1 ᠳ᠋ᠦ᠍ᠭᠡᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢᠯᠤᠭᠣᠳᠬᠤ ᠭᠠᠵᠠᠷ᠎ᠤᠨ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠠᠵᠢᠯ᠎ᠤᠨ ᠲᠤᠰᠬᠠᠢ ᠠᠩᠭᠢ 2023 ᠣᠨ᠎ᠤ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠠᠵᠢᠯ᠎ᠤᠨ ᠲᠤᠰᠬᠠᠢ ᠠᠩᠭᠢ ᠵᠢᠨ ᠠᠩᠬᠠᠳᠤᠭ᠋ᠠᠷ ᠤᠳᠠᠭ᠋ᠠᠨ᠎ᠤ ᠬᠠᠮᠲᠤᠷᠠᠭᠰᠠᠨ ᠸᠢᠳᠢᠤ᠋ ᠬᠤᠷᠠᠯ ᠬᠤᠷᠠᠯᠳᠤᠭᠤᠯᠵᠤ᠂ ᠪᠥᠬᠥ ᠣᠷᠣᠨ᠎ᠤ ᠶᠡᠷᠦᠩᠬᠡᠢ᠌ᠯᠡᠭᠰᠡᠨ ᠲᠡᠭᠡᠭᠡᠪᠦᠷᠢ ᠵᠢᠨ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠠᠵᠢᠯ᠎ᠤᠨ ᠪᠠᠢ᠌ᠳᠠᠯ᠎ᠢ ᠪᠠᠢ᠌ᠷᠢᠯᠠᠭᠤᠯᠵᠤ᠂ ᠡᠯ᠎ᠡ ᠠᠢ᠌ᠮᠠᠭ ᠬᠣᠲᠠ ᠵᠢ ᠵᠢᠯᠣᠭᠣᠳᠤᠨ 2023 ᠣᠨ᠎ᠤ ᠶᠡᠷᠦᠩᠬᠡᠢ᠌ᠯᠡᠭᠰᠡᠨ ᠲᠡᠭᠡᠭᠡᠪᠦᠷᠢ ᠵᠢᠨ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠲᠡᠭᠡᠭᠡᠪᠦᠷᠢ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠨᠢᠭᠡᠳᠦᠯᠲᠡᠢ ᠲᠥᠯᠥᠪᠯᠡᠨ ᠰᠠᠢ᠌ᠲᠤᠷ ᠬᠢᠵᠦ᠂ ᠠᠷᠠᠳ ᠣᠯᠠᠨ᠎ᠤ ᠠᠮᠤᠷ ᠠᠮᠤᠭᠤᠯᠠᠩ ᠡᠷᠡᠭᠦᠯ ᠮᠡᠨᠳᠦ ᠳᠥᠭᠥᠮ ᠳᠥᠲᠡ ᠰᠠᠭ᠋ᠠᠳ ᠦᠭᠡᠢ ᠶᠠᠪᠤᠵᠤ ᠰᠠᠭᠤᠬᠤ ᠵᠢ ᠦᠨᠡᠨ ᠬᠦ᠌ ᠪᠠᠲᠤᠯᠠᠵᠤ᠂ ᠵᠠᠮ ᠬᠠᠷᠢᠯᠴᠠᠭ᠎ᠠ ᠵᠢᠨ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠦᠭᠡᠢ ᠪᠥᠭᠡᠳ ᠡᠮᠬᠢ ᠵᠢᠷᠤᠮ᠎ᠲᠠᠢ ᠪᠠᠢ᠌ᠬᠤ ᠵᠢ ᠦᠨᠡᠨ ᠬᠦ᠌ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠤᠭᠣᠳᠬᠤ ᠭᠠᠵᠠᠷ᠎ᠤᠨ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠠᠵᠢᠯ᠎ᠤᠨ ᠲᠤᠰᠬᠠᠢ ᠠᠩᠭᠢ ᠵᠢᠨ ᠳᠤᠭᠤᠢ᠌ᠯᠠᠩ᠎ᠤᠨ ᠳᠠᠷᠤᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠭᠤᠤ ᠱ᠌ᠢ ᠴᠢᠨ ᠬᠤᠷᠠᠯ᠎ᠢ ᠡᠷᠬᠢᠯᠡᠬᠦ ᠵᠢᠨ ᠬᠠᠮᠲᠤ ᠶᠠᠷᠢᠶ᠎ᠠ ᠲᠠᠯᠪᠢᠵᠠᠢ᠃

ᠭᠤᠤ ᠱ᠌ᠢ ᠴᠢᠨ ᠴᠢᠬᠤᠯᠠᠴᠢᠯᠠᠭᠰᠠᠨ᠎ᠨᠢ᠂ ᠨᠠᠮ᠎ᠤᠨ ᠲᠥᠪ ᠬᠣᠷᠢᠶ᠎ᠠ ᠲᠦᠷᠦ ᠵᠢᠨ ᠶᠠᠪᠤᠳᠠᠯ᠎ᠤᠨ ᠬᠣᠷᠢᠶ᠎ᠠ 2023 ᠣᠨ᠎ᠤ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠡᠨᠡ ᠵᠢᠯ᠎ᠤᠨ ᠴᠠᠭ᠋ᠠᠨ ᠰᠠᠷ᠎ᠠ ᠵᠢᠨ ᠵᠥᠭᠡᠭᠡᠪᠦᠷᠢ᠎ᠳᠤ 《ᠬᠥᠬᠡᠭᠴᠢᠨ ᠲᠦᠷᠦᠯ᠎ᠤᠨ ᠬᠥᠬᠡᠭᠴᠢᠨ ᠬᠠᠮᠢᠶᠠᠷᠤᠯᠲᠠ》 ᠪᠣᠯᠣᠨ ᠬᠥᠮᠥᠨ᠎ᠤ ᠴᠣᠪᠤᠷᠠᠯ ᠪᠠᠷᠠᠭ᠋ᠠᠨ᠎ᠤ ᠭᠦᠢ᠍ᠯᠭᠡᠭᠡ ᠲᠦᠷᠭᠡᠨ ᠨᠡᠮᠡᠭᠳᠡᠬᠦ ᠵᠡᠷᠭᠡ ᠡᠯᠧᠮᠧᠨ᠋ᠲ ᠳᠠᠪᠬᠤᠴᠠᠵᠤ᠂ ᠤᠯᠠᠨ ᠳᠠᠪᠬᠤᠷ ᠳᠠᠷᠤᠯᠲᠠ᠎ᠳᠤ ᠲᠤᠯᠭ᠋ᠠᠷᠠᠵᠤ᠂ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠠᠵᠢᠯ᠎ᠢ ᠰᠠᠢ᠌ᠲᠤᠷ ᠬᠢᠬᠦ ᠵᠢᠨ ᠪᠤᠳᠤᠯᠢᠶᠠᠨᠲᠤ ᠴᠢᠨᠠᠷ᠂ ᠲᠣᠭᠲᠠᠪᠤᠷᠢ ᠦᠭᠡᠢ ᠴᠢᠨᠠᠷ᠂ ᠥᠷᠢᠰᠦᠯᠳᠦᠬᠦ ᠴᠢᠨᠠᠷ ᠤᠷᠢᠳ ᠡᠮᠦᠨ᠎ᠡ ᠪᠠᠢ᠌ᠭ᠎ᠠ ᠦᠭᠡᠢ ᠶᠤᠮ᠃ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠲᠤᠰᠬᠠᠢ ᠠᠩᠭᠢ ᠵᠢᠨ ᠡᠯ᠎ᠡ ᠪᠦᠷᠢᠯᠳᠦᠭᠦᠨ ᠨᠢᠭᠡᠴᠢ᠎ᠨᠦᠭᠦᠳ ᠰᠦᠯᠵᠢᠶᠡᠨ ᠳᠡᠭᠡᠷ᠎ᠡ ᠴᠠᠭ ᠲᠤᠬᠠᠢᠳᠤᠨᠢ ᠠᠵᠢᠯᠯᠠᠵᠤ᠂ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠨ᠂ ᠮᠡᠳᠡᠭᠡ ᠵᠠᠩᠭᠢ ᠵᠢ ᠬᠠᠮᠲᠤ᠎ᠪᠠᠷ ᠬᠦᠷᠲᠡᠵᠦ᠂ ᠴᠠᠭ ᠲᠤᠬᠠᠢᠳᠤᠨᠢ ᠴᠤᠤᠷᠢᠶᠠᠲᠤᠨ ᠳᠠᠭ᠋ᠠᠵᠤ᠂ ᠰᠢᠰᠲ᠋ᠧᠮᠲᠦ ᠦᠵᠡᠯᠲᠡ᠂ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠵᠤ᠂ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ᠂ ᠬᠠᠮᠤᠭ᠎ᠤᠨ ᠥᠨᠳᠥᠷ ᠪᠠᠷᠢᠮᠵᠢᠶ᠎ᠠ᠂ ᠬᠠᠮᠤᠭ᠎ᠤᠨ ᠴᠢᠩᠭ᠎ᠠ ᠱᠠᠭ᠋ᠠᠷᠳᠠᠯᠭ᠎ᠠ᠂ ᠬᠠᠮᠤᠭ᠎ᠤᠨ ᠪᠣᠳᠠᠲᠠᠢ ᠠᠷᠭ᠎ᠠ ᠪᠠᠷᠢᠯ᠎ᠢ ᠪᠠᠷᠢᠮᠲᠠᠯᠠᠵᠤ᠂ ᠬᠠᠮᠤᠭ᠎ᠤᠨ ᠶᠡᠬᠡ ᠴᠢᠳᠠᠪᠤᠷᠢ᠂ ᠬᠠᠮᠤᠭ᠎ᠤᠨ ᠰᠠᠢ᠌ᠨ ᠪᠠᠢ᠌ᠳᠠᠯ᠂ ᠬᠠᠮᠤᠭ᠎ᠤᠨ ᠰᠢᠯᠢᠳᠡᠭ ᠦᠢ᠍ᠯᠡᠴᠢᠯᠡᠭᠡ᠎ᠪᠠᠷ ᠶᠡᠷᠦᠩᠬᠡᠢ᠌ᠯᠡᠭᠰᠡᠨ ᠲᠡᠭᠡᠭᠡᠪᠦᠷᠢ ᠵᠢᠨ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠡᠯ᠎ᠡ ᠵᠦᠢ᠍ᠯ᠎ᠤᠨ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠠᠵᠢᠯ᠎ᠤᠨ ᠳᠤᠮᠳᠠ ᠭᠠᠷᠴᠤ ᠮᠡᠳᠡᠬᠦ ᠡᠯ᠎ᠡ ᠵᠦᠢ᠍ᠯ᠎ᠤᠨ ᠠᠰᠠᠭᠤᠳᠠᠯ᠎ᠢ ᠪᠦᠲᠦᠮᠵᠢᠲᠡᠢ ᠠᠷᠭ᠋ᠠᠴᠠᠭ᠋ᠠᠬᠤ ᠬᠡᠷᠡᠭᠲᠡᠢ᠃

ᠭᠣᠸ᠋ ᠱ᠌ᠢ ᠴᠢᠨ ᠵᠢᠭ᠋ᠠᠵᠤ ᠭᠠᠷᠭ᠋ᠠᠭᠰᠠᠨ᠎ᠨᠢ᠂ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ ᠶᠡᠷᠦᠩᠬᠡᠢ᠌ᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠵᠢᠨ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠡᠯ᠎ᠡ ᠵᠦᠢ᠍ᠯ᠎ᠤᠨ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠬᠤ ᠬᠡᠷᠡᠭᠲᠡᠢ᠃ ᠨᠢᠭᠡ᠎ᠳᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠷᠭ᠋ᠠᠴᠠᠭ᠋ᠠᠬᠤ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠣᠨᠤᠪᠴᠢᠲᠠᠢ᠎ᠪᠠᠷ ᠰᠠᠢ᠌ᠲᠤᠷ ᠬᠢᠨ᠎ᠡ᠃ ᠳᠤᠷ᠎ᠠ᠎ᠪᠠᠷ ᠵᠶ᠋ᠠᠨ ᠱᠠᠭ᠋ᠠᠷᠳᠠᠯᠭ᠎ᠠ ᠨᠡᠮᠡᠵᠦ ᠲᠥᠷᠥᠯ ᠵᠦᠢ᠍ᠯ ᠨᠡᠮᠡᠭᠳᠡᠭᠦᠯᠬᠦ ᠵᠢ ᠴᠢᠩᠭ᠎ᠠ ᠴᠠᠭ᠋ᠠᠵᠠᠯᠠᠵᠤ᠂ ᠠᠵᠢᠯᠯᠠᠭᠰᠠᠳ᠎ᠤᠨ ᠰᠡᠷᠭᠡᠢ᠌ᠯᠡᠨ ᠬᠠᠮᠠᠭ᠋ᠠᠯᠠᠯᠲᠠ ᠵᠢ ᠦᠨᠡᠨ ᠬᠦ᠌ ᠰᠠᠢ᠌ᠲᠤᠷ ᠬᠢᠵᠦ᠂ ᠠᠵᠢᠯ᠎ᠤᠨ ᠪᠠᠢ᠌ᠷᠢ ᠡᠭᠡᠯᠵᠢᠯᠡᠭᠦᠯᠦᠨ ᠠᠵᠢᠯ᠎ᠤᠨ ᠪᠠᠢ᠌ᠷᠢ ᠪᠡᠯᠡᠳᠬᠡᠬᠦ ᠵᠢ ᠰᠠᠢ᠌ᠲᠤᠷ ᠬᠢᠵᠦ᠂ ᠠᠵᠢᠯᠲᠠᠨ᠎ᠤ ᠡᠮᠬᠢ ᠵᠢᠷᠤᠮ᠎ᠲᠠᠢ ᠣᠷᠣᠯᠠᠬᠤ᠂ ᠦᠢ᠍ᠯᠡᠴᠢᠯᠡᠭᠡ ᠵᠢ ᠲᠠᠰᠤᠷᠠᠭᠤᠯᠬᠤ ᠦᠭᠡᠢ ᠰᠠᠮᠠᠭᠤᠷᠠᠭᠤᠯᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠨ᠎ᠠ᠃ ᠬᠣᠶᠠᠷ᠎ᠲᠤ᠂ ᠲᠡᠭᠡᠭᠡᠪᠦᠷᠢ ᠵᠢᠨ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠨ᠎ᠠ᠃ ᠠᠶᠠᠨᠴᠢᠳ᠎ᠤᠨ ᠴᠤᠪᠤᠷᠠᠯ᠂ ᠲᠡᠷᠭᠡᠨ᠎ᠤ ᠴᠤᠪᠤᠷᠠᠯ᠎ᠢ ᠲᠥᠰᠥᠭᠡᠯᠡᠵᠦ ᠰᠤᠳᠤᠯᠤᠨ ᠮᠠᠭ᠋ᠠᠳᠯᠠᠬᠤ ᠵᠢ ᠴᠢᠩᠭ᠋ᠠᠳᠬᠠᠵᠤ᠂ ᠵᠠᠮ᠎ᠤᠨ ᠲᠣᠣᠷ᠎ᠤᠨ ᠠᠵᠢᠯᠯᠠᠭ᠋ᠠᠨ᠎ᠢ ᠬᠢᠨᠠᠨ ᠬᠡᠮᠵᠢᠬᠦ ᠡᠷᠴᠢᠮ᠎ᠢ ᠴᠢᠩᠭ᠋ᠠᠷᠠᠭᠤᠯᠵᠤ᠂ ᠤᠯᠠᠨ ᠨᠡᠶ᠋ᠢᠲᠡ ᠵᠢᠨ ᠣᠶᠤᠨᠴᠢ᠎ᠪᠠᠷ ᠤᠷᠬᠢᠯ᠎ᠢ ᠵᠥᠷᠢᠭᠦᠯᠦᠨ ᠭᠠᠳᠠᠭᠰᠢ ᠭᠠᠷᠬᠤ ᠵᠢ ᠬᠥᠲᠥᠯᠥᠨ ᠵᠢᠯᠤᠭᠣᠳᠴᠤ᠂ ᠥᠪᠡᠷ ᠵᠶ᠋ᠠᠨ ᠵᠢᠯᠤᠭᠣᠳᠬᠤ ᠲᠡᠷᠭᠡ ᠡᠮᠬᠢ ᠵᠢᠷᠤᠮ᠎ᠲᠠᠢ᠎ᠪᠠᠷ ᠭᠠᠳᠠᠭᠰᠢ ᠭᠠᠷᠬᠤ ᠵᠢ ᠪᠠᠲᠤᠯᠠᠵᠤ᠂ ᠬᠥᠳᠡᠭᠡ ᠲᠣᠰᠬᠣᠨ᠎ᠤ ᠤᠯᠠᠨ ᠲᠦᠮᠡᠨ᠎ᠤ ᠭᠠᠳᠠᠭᠰᠢ ᠭᠠᠷᠬᠤ ᠵᠢ ᠪᠠᠲᠤᠯᠠᠨ᠎ᠠ᠃ ᠭᠤᠷᠪᠠ᠎ᠳᠤ᠂ ᠡᠮ ᠡᠮᠨᠡᠯᠭᠡ ᠴᠠᠬᠢᠯᠭ᠋ᠠᠨ ᠨᠡᠭᠦᠷᠡᠰᠦ ᠵᠡᠷᠭᠡ ᠭᠣᠣᠯᠳᠠᠯᠭ᠎ᠠ᠎ᠲᠠᠢ ᠡᠳ᠋ ᠪᠣᠳᠠᠰ᠎ᠤᠨ ᠲᠡᠭᠡᠭᠡᠪᠦᠷᠢ ᠵᠢᠨ ᠰᠠᠭ᠋ᠠᠳ ᠦᠭᠡᠢ ᠨᠡᠪᠲᠡᠷᠡᠬᠦ ᠥᠨᠳᠥᠷ ᠪᠦᠲᠦᠮᠵᠢᠲᠡᠶ ᠪᠠᠢ᠌ᠬᠤ ᠵᠢ ᠪᠦᠬᠦ ᠬᠦᠴᠦ᠎ᠪᠠᠷ ᠵᠶ᠋ᠡᠨ ᠪᠠᠲᠤᠯᠠᠨ᠎ᠠ᠃ ᠭᠣᠣᠯᠳᠠᠯᠭ᠎ᠠ᠎ᠲᠠᠢ ᠡᠮᠴᠢᠯᠡᠭᠡᠨ᠎ᠤ ᠡᠳ᠋ ᠪᠣᠳᠠᠰ᠎ᠤᠨ ᠬᠠᠩᠭ᠋ᠠᠯᠭ᠎ᠠ ᠵᠢ ᠪᠠᠲᠤᠯᠠᠬᠤ ᠠᠵᠤ ᠠᠬᠤᠢ᠌ᠯᠠᠯ᠎ᠯᠤᠭ᠎ᠠ ᠵᠢᠨ ᠬᠠᠷᠢᠯᠴᠠᠭ᠎ᠠ ᠵᠣᠯᠭ᠋ᠠᠯᠴᠠᠭ᠎ᠠ ᠵᠢ ᠴᠢᠩᠭ᠋ᠠᠳᠬᠠᠵᠤ᠂ ᠨᠢᠭᠡ ᠨᠢᠭᠡ ᠤᠴᠢᠷ ᠶᠠᠪᠤᠳᠠᠯ ᠵᠶ᠋ᠠᠷ ᠵᠣᠬᠢᠴᠠᠭᠤᠯᠵᠤ ᠪᠠᠢ᠌ᠭ᠋ᠠᠳ ᠡᠮᠴᠢᠯᠡᠭᠡᠨ᠎ᠤ ᠡᠳ᠋ ᠪᠣᠳᠠᠰ᠎ᠤᠨ ᠲᠡᠭᠡᠭᠡᠪᠦᠷᠢ ᠵᠢᠨ ᠬᠡᠷᠡᠭᠴᠡᠭᠡ ᠵᠢ ᠪᠠᠲᠤᠯᠠᠨ᠎ᠠ᠃ ᠴᠠᠬᠢᠯᠭ᠋ᠠᠨ᠎ᠤ ᠨᠡᠭᠦᠷᠡᠰᠦᠨ᠎ᠤ ᠦᠢ᠍ᠯᠡᠳᠪᠦᠷᠢᠯᠡᠯ᠂ ᠬᠠᠳᠠᠭ᠋ᠠᠯᠠᠯᠲᠠ ᠵᠢᠴᠢ ᠲᠡᠭᠡᠭᠡᠪᠦᠷᠢ ᠵᠢᠨ ᠬᠡᠷᠡᠭᠴᠡᠭᠡ ᠵᠢ ᠴᠠᠭ ᠲᠤᠬᠠᠢᠳᠤᠨᠢ ᠵᠣᠯᠭ᠋ᠠᠭᠤᠯᠵᠤ᠂ ᠡᠨᠧᠷᠭᠢ ᠵᠢᠨ ᠲᠡᠭᠡᠭᠡᠪᠦᠷᠢ ᠵᠢᠨ ᠪᠠᠲᠤᠯᠠᠭ᠎ᠠ ᠵᠢ ᠨᠢᠭᠡᠳᠦᠯᠲᠡᠢ ᠲᠥᠯᠥᠪᠯᠡᠨ ᠰᠠᠢ᠌ᠲᠤᠷ ᠬᠢᠨ᠎ᠡ᠃ ᠳᠥᠷᠪᠡ᠎ᠳᠤ᠂ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠠᠮᠤᠷ ᠲᠦᠪᠰᠢᠨ ᠪᠣᠯᠣᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢ ᠴᠢᠩᠭ᠋ᠠᠳᠬᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠭ᠋ᠠᠵᠢ ᠬᠡᠷᠡᠭᠰᠡᠯ᠎ᠤᠨ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠬᠤ ᠵᠢ ᠴᠢᠩᠭ᠋ᠠᠳᠬᠠᠵᠤ᠂ ᠡᠪᠡᠳᠴᠢᠨ᠎ᠲᠠᠢ᠎ᠪᠠᠷ ᠲᠡᠭᠡᠭᠡᠪᠦᠷᠢᠯᠡᠬᠦ ᠵᠢ ᠴᠢᠩᠭ᠎ᠠ ᠴᠠᠭ᠋ᠠᠵᠠᠯᠠᠨ᠎ᠠ᠃ ᠴᠠᠭ ᠠᠭᠤᠷ᠎ᠤᠨ ᠤᠷᠢᠳᠴᠢᠯᠠᠭᠰᠠᠨ ᠮᠡᠳᠡᠭᠡ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠢᠳᠤᠨᠢ ᠨᠡᠢ᠌ᠲᠡᠯᠡᠵᠦ᠂ ᠵᠠᠮ᠎ᠤᠨ ᠲᠣᠣᠷ᠎ᠢ ᠵᠠᠪᠳᠤᠨ ᠨᠡᠪᠲᠡᠷᠡᠭᠦᠯᠬᠦ ᠪᠠ ᠨᠡᠪᠲᠡᠷᠡᠭᠦᠯᠬᠦ ᠵᠢ ᠪᠠᠲᠤᠯᠠᠬᠤ ᠠᠵᠢᠯ᠎ᠢ ᠰᠠᠢ᠌ᠲᠤᠷ ᠬᠢᠨ᠎ᠡ᠃ ᠲᠠᠪᠤ᠎ᠳᠤ᠂ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢ ᠴᠢᠩᠭ᠋ᠠᠳᠬᠠᠨ᠎ᠠ᠃ ᠬᠥᠯᠥᠰᠦᠨ ᠠᠵᠢᠯᠴᠢᠨ᠂ ᠰᠤᠷᠤᠭᠴᠢ ᠵᠡᠷᠭᠡ ᠭᠣᠣᠯᠳᠠᠯᠭ᠎ᠠ᠎ᠲᠠᠢ ᠬᠠᠮᠲᠤᠯᠢᠭ᠎ᠤᠨ ᠦᠢ᠍ᠯᠡᠴᠢᠯᠡᠭᠡ ᠵᠢ ᠴᠢᠩᠭ᠋ᠠᠳᠬᠠᠵᠤ᠂ ᠨᠠᠰᠤᠲᠠᠨ ᠨᠢᠯᠬᠠᠰ᠂ ᠡᠪᠡᠳᠴᠢᠨ᠎ᠲᠠᠢ ᠵᠡᠮᠳᠡᠭ ᠵᠢᠷᠮᠦᠰᠦᠨ ᠵᠡᠷᠭᠡ ᠭᠣᠣᠯᠳᠠᠯᠭ᠎ᠠ᠎ᠲᠠᠢ ᠠᠶᠠᠨᠴᠢᠳ᠎ᠢ ᠬᠠᠯᠠᠮᠵᠢᠯᠠᠨ ᠬᠠᠢ᠌ᠷᠠᠯᠠᠬᠤ ᠵᠢ ᠴᠢᠩᠭ᠋ᠠᠳᠬᠠᠨ᠎ᠠ᠃ ᠵᠠᠰᠠᠮᠠᠯ ᠵᠠᠮ᠎ᠤᠨ ᠦᠢ᠍ᠯᠡᠴᠢᠯᠡᠭᠡᠨ᠎ᠤ ᠲᠣᠭᠣᠷᠢᠭ᠎ᠤᠨ ᠬᠡᠪ᠎ᠤᠨ ᠠᠵᠢᠯᠯᠠᠭ᠋ᠠᠨ᠎ᠢ ᠪᠠᠲᠤᠯᠠᠵᠤ᠂ ᠠᠶᠠᠨᠴᠢᠳ᠎ᠤᠨ ᠲᠡᠭᠡᠭᠡᠪᠦᠷᠢ ᠵᠢᠨ ᠲᠠᠯᠠᠪᠤᠷ ᠥᠷᠲᠡᠭᠡ᠂ ᠦᠢ᠍ᠯᠡᠴᠢᠯᠡᠭᠡᠨ᠎ᠤ ᠲᠣᠭᠣᠷᠢᠭ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ ᠪᠠ ᠦᠨᠳᠦᠰᠦᠨ ᠡᠮᠴᠢᠯᠡᠭᠡᠨ᠎ᠤ ᠠᠪᠤᠷᠠᠨ ᠲᠤᠰᠠᠯᠠᠬᠤ ᠦᠢ᠍ᠯᠡᠴᠢᠯᠡᠭᠡ ᠵᠢ ᠲᠡᠭᠦᠯᠳᠡᠷᠵᠢᠭᠦᠯᠦᠨ᠎ᠡ᠃ ᠵᠢᠷᠭᠤᠭ᠎ᠠ᠎ᠳᠤ᠂ ᠶᠠᠷᠢᠶ᠎ᠠ ᠬᠡᠯᠡᠯᠴᠡᠭᠡᠨ᠎ᠤ ᠤᠬᠠᠭᠤᠯᠭ᠎ᠠ᠎ᠪᠠᠷ ᠬᠥᠲᠥᠯᠥᠨ ᠵᠢ ᠵᠢᠯᠤᠭᠤᠳᠬᠤ ᠴᠢᠩᠭ᠋ᠠᠳᠬᠠᠨ᠎ᠠ᠃ 《ᠠᠮᠤᠷ ᠠᠮᠤᠭᠤᠯᠠᠩ ᠡᠷᠡᠭᠦᠯ ᠮᠡᠨᠳᠦ ᠳᠥᠭᠥᠮ ᠳᠥᠲᠡ ᠲᠠᠭ᠋ᠠᠯᠠᠮᠵᠢᠲᠠᠢ》 ᠪᠠᠢ᠌ᠬᠤ ᠬᠠᠷᠠᠯᠲᠠ ᠵᠢᠨ ᠱᠠᠭ᠋ᠠᠷᠳᠠᠯᠭ᠎ᠠ ᠵᠢᠨ ᠲᠣᠭᠣᠷᠢᠨ᠎ᠳᠤ᠂ ᠡᠯ᠎ᠡ ᠲᠥᠷᠥᠯ᠎ᠤᠨ ᠤᠬᠠᠭᠤᠯᠭ᠎ᠠ ᠵᠢᠨ ᠠᠴᠢᠶᠠᠯᠠᠪᠤᠷᠢ ᠵᠢ ᠨᠢᠭᠡᠳᠦᠯᠲᠡᠢ ᠲᠥᠯᠥᠪᠯᠡᠨ ᠰᠠᠢ᠌ᠲᠤᠷ ᠬᠡᠷᠡᠭᠯᠡᠵᠦ᠂ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠥᠯᠢᠭᠡᠷ᠎ᠢ ᠰᠠᠢ᠌ᠲᠤᠷ ᠶᠠᠷᠢᠵᠤ᠂ ᠪᠥᠬᠥ ᠨᠡᠢ᠌ᠭᠡᠮ ᠵᠶ᠋ᠡᠷ ᠵᠶ᠋ᠡᠨ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠠᠵᠢᠯ᠎ᠢ ᠬᠠᠯᠠᠮᠵᠢᠯᠠᠨ ᠳᠡᠮᠵᠢᠬᠦ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ᠃
ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠳᠡᠳ᠋ ᠳᠠᠷᠤᠭ᠎ᠠ ᠵᠧᠦ ᠴᠢᠶᠠᠩ 2023 ᠣᠨ᠎ᠤ ᠶᠡᠷᠦᠩᠬᠡᠢ᠌ᠯᠡᠭᠰᠡᠨ ᠲᠡᠭᠡᠭᠡᠪᠦᠷᠢ ᠵᠢᠨ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠬᠢᠬᠦ ᠲᠤᠬᠠᠢ ᠪᠠᠢ᠌ᠷᠢᠯᠠᠭᠤᠯᠤᠯᠲᠠ ᠬᠢᠵᠡᠢ᠃ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠥᠪᠥᠷ ᠮᠣᠩᠭᠣᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠵᠢᠨ ᠲᠣᠪᠴᠢᠶ᠎ᠠ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠬᠠᠷᠢᠭᠤᠴᠠᠯᠭ᠋ᠠᠲᠠᠨ ᠨᠥᠬᠥᠳ ᠴᠠᠭ᠋ᠠᠨ ᠰᠠᠷ᠎ᠠ ᠵᠢᠨ ᠵᠥᠭᠡᠭᠡᠪᠦᠷᠢ ᠵᠢᠨ ᠬᠠᠮᠢᠶ᠎ᠠ ᠪᠦᠬᠦᠢ ᠬᠦᠷᠢᠶᠡᠨ᠎ᠤ ᠠᠵᠢᠯ᠎ᠳᠤ ᠲᠣᠰ ᠲᠣᠰ ᠪᠠᠢ᠌ᠷᠢᠯᠠᠭᠤᠯᠤᠯᠲᠠ ᠲᠣᠬᠢᠷᠠᠭᠤᠯᠤᠯᠲᠠ ᠬᠢᠵᠡᠢ᠃ (ᠲᠢᠩᠬᠢᠮ᠎ᠤᠨ ᠲᠡᠭᠡᠭᠡᠪᠦᠷᠢ ᠵᠢᠨ ᠦᠢ᠍ᠯᠡᠴᠢᠯᠡᠭᠡᠨ᠎ᠤ ᠭᠠᠵᠠᠷ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢ᠍ᠯᠡᠰ᠎ᠤᠨ ᠬᠥᠭᠵᠢᠯᠲᠡ ᠵᠢᠨ ᠲᠥᠪ)