠳ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠲᠣᠭᠲᠠᠭ᠋ᠠᠨ ᠲᠡᠭᠦᠯᠳᠡᠷᠵᠢᠭᠦᠯᠪᠡ᠃ ᠳᠠᠮᠵᠢᠭᠤᠯᠬᠤ ᠥᠷᠲᠡᠭᠡ᠎ᠳᠤ ᠪᠠᠷᠠᠭ᠋ᠠᠨ᠎ᠤ ᠲᠡᠷᠭᠡᠨ ᠵᠢᠯᠣᠭᠣᠴᠢ ᠵᠢᠨ ᠡᠷᠡᠭᠦᠯ ᠮᠡᠨᠳᠦ ᠵᠢᠨ ᠺᠣᠳ᠋᠎ᠤᠨ ᠭᠣᠮᠣᠳᠠᠯ ᠲᠣᠭ᠋ᠠᠴᠢᠬᠤ ᠰᠠᠭ᠋ᠠᠳ ᠥᠬᠡᠶ ᠨᠡᠪᠲᠡᠷᠡᠬᠦ ᠵᠠᠮ ᠪᠠᠢ᠌ᠭᠤᠯᠵᠤ᠂ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠳᠠᠯ ᠳᠣᠤᠷ᠎ᠠ᠂ ᠡᠷᠡᠭᠦᠯ ᠮᠡᠨᠳᠦ ᠵᠢᠨ ᠺᠣᠳ᠋᠎ᠤᠨ ᠬᠡᠪ᠎ᠤᠨ ᠪᠤᠰᠤ ᠪᠠᠢ᠌ᠳᠠᠯ᠎ᠢ ᠳᠠᠷᠤᠢ᠌ᠬᠠᠨ ᠬᠦᠴᠦᠨ ᠥᠬᠡᠶ ᠪᠣᠯᠭ᠋ᠠᠵᠤ᠂ ᠳᠠᠮᠵᠢᠭᠤᠯᠬᠤ ᠥᠷᠲᠡᠭᠡ᠎ᠪᠠᠷ ᠣᠷᠣᠵᠤ ᠭᠠᠷᠬᠤ ᠪᠠᠷᠠᠭ᠎ᠠ ᠲᠡᠭᠡᠭᠡᠪᠦᠷᠢᠯᠡᠬᠦ ᠲᠡᠷᠭᠡᠨ ᠵᠢᠯᠣᠭᠣᠴᠢ ᠵᠢᠨ ᠬᠡᠪ᠎ᠤᠨ ᠡᠵᠡᠩᠨᠡᠯᠲᠡ ᠵᠢ ᠪᠠᠲᠤᠯᠠᠪᠠ᠃
     《ᠴᠠᠭ᠋ᠠᠨ ᠨᠡᠷᠡᠰ᠎ᠤᠨ ᠵᠢᠭᠰᠠᠭ᠋ᠠᠯᠲᠠ》 ᠵᠢᠨ ᠳᠦᠷᠢᠮ᠎ᠢ ᠠᠬᠢᠭᠤᠯᠵᠤ᠂ 《ᠴᠠᠭ᠋ᠠᠨ ᠨᠡᠷᠡᠰ᠎ᠤᠨ ᠵᠢᠭᠰᠠᠭ᠋ᠠᠯᠲᠠ》 ᠵᠢᠨ ᠠᠵᠤ ᠠᠬᠤᠢ᠍ᠯᠠᠯ᠎ᠤᠨ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ ᠵᠢ ᠢᠳᠡᠪᠬᠢᠲᠡᠢ ᠴᠢᠩᠭ᠋ᠠᠳᠬᠠᠵᠤ᠂ 《ᠴᠠᠭ᠋ᠠᠨ ᠨᠡᠷᠡᠰ᠎ᠤᠨ ᠵᠢᠭᠰᠠᠭ᠋ᠠᠯᠲᠠ》 ᠵᠢᠨ ᠠᠵᠤ ᠠᠬᠤᠢ᠍ᠯᠠᠯ᠎ᠤᠨ ᠬᠦᠷᠢᠶ᠎ᠡ ᠬᠡᠪᠴᠢᠶ᠎ᠡ ᠵᠢ ᠥᠷᠭᠡᠳᠬᠡᠵᠦ᠂ ᠪᠦᠬᠦ ᠬᠣᠲᠠ ᠵᠢᠨ ᠭᠣᠣᠯᠳᠠᠯᠭ᠎ᠠ᠎ᠲᠠᠢ ᠠᠵᠤ ᠠᠬᠤᠢ᠍ᠯᠠᠯ᠎ᠢ ᠪᠦᠬᠦᠨ᠎ᠢ 《ᠴᠠᠭ᠋ᠠᠨ ᠨᠡᠷᠡᠰ᠎ᠤᠨ ᠵᠢᠭᠰᠠᠭ᠋ᠠᠯᠲᠠ》 ᠵᠢᠨ ᠬᠠᠮᠢᠶᠠᠷᠤᠯᠲᠠ ᠵᠢᠨ ᠬᠦᠷᠢᠶ᠎ᠡ ᠬᠡᠪᠴᠢᠶᠡᠨ᠎ᠳᠤ ᠣᠷᠣᠭᠤᠯᠬᠤ᠎ᠪᠠᠷ ᠴᠢᠷᠮᠠᠢ᠌ᠪᠠ᠃
      ᠰᠢᠦᠳᠠᠨ᠎ᠤ ᠦᠢᠯᠡᠰ᠂ ᠲᠦᠷᠭᠡᠨ ᠬᠦᠷᠭᠡᠬᠦ ᠦᠢᠯᠡᠰ᠂ ᠲᠠᠷᠢᠶᠠᠯᠠᠩ᠎ᠳᠤ ᠬᠡᠷᠡᠭᠯᠡᠬᠦ ᠡᠳ᠋ ᠪᠤᠳᠠᠰ ᠵᠢᠴᠢ ᠦᠢᠯᠡᠳᠪᠦᠷᠢᠯᠡᠯ᠎ᠤᠨ ᠬᠡᠷᠡᠭᠰᠡᠯ᠂ ᠲᠠᠷᠢᠶᠠᠯᠠᠩ᠎ᠤᠨ ᠮᠠᠰᠢᠨ ᠵᠢᠴᠢ ᠰᠡᠯᠪᠢᠭ ᠲᠣᠨᠣᠭ ᠵᠡᠷᠭᠡ ᠵᠢ ᠭᠣᠤᠯᠳᠠᠯᠭ᠎ᠠ᠎ᠲᠠᠢ ᠡᠳ᠋ ᠪᠤᠳᠠᠰ᠎ᠤᠨ ᠲᠡᠭᠡᠭᠡᠪᠦᠷᠢ ᠵᠢᠨ ᠪᠠᠲᠤᠯᠠᠭ᠎ᠠ ᠵᠢᠨ ᠬᠡᠪᠴᠢᠶᠡᠨ᠎ᠳᠤ ᠣᠷᠣᠭᠤᠯᠤᠭᠰᠠᠨ ᠠᠵᠤ ᠠᠬᠤᠢ᠌ᠯᠠᠯ᠎ᠤᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠎ᠳᠤ ᠤᠷᠢᠳᠠᠪᠠᠷ ᠨᠡᠪᠲᠡᠷᠡᠬᠦ ᠦᠨᠡᠮᠯᠡᠯ ᠣᠯᠭᠣᠵᠤ᠂ ᠤᠷᠢᠳᠠᠪᠠᠷ ᠪᠠᠢ᠌ᠴᠠᠭ᠋ᠠᠨ ᠰᠢᠯᠭ᠋ᠠᠵᠤ᠂ ᠤᠷᠢᠳᠠᠪᠠᠷ ᠶᠠᠪᠤᠭᠤᠯᠤᠨ᠎ᠠ᠃ ᠣᠲᠣ ᠪᠣᠯᠲᠠᠯ᠎ᠠ᠂ ᠪᠥᠬᠥ ᠤᠯᠤᠰ᠎ᠤᠨ ᠨᠡᠪᠲᠡᠷᠡᠬᠦ ᠦᠨᠡᠮᠯᠡᠯ᠎ᠢ ᠨᠡᠢ᠌ᠲᠡ 1777 ᠬᠠᠭᠤᠳᠠᠰᠤ ᠣᠯᠭᠣᠵᠤ᠂ ᠥᠪᠡᠷᠲᠡᠭᠡᠨ ᠵᠠᠰᠠᠬᠤ ᠣᠷᠣᠨ᠎ᠤ ᠳᠣᠲᠤᠷᠠᠬᠢ ᠨᠡᠪᠲᠡᠷᠡᠬᠦ ᠦᠨᠡᠮᠯᠡᠯ᠎ᠢ ᠨᠡᠢ᠌ᠲᠡ 22279 ᠬᠠᠭᠤᠳᠠᠰᠤ ᠣᠯᠭᠣᠵᠠᠢ᠃ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠎ᠳᠤ ᠬᠠᠮᠢᠶ᠎ᠠ ᠪᠥᠬᠥᠶ ᠨᠡᠪᠲᠡᠷᠡᠬᠦ ᠦᠨᠡᠮᠯᠡᠯ᠎ᠲᠠᠢ ᠪᠠᠢ᠌ᠬᠤ ᠵᠢ ᠨᠡᠪᠲᠡᠷᠡᠬᠦ ᠨᠥᠬᠥᠴᠡᠯ ᠪᠣᠯᠭ᠋ᠠᠬᠤ ᠥᠬᠡᠶ᠂ ᠲᠣᠰ ᠬᠣᠲᠠ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠱᠠᠭ᠋ᠠᠷᠳᠠᠯᠭ᠎ᠠ᠎ᠳᠤ ᠨᠡᠢ᠌ᠴᠡᠭᠰᠡᠨ ᠪᠦᠬᠦᠨ᠎ᠢ ᠡᠮᠬᠢ ᠵᠢᠷᠤᠮ᠎ᠲᠠᠢ ᠨᠡᠪᠲᠡᠷᠡᠭᠦᠯᠵᠦ ᠪᠣᠯᠤᠨ᠎ᠠ᠃
      ᠡᠭᠦᠨ᠎ᠠᠴᠠ ᠭᠠᠳᠠᠨ᠎ᠠ᠂ ᠲᠣᠰ ᠬᠣᠲᠠ ᠪᠠᠰᠠ ᠠᠯᠪᠠᠨ᠎ᠤ ᠵᠠᠭᠤᠴᠢᠯᠠᠭᠤᠷ᠂ ᠸᠢᠴᠠᠲ᠎ᠤᠨ ᠣᠯᠠᠨ ᠨᠡᠢ᠌ᠲᠡ ᠵᠢᠨ ᠳ᠋ᠤᠭ᠋ᠠᠷ ᠵᠡᠷᠭᠡ᠎ᠪᠠᠷ ᠳᠠᠮᠵᠢᠭᠤᠯᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢᠴᠢ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠲᠥᠷᠥ ᠵᠢᠨ ᠪᠣᠳᠣᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠨᠡᠢ᠌ᠭᠡᠮ ᠨᠡᠢ᠌ᠲᠡ᠎ᠳᠤ ᠢᠯᠡ ᠨᠡᠢ᠌ᠲᠡᠯᠡᠵᠦ᠂ 24 ᠴᠠᠭ ᠵᠶ᠋ᠡᠷ ᠬᠠᠯᠠᠮᠰᠢᠯ ᠤᠲᠠᠰᠤ ᠵᠢᠨ ᠦᠢᠯᠡᠴᠢᠯᠡᠭᠡᠨ᠎ᠤ ᠤᠲᠠᠰᠤ ᠵᠢ ᠰᠠᠭ᠋ᠠᠳ ᠥᠬᠡᠶ ᠨᠡᠪᠲᠡᠷᠡᠭᠦᠯᠵᠦ᠂ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠵᠦᠢᠯᠡᠰ᠎ᠢ ᠳᠠᠷᠤᠢ᠌ᠬᠠᠨ ᠭᠥᠯᠢᠶᠡᠨ ᠠᠪᠴᠤ ᠳᠠᠷᠤᠢ᠌ᠬᠠᠨ ᠳᠠᠮᠵᠢᠭᠤᠯᠵᠤ ᠳᠠᠷᠤᠢ᠌ᠬᠠᠨ ᠭᠦᠢᠴᠡᠳᠬᠡᠬᠦ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠪᠠᠷᠠᠭ᠋ᠠᠨ᠎ᠤ ᠲᠡᠷᠭᠡᠨ ᠵᠢᠯᠣᠭᠣᠴᠢ ᠪᠣᠯᠤᠨ ᠠᠵᠤ ᠠᠬᠤᠢ᠌ᠯᠠᠯ᠎ᠤᠨ ᠲᠤᠰᠬᠠᠭᠰᠠᠨ ᠡᠯ᠎ᠡ ᠲᠥᠷᠥᠯ᠎ᠤᠨ ᠰᠠᠭ᠋ᠠᠳ᠎ᠲᠠᠢ ᠨᠡᠪᠲᠡᠷᠡᠬᠦ ᠥᠬᠡᠶ ᠪᠠᠢ᠌ᠬᠤ ᠠᠰᠠᠭᠤᠳᠠᠯ᠎ᠢ ᠴᠠᠭ ᠲᠤᠬᠠᠶ᠎ᠳᠤ᠎ᠨᠢ ᠰᠢᠢᠳᠪᠦᠷᠢᠯᠡᠪᠡ᠃  (ᠳ᠋ᠤᠸᠠᠨ ᠬᠣᠶ ᠮᠢᠨ)

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ᠎ᠨᠢ ᠵᠠᠮ ᠬᠠᠷᠢᠯᠴᠠᠭ᠎ᠠ ᠵᠢᠨ ᠪᠠᠷᠠᠭ᠋ᠠᠨ᠎ᠤ ᠭᠦᠢᠯᠭᠡᠭᠡᠨ᠎ᠤ ᠲᠤᠰᠬᠠᠶ ᠵᠦᠢ᠍ᠯ᠎ᠤᠨ ᠳᠠᠬᠢᠨ ᠵᠢᠭᠡᠯᠡᠯᠭᠡ ᠵᠢᠨ ᠲᠥᠷᠥ ᠵᠢᠨ ᠪᠣᠳᠣᠯᠭ᠎ᠠ ᠵᠢ ᠢᠳᠡᠪᠬᠢᠲᠡᠶ ᠤᠬᠠᠭᠤᠯᠪᠠ
ᠦᠬᠠᠶ ᠬᠣᠲᠠ ᠣᠯᠠᠨ ᠵᠦᠢᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢᠳᠪᠦᠷᠢᠯᠡᠬᠦ ᠲᠥᠷᠥ ᠵᠢᠨ ᠪᠣᠳᠣᠯᠭ᠎ᠠ ᠵᠢ ᠨᠠᠷᠢᠯᠢᠭᠵᠢᠭᠤᠯᠤᠨ ᠨᠠᠢ᠌ᠳᠠᠪᠤᠷᠢᠵᠢᠭᠤᠯᠬᠤ ᠵᠢ ᠠᠬᠢᠭᠤᠯᠪᠠ
ᠤᠯᠠᠭ᠋ᠠᠨᠬᠠᠳᠠ ᠬᠣᠲᠠ᠄ ᠠᠵᠤ ᠠᠬᠤᠢ᠌ᠯᠠᠯ᠎ᠳᠤ 《ᠨᠠᠷᠢᠨ ᠲᠠᠩᠰᠠ ᠵᠢᠨ ᠬᠡᠯᠪᠡᠷᠢ》 ᠵᠢᠨ ᠦᠢᠯᠡᠴᠢᠯᠡᠭᠡ ᠬᠠᠩᠭ᠋ᠠᠪᠠ
ᠬᠢᠩᠭ᠋ᠠᠨ ᠠᠢ᠌ᠮᠠᠭ᠄ ᠶᠢᠰᠦᠳᠦᠭᠡᠷ ᠬᠤᠭᠤᠴᠠᠭ᠋ᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠮᠥ᠋ᠴᠢᠷ᠎ᠤᠨ ᠤᠷᠠᠯᠢᠭ᠎ᠤᠨ ᠨᠠᠢ᠌ᠷ᠎ᠤᠨ ᠬᠤᠭᠤᠴᠠᠭ᠋ᠠᠨ᠎ᠳᠠᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠢ ᠰᠠᠢ᠌ᠲᠤᠷ ᠬᠢᠪᠡ
ᠰᠢᠯᠢ ᠵᠢᠨ ᠭᠣᠤᠯ ᠠᠢ᠌ᠮᠠᠭ᠄ 《ᠨᠢᠭᠡ ᠲᠠᠯᠠᠪᠤᠷ ᠬᠣᠶᠠᠷ ᠥᠷᠲᠡᠭᠡ》 ᠵᠢᠨ ᠵᠠᠮ ᠬᠠᠷᠢᠯᠴᠠᠭ᠋ᠠᠨ᠎ᠤ ᠪᠣᠭᠣᠮᠲᠠ ᠵᠢ ᠢᠩᠭᠢᠵᠦ ᠰᠡᠷᠭᠡᠢ᠌ᠯᠡᠨ ᠡᠵᠡᠮᠳᠡᠪᠡ
 
            