ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠥᠬᠡᠬᠣᠲᠠ ᠵᠢᠨ ᠭᠣᠤᠯ ᠬᠣᠲᠠ ᠲᠣᠭᠣᠷᠢᠭ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠠᠮᠠᠰᠠᠷ᠎ᠲᠠᠬᠢ ᠪᠥᠭᠡᠮ ᠬᠦᠴᠢᠯ᠎ᠤᠨ ᠰᠢᠯᠭ᠋ᠠᠨ ᠪᠠᠢ᠌ᠴᠠᠭ᠋ᠠᠯᠲᠠ ᠵᠢᠨ ᠲᠣᠭᠣᠷᠢᠭ᠎ᠨᠢ ᠪᠠᠷᠢᠮᠵᠢᠶᠠᠵᠢᠭᠤᠯᠤᠭᠰᠠᠨ ᠪᠥᠲᠥᠭᠡᠨ ᠪᠠᠢ᠌ᠭᠤᠯᠤᠯᠲᠠ ᠵᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2022-09-08

     9 ᠳ᠋ᠦ᠍ᠭᠡᠷ ᠰᠠᠷ᠎ᠠ ᠵᠢᠨ 5᠎ᠤ ᠡᠳᠦᠷ᠂ ᠬᠥᠬᠡᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠎ᠨᠢ ᠭᠣᠤᠯ ᠬᠣᠲᠠ ᠲᠣᠭᠣᠷᠢᠭ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠠᠮᠠᠰᠠᠷ᠎ᠲᠠᠬᠢ 10 ᠭᠠᠵᠠᠷ᠎ᠤᠨ 12 ᠴᠡᠭ ᠪᠠᠢ᠌ᠷᠢ ᠵᠢᠨ ᠪᠥᠭᠡᠮ ᠬᠦᠴᠢᠯ᠎ᠤᠨ ᠰᠢᠯᠭ᠋ᠠᠨ ᠪᠠᠢ᠌ᠴᠠᠭ᠋ᠠᠯᠲᠠ ᠵᠢᠨ ᠲᠣᠭᠣᠷᠢᠭ᠎ᠤᠨ ᠪᠠᠷᠢᠮᠵᠢᠶᠠᠵᠢᠭᠤᠯᠤᠭᠰᠠᠨ ᠪᠥᠲᠥᠭᠡᠨ ᠪᠠᠢ᠌ᠭᠤᠯᠤᠯᠲᠠ ᠵᠢᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃



     10 ᠭᠠᠵᠠᠷ᠎ᠤᠨ 12 ᠴᠡᠭ ᠪᠠᠢ᠌ᠷᠢ ᠵᠢᠨ ᠪᠣᠳᠠᠲᠠᠶ ᠣᠷᠣᠨ ᠪᠠᠢ᠌ᠷᠢ᠎ᠨᠢ᠄ G6 ᠢ ᠵᠢᠶᠠᠨ ᠹᠠᠩ᠎ᠤᠨ ᠪᠠᠢ᠌ᠴᠠᠭ᠋ᠠᠨ ᠰᠢᠯᠭ᠋ᠠᠬᠤ ᠴᠡᠭ; G5901 ᠬᠥᠬᠡᠬᠣᠲᠠ ᠵᠢᠨ ᠡᠮᠦᠨ᠎ᠡ᠎ᠳᠠᠬᠢ ᠪᠠᠢ᠌ᠴᠠᠭ᠋ᠠᠨ ᠰᠢᠯᠭ᠋ᠠᠬᠤ ᠴᠡᠭ; G6 ᠬᠥᠬᠡᠬᠣᠲᠠ ᠵᠢᠨ ᠵᠡᠭᠦᠨ᠎ᠤ ᠵᠡᠭᠦᠨ ᠲᠠᠯ᠎ᠠ᠎ᠳᠠᠬᠢ ᠪᠠᠢ᠌ᠴᠠᠭ᠋ᠠᠨ ᠰᠢᠯᠭ᠋ᠠᠬᠤ ᠴᠡᠭ; G6 ᠬᠥᠬᠡᠬᠣᠲᠠ ᠵᠢᠨ ᠵᠡᠭᠦᠨ᠎ᠤ ᠪᠠᠷᠠᠭᠤᠨ ᠲᠠᠯ᠎ᠠ᠎ᠳᠠᠬᠢ ᠪᠠᠢ᠌ᠴᠠᠭ᠋ᠠᠨ ᠰᠢᠯᠭ᠋ᠠᠬᠤ ᠴᠡᠭ; S31 ᠬᠥᠬᠡᠬᠣᠲᠠ᠎ᠠᠴᠠ ᠳ᠋ᠠᠲ᠋ᠦ᠋ᠩ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠪᠠᠶ ᠮᠢᠶᠣᠣ ᠽᠢ ᠵᠢᠨ ᠪᠠᠢ᠌ᠴᠠᠭ᠋ᠠᠨ ᠰᠢᠯᠭ᠋ᠠᠬᠤ ᠴᠡᠭ; G6 ᠵᠢᠨ ᠱᠠᠨ᠎ᠤ ᠪᠠᠢ᠌ᠴᠠᠭ᠋ᠠᠨ ᠰᠢᠯᠭ᠋ᠠᠬᠤ ᠴᠡᠭ; G6 ᠵᠢᠨ ᠴᠤᠸᠠᠨ᠎ᠤ ᠪᠠᠢ᠌ᠴᠠᠭ᠋ᠠᠨ ᠰᠢᠯᠭ᠋ᠠᠬᠤ ᠴᠡᠭ; G5901 ᠭᠦᠸᠧ ᠵᠢᠶᠠ ᠶᠢᠩ᠎ᠤᠨ ᠬᠣᠢ᠌ᠲᠤ ᠲᠠᠯ᠎ᠠ᠎ᠳᠠᠬᠢ ᠪᠠᠢ᠌ᠴᠠᠭ᠋ᠠᠨ ᠰᠢᠯᠭ᠋ᠠᠬᠤ ᠴᠡᠭ; G5901 ᠭᠦᠸᠧ ᠵᠢᠶᠠ ᠶᠢᠩ᠎ᠤᠨ ᠡᠮᠦᠨ᠎ᠡ ᠲᠠᠯ᠎ᠠ᠎ᠳᠠᠬᠢ ᠪᠠᠢ᠌ᠴᠠᠭ᠋ᠠᠨ ᠰᠢᠯᠭ᠋ᠠᠬᠤ ᠴᠡᠭ; G5901 ᠴᠠᠭ᠋ᠠᠨ ᠰᠤᠪᠤᠷᠭ᠎ᠠ ᠵᠢᠨ ᠪᠠᠢ᠌ᠴᠠᠭ᠋ᠠᠨ ᠰᠢᠯᠭ᠋ᠠᠬᠤ ᠴᠡᠭ; G5901 ᠵᠢᠨ ᠾᠧ᠎ᠤᠨ ᠪᠠᠢ᠌ᠴᠠᠭ᠋ᠠᠨ ᠰᠢᠯᠭ᠋ᠠᠬᠤ ᠴᠡᠭ; G5901 ᠵᠤᠤ ᠵᠢᠶᠦ᠋ᠨ᠎ᠤ ᠪᠠᠢ᠌ᠴᠠᠭ᠋ᠠᠨ ᠰᠢᠯᠭ᠋ᠠᠬᠤ ᠴᠡᠭ᠃




      ᠪᠥᠭᠡᠮ ᠬᠦᠴᠢᠯ᠎ᠤᠨ ᠰᠢᠯᠭ᠋ᠠᠨ ᠪᠠᠢ᠌ᠴᠠᠭ᠋ᠠᠯᠲᠠ ᠵᠢᠨ ᠲᠣᠭᠣᠷᠢᠭ᠎ᠤᠨ ᠪᠠᠷᠢᠮᠵᠢᠶᠠᠵᠢᠭᠤᠯᠤᠭᠰᠠᠨ ᠪᠥᠲᠥᠭᠡᠨ ᠪᠠᠢ᠌ᠭᠤᠯᠤᠯᠲᠠ ᠵᠢ ᠪᠡᠶᠡᠯᠡᠭᠦᠯᠦᠭᠰᠡᠨ᠎ᠤ ᠳᠠᠷᠠᠭ᠎ᠠ᠂ ᠲᠡᠷᠭᠡ ᠬᠥᠰᠬᠡ ᠲᠣᠰ ᠲᠣᠰ᠎ᠤᠨ ᠵᠠᠮ ᠵᠶ᠋ᠠᠷ ᠵᠶ᠋ᠠᠨ ᠶᠠᠪᠤᠵᠤ᠂ ᠬᠦᠮᠦᠰ ᠡᠮᠬᠢ ᠵᠢᠷᠤᠮ᠎ᠲᠠᠢ ᠰᠢᠯᠭ᠋ᠠᠨ ᠪᠠᠢ᠌ᠴᠠᠭ᠋ᠠᠵᠤ᠂ ᠨᠡᠪᠲᠡᠷᠡᠬᠦ ᠦᠷ᠎ᠡ ᠪᠦᠲᠦᠮᠵᠢ ᠵᠢᠴᠢ ᠪᠥᠭᠡᠮ ᠬᠦᠴᠢᠯ᠎ᠢ ᠰᠢᠯᠭ᠋ᠠᠨ ᠪᠠᠢ᠌ᠴᠠᠭ᠋ᠠᠬᠤ ᠦᠷ᠎ᠡ ᠪᠦᠲᠦᠮᠵᠢ ᠤᠯᠠᠮ ᠨᠢᠭᠡ ᠠᠯᠬᠤᠮ ᠳᠡᠭᠡᠭᠰᠢᠯᠡᠪᠡ᠃   (ᠬᠥᠬᠡᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ)

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠤᠯ ᠠᠢ᠌ᠮᠠᠭ᠄ 12328 ᠵᠠᠮ ᠬᠠᠷᠢᠯᠴᠠᠭ᠋ᠠᠨ᠎ᠤ ᠦᠢᠯᠡᠴᠢᠯᠡᠭᠡᠨ᠎ᠤ ᠬᠠᠯᠠᠮᠰᠢᠯ ᠤᠲᠠᠰᠤ᠎ᠨᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠎ᠳᠤ ᠬᠦᠴᠦᠨ ᠨᠡᠮᠡᠷᠢᠯᠡᠵᠦ ᠣᠯᠠᠨ ᠲᠦᠮᠡᠨ᠎ᠳᠤ ᠳᠣᠲᠣᠨᠣ᠎ᠪᠠᠷ ᠦᠢ᠍ᠯᠡᠴᠢᠯᠡᠪᠡ
ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ᠎ᠨᠢ ᠰᠢᠦᠳᠠᠨ᠎ᠤ ᠲᠦᠷᠭᠡᠨ ᠬᠦᠷᠭᠡᠯᠲᠡ ᠵᠢᠨ ᠦᠢᠯᠡᠴᠢᠯᠡᠭᠡ ᠵᠢ ᠤᠯᠠᠮ ᠨᠢᠭᠡ ᠠᠯᠬᠤᠮ ᠰᠠᠭ᠋ᠠᠳ ᠥᠬᠡᠶ ᠨᠡᠪᠲᠡᠷᠡᠭᠦᠯᠵᠦ ᠠᠷᠠᠳ᠎ᠤᠨ ᠠᠮᠢᠳᠤᠷᠠᠯ᠎ᠤᠨ ᠡᠳ᠋ ᠪᠣᠳᠠᠰ᠎ᠤᠨ ᠲᠡᠭᠡᠭᠡᠪᠦᠷᠢ ᠵᠢ ᠪᠠᠲᠤᠯᠠᠬᠤ ᠮᠡᠳᠡᠭᠳᠡᠯ ᠳᠠᠷᠤᠮᠠᠯᠯᠠᠨ ᠲᠠᠷᠬᠠᠭ᠋ᠠᠪᠠ
2023 ᠣᠨ᠎ᠤ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠠᠵᠢᠯ᠎ᠤᠨ ᠲᠤᠰᠬᠠᠢ ᠠᠩᠭᠢ ᠵᠢᠨ ᠠᠩᠬᠠᠳᠤᠭ᠋ᠠᠷ ᠤᠳᠠᠭ᠋ᠠᠨ᠎ᠤ ᠬᠠᠮᠲᠤᠷᠠᠭᠰᠠᠨ ᠸᠢᠳᠢᠤ᠋ ᠬᠤᠷᠠᠯ ᠬᠤᠷᠠᠯᠳᠤᠪᠠ
ᠥᠪᠥᠷ ᠮᠣᠩᠭᠣᠯ ᠬᠤᠳᠠᠯᠳᠤᠭ᠋ᠠᠴᠢᠨ ᠤᠷᠢᠵᠤ ᠪᠠᠯᠠ ᠲᠠᠲᠠᠬᠤ᠎ᠳᠤ 《ᠳᠠᠬᠢᠨ ᠬᠤᠷᠳᠤᠴᠠ》 ᠵᠢᠨ ᠵᠠᠭᠪᠤᠷ᠎ᠢ ᠨᠡᠭᠡᠭᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶᠠᠨ᠎ᠤ 10 ᠵᠦᠢᠯ᠎ᠤᠨ ᠠᠷᠭ᠎ᠠ ᠬᠡᠮᠵᠢᠶ᠎ᠡ᠎ᠨᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠳᠤ ᠦᠢᠯᠡᠴᠢᠯᠡᠪᠡ
 
            