ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠰᠢᠯᠢ ᠵᠢᠨ ᠭᠣᠤᠯ ᠠᠢ᠌ᠮᠠᠭ᠄ 12328 ᠵᠠᠮ ᠬᠠᠷᠢᠯᠴᠠᠭ᠋ᠠᠨ᠎ᠤ ᠦᠢᠯᠡᠴᠢᠯᠡᠭᠡᠨ᠎ᠤ ᠬᠠᠯᠠᠮᠰᠢᠯ ᠤᠲᠠᠰᠤ᠎ᠨᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠎ᠳᠤ ᠬᠦᠴᠦᠨ ᠨᠡᠮᠡᠷᠢᠯᠡᠵᠦ ᠣᠯᠠᠨ ᠲᠦᠮᠡᠨ᠎ᠳᠤ ᠳᠣᠲᠣᠨᠣ᠎ᠪᠠᠷ ᠦᠢ᠍ᠯᠡᠴᠢᠯᠡᠪᠡ
ᠨᠡᠶ᠋ᠢᠲᠡᠯᠡᠭᠰᠡᠨ ᠴᠠᠭ᠄ 2022-09-22

     9 ᠳ᠋ᠦ᠍ᠭᠡᠷ ᠰᠠᠷ᠎ᠠ ᠵᠢᠨ 3᠎ᠤ ᠡᠳᠦᠷ ᠰᠢᠯᠢᠩᠬᠣᠲᠠ᠎ᠳᠤ ᠭᠡᠨᠡᠳᠲᠡ ᠵᠢᠨ ᠬᠢᠵᠢᠭ᠎ᠤᠨ ᠪᠠᠢ᠌ᠳᠠᠯ ᠭᠠᠷᠤᠭᠰᠠᠨ᠎ᠠᠴᠠ ᠨᠠᠭ᠋ᠠᠰᠢ᠂ ᠰᠢᠯᠢ ᠵᠢᠨ ᠭᠣᠤᠯ ᠠᠢ᠌ᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠠᠢ᠌ᠮᠠᠭ᠎ᠤᠨ ᠨᠠᠮ᠎ᠤᠨ ᠬᠣᠷᠢᠶᠠᠨ᠎ᠤ ᠵᠠᠬᠢᠷᠭ᠎ᠠ ᠵᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠬᠠᠯᠠᠮᠰᠢᠯ ᠤᠳᠠᠰᠤ ᠵᠢᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠡᠳ᠋ ᠪᠣᠳᠠᠰ᠎ᠤᠨ ᠲᠡᠭᠡᠭᠡᠪᠦᠷᠢ᠂ ᠣᠯᠠᠨ ᠲᠦᠮᠡᠨ᠎ᠤ ᠶᠠᠪᠤᠵᠤ ᠰᠠᠭᠤᠬᠤ᠎ᠳᠤ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢᠨ ᠬᠠᠷᠢᠭᠤᠯᠲᠠ᠂ ᠤᠷᠢᠳᠴᠢᠯᠠᠨ ᠰᠡᠷᠡᠮᠵᠢᠯᠡᠭᠦᠯᠵᠦ ᠨᠡᠢ᠌ᠲᠡᠯᠡᠬᠦ᠂ ᠠᠵᠢᠯ᠎ᠤᠨ ᠬᠠᠨᠳᠤᠰᠢ ᠵᠡᠷᠭᠡ ᠵᠢ ᠴᠠᠭ ᠲᠤᠬᠠᠶ᠎ᠳᠤ᠎ᠨᠢ ᠬᠠᠩᠭ᠋ᠠᠪᠠ᠃



      ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠢ᠌ᠳᠠᠯ᠎ᠤᠨ ᠬᠤᠪᠢᠷᠠᠯᠲᠠ ᠵᠢ ᠦᠨᠳᠦᠰᠦᠯᠡᠨ᠂ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠭᠣᠣᠯᠳᠠᠯᠭ᠎ᠠ ᠪᠣᠯᠤᠨ ᠡᠷᠴᠢᠮ᠎ᠢ ᠴᠠᠭ ᠲᠤᠬᠠᠢ᠎ᠳᠤ᠎ᠨᠢ ᠲᠣᠬᠢᠷᠠᠭᠤᠯᠵᠠᠢ᠃ ᠡᠨᠡ ᠬᠦ᠌ ᠬᠤᠭᠤᠴᠠᠭ᠋ᠠᠨ᠎ᠳᠤ ᠨᠡᠢ᠌ᠲᠡ ᠣᠯᠠᠨ ᠲᠦᠮᠡᠨ᠎ᠤ ᠢᠷᠡᠭᠦᠯᠦᠭᠰᠡᠨ 99 ᠬᠤᠪᠢ ᠤᠲᠠᠰᠤ ᠵᠢ ᠭᠥᠯᠢᠶᠡᠨ ᠠᠪᠴᠤ᠂ ᠣᠯᠠᠨ ᠲᠦᠮᠡᠨ᠎ᠤ ᠯᠠᠪᠯᠠᠭ᠎ᠠ ᠠᠪᠤᠭᠰᠠᠨ 71 ᠬᠤᠪᠢ᠎ᠳᠤ ᠴᠠᠭ ᠲᠤᠬᠠᠶ᠎ᠳᠤ᠎ᠨᠢ ᠬᠠᠷᠢᠭᠤᠯᠲᠠ ᠥᠭᠴᠦ᠂ ᠣᠯᠠᠨ ᠲᠦᠮᠡᠨ᠎ᠤ 28 ᠬᠤᠪᠢ ᠵᠠᠭ᠋ᠠᠯᠳᠤᠯᠭ᠎ᠠ ᠵᠢ ᠴᠠᠭ ᠲᠤᠬᠠᠶ᠎ᠳᠤ᠎ᠨᠢ ᠰᠢᠢᠳᠪᠦᠷᠢᠯᠡᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠳᠤ ᠬᠣᠯᠪᠣᠭᠳᠠᠭᠰᠠᠨ ᠠᠰᠠᠭᠤᠳᠠᠯ᠎ᠢ ᠲᠣᠰ ᠡᠳᠦᠷ᠎ᠲᠤ᠎ᠨᠢ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 100%᠎ᠳᠤ ᠬᠦᠷᠪᠡ᠃
      ᠤᠲᠠᠰᠤ᠎ᠪᠠᠷ ᠠᠷᠠᠳ᠎ᠤᠨ ᠰᠡᠳᠬᠢᠯ᠎ᠢ ᠬᠣᠯᠪᠣᠵᠤ᠂ ᠭᠠᠷ ᠬᠣᠯᠪᠣᠨ ᠬᠢᠵᠢᠭ᠎ᠤᠨ ᠪᠠᠢ᠌ᠳᠠᠯ᠎ᠲᠠᠢ ᠪᠠᠢ᠌ᠯᠳᠤᠪᠠ᠃ ᠰᠢᠯᠢ ᠵᠢᠨ ᠭᠣᠤᠯ ᠠᠢ᠌ᠮᠠᠭ᠎ᠤᠨ 12328 ᠵᠠᠮ ᠬᠠᠷᠢᠯᠴᠠᠭ᠎ᠠ ᠲᠡᠭᠡᠭᠡᠪᠦᠷᠢ ᠵᠢᠨ ᠦᠢᠯᠡᠴᠢᠯᠡᠭᠡᠨ᠎ᠤ ᠬᠠᠯᠠᠮᠰᠢᠯ ᠤᠲᠠᠰᠤ᠎ᠨᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠠᠷᠢᠭᠤᠴᠠᠯᠭ᠎ᠠ ᠵᠢ ᠪᠥᠬᠥ ᠬᠦᠴᠦᠨ ᠵᠶ᠋ᠡᠷ ᠵᠶ᠋ᠡᠨ ᠬᠠᠮᠵᠢᠯᠴᠠᠨ ᠨᠠᠢ᠌ᠳᠠᠪᠤᠷᠢᠵᠢᠭᠤᠯᠵᠤ᠂ 24 ᠴᠠᠭ ᠵᠶ᠋ᠠᠷ ᠦᠢ᠍ᠯᠡᠴᠢᠯᠡᠭᠡ ᠬᠢᠬᠦ ᠵᠢ ᠴᠢᠩᠭ᠎ᠠ ᠬᠡᠷᠡᠭᠵᠢᠭᠦᠯᠦᠨ᠂ ᠠᠵᠢᠯ ᠲᠥᠷᠥᠯ᠎ᠤᠨ ᠬᠦᠴᠢᠷᠳᠡᠯ᠎ᠢ ᠴᠠᠭ ᠲᠤᠬᠠᠶ᠎ᠳᠤ᠎ᠨᠢ ᠰᠢᠢᠳᠪᠦᠷᠢᠯᠡᠵᠦ᠂ ᠰᠢᠯᠢ ᠵᠢᠨ ᠭᠣᠤᠯ ᠠᠢ᠌ᠮᠠᠭ᠎ᠤᠨ ᠬᠢᠵᠢᠭ᠎ᠤᠨ ᠪᠠᠢ᠌ᠳᠠᠯ᠎ᠤᠨ ᠬᠤᠭᠤᠴᠠᠭ᠋ᠠᠨ᠎ᠳᠠᠬᠢ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠲᠤᠯᠠᠭ᠎ᠠ ᠵᠡᠷᠭᠡ ᠲᠠᠯ᠎ᠠ᠎ᠳᠤ ᠬᠥᠭᠵᠢᠯᠲᠡ ᠵᠢ ᠠᠬᠢᠭᠤᠯᠬᠤ ᠦᠢᠯᠡᠳᠦᠯ ᠦᠵᠡᠭᠦᠯᠪᠡ᠃
(ᠪᠠᠢ ᠨᠠᠨ)

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ᠎ᠨᠢ ᠰᠢᠦᠳᠠᠨ᠎ᠤ ᠲᠦᠷᠭᠡᠨ ᠬᠦᠷᠭᠡᠯᠲᠡ ᠵᠢᠨ ᠦᠢᠯᠡᠴᠢᠯᠡᠭᠡ ᠵᠢ ᠤᠯᠠᠮ ᠨᠢᠭᠡ ᠠᠯᠬᠤᠮ ᠰᠠᠭ᠋ᠠᠳ ᠥᠬᠡᠶ ᠨᠡᠪᠲᠡᠷᠡᠭᠦᠯᠵᠦ ᠠᠷᠠᠳ᠎ᠤᠨ ᠠᠮᠢᠳᠤᠷᠠᠯ᠎ᠤᠨ ᠡᠳ᠋ ᠪᠣᠳᠠᠰ᠎ᠤᠨ ᠲᠡᠭᠡᠭᠡᠪᠦᠷᠢ ᠵᠢ ᠪᠠᠲᠤᠯᠠᠬᠤ ᠮᠡᠳᠡᠭᠳᠡᠯ ᠳᠠᠷᠤᠮᠠᠯᠯᠠᠨ ᠲᠠᠷᠬᠠᠭ᠋ᠠᠪᠠ
2023 ᠣᠨ᠎ᠤ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠠᠵᠢᠯ᠎ᠤᠨ ᠲᠤᠰᠬᠠᠢ ᠠᠩᠭᠢ ᠵᠢᠨ ᠠᠩᠬᠠᠳᠤᠭ᠋ᠠᠷ ᠤᠳᠠᠭ᠋ᠠᠨ᠎ᠤ ᠬᠠᠮᠲᠤᠷᠠᠭᠰᠠᠨ ᠸᠢᠳᠢᠤ᠋ ᠬᠤᠷᠠᠯ ᠬᠤᠷᠠᠯᠳᠤᠪᠠ
ᠥᠪᠥᠷ ᠮᠣᠩᠭᠣᠯ ᠬᠤᠳᠠᠯᠳᠤᠭ᠋ᠠᠴᠢᠨ ᠤᠷᠢᠵᠤ ᠪᠠᠯᠠ ᠲᠠᠲᠠᠬᠤ᠎ᠳᠤ 《ᠳᠠᠬᠢᠨ ᠬᠤᠷᠳᠤᠴᠠ》 ᠵᠢᠨ ᠵᠠᠭᠪᠤᠷ᠎ᠢ ᠨᠡᠭᠡᠭᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶᠠᠨ᠎ᠤ 10 ᠵᠦᠢᠯ᠎ᠤᠨ ᠠᠷᠭ᠎ᠠ ᠬᠡᠮᠵᠢᠶ᠎ᠡ᠎ᠨᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠳᠤ ᠦᠢᠯᠡᠴᠢᠯᠡᠪᠡ
ᠲᠣᠮᠤ ᠵᠦᠢ᠍ᠯ᠎ᠤᠨ ᠲᠡᠭᠡᠭᠡᠪᠦᠷᠢ ᠵᠢᠨ 《ᠲᠦᠭᠵᠢᠷᠡᠯ》 《ᠬᠦᠴᠢᠷᠳᠡᠯ》᠎ᠢ ᠴᠢᠩᠭ᠎ᠠ ᠠᠩᠬᠠᠷᠴᠤ᠂ ᠵᠠᠮ ᠬᠠᠷᠢᠯᠴᠠᠭ᠋ᠠᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠳᠠᠬᠢᠨ ᠰᠢᠯᠢᠳᠡᠭᠵᠢᠭᠦᠯᠬᠦ ᠵᠢ ᠪᠡᠶᠡᠯᠡᠭᠦᠯᠪᠡ
 
            