ᠪᠥᠬᠥ ᠣᠷᠣᠨ᠎ᠤ ᠬᠤᠳᠠᠯᠳᠤᠭ᠋ᠠᠴᠢᠨ ᠤᠷᠢᠵᠤ ᠪᠠᠯᠠ ᠲᠠᠲᠠᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠶ ᠲᠣᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ 《ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠳᠤ ᠦᠢᠯᠡᠴᠢᠯᠡᠵᠦ ᠥᠮᠴᠢᠯᠡᠬᠦ ᠡᠷᠬᠡ ᠪᠠ ᠠᠵᠤ ᠠᠬᠤᠢ᠌ᠯᠠᠯᠲᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠬᠤ ᠲᠤᠬᠠᠶ ᠬᠡᠷᠡᠭᠵᠢᠭᠦᠯᠬᠦ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ 10 ᠵᠦᠢᠯ᠎ᠤᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃
《ᠰᠠᠨᠠᠯ》᠎ᠳᠤ ᠳᠤᠷᠠᠳᠤᠭᠰᠠᠨ᠎ᠨᠢ᠂ ᠪᠥᠬᠥ ᠣᠷᠣᠨ᠎ᠤ ᠰᠢᠭᠦᠬᠦ ᠬᠣᠷᠢᠶ᠎ᠠ ᠰᠢᠭᠦᠨ ᠲᠠᠰᠤᠯᠬᠤ ᠡᠭᠦᠷᠭᠡ ᠴᠢᠳᠠᠪᠤᠷᠢ ᠵᠢᠨ ᠦᠢᠯᠡᠳᠦᠯ ᠵᠶ᠋ᠡᠨ ᠦᠨᠡᠨ ᠬᠦ᠌ ᠪᠠᠳᠠᠷᠠᠭᠤᠯᠵᠤ᠂ ᠥᠮᠴᠢᠯᠡᠬᠦ ᠡᠷᠬᠡ ᠪᠠ ᠠᠵᠤ ᠠᠬᠤᠢ᠌ᠯᠠᠯᠲᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠬᠤ ᠬᠡᠷᠡᠭᠲᠡᠶ᠃ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠲᠠᠯ᠎ᠠ᠎ᠪᠠᠷ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠬᠥᠮᠦᠰ᠎ᠤᠨ ᠪᠡᠶ᠎ᠡ ᠮᠠᠬᠠᠪᠣᠳ᠂ ᠡᠳ᠋ ᠬᠦᠷᠦᠨᠭᠭᠡ ᠵᠢᠨ ᠠᠮᠤᠷ ᠲᠦᠪᠰᠢᠨ ᠵᠢᠴᠢ ᠠᠵᠤ ᠠᠬᠤᠢ᠌ᠯᠠᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠂ ᠬᠤᠳᠠᠯᠳᠤᠭ᠋ᠠᠨ᠎ᠤ ᠢᠲᠡᠭᠡᠯ ᠬᠦᠨᠳᠦᠳᠤ ᠬᠠᠯᠳᠠᠭᠰᠠᠨ ᠵᠡᠷᠭᠡ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠨᠥᠯᠥᠭᠡᠯᠡᠭᠰᠡᠨ᠂ ᠲᠥᠪ ᠭᠣᠣᠯᠴᠢ᠎ᠪᠠᠷ ᠦᠷᠢᠰᠦᠯᠳᠦᠬᠦ ᠦᠨᠡᠨᠴᠢ ᠢᠲᠡᠭᠡᠮᠵᠢᠲᠡᠢ ᠡᠵᠡᠩᠨᠡᠯᠲᠡ ᠵᠢᠨ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠡᠪᠳᠡᠭᠰᠡᠨ ᠡᠷᠡᠭᠦᠦ ᠵᠢᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠴᠦ᠂ ᠠᠵᠤ ᠠᠬᠤᠢ᠌ᠯᠠᠯ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠬᠥᠮᠦᠰ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠨ᠎ᠠ᠃
《ᠰᠠᠨᠠᠯ》᠎ᠳᠤ ᠳᠤᠷᠠᠳᠤᠭᠰᠠᠨ᠎ᠨᠢ᠂ ᠶᠠᠯ᠎ᠠ ᠪᠠ ᠶᠠᠯ᠎ᠠ ᠪᠤᠰᠤ ᠵᠢ ᠬᠢᠵᠠᠭ᠋ᠠᠷᠯᠠᠬᠤ ᠪᠠᠷᠢᠮᠵᠢᠶ᠎ᠠ ᠵᠢ ᠴᠢᠩᠭ᠎ᠠ ᠡᠵᠡᠮᠳᠡᠵᠦ᠂ ᠪᠡᠶᠡᠴᠢ ᠦᠵᠡᠯ ᠪᠤᠰᠤᠳᠴᠢ ᠦᠵᠡᠯ᠎ᠢ ᠨᠢᠭᠡᠳᠦᠯᠲᠡᠶ ᠪᠠᠢ᠌ᠯᠭ᠋ᠠᠬᠤ ᠵᠠᠷᠴᠢᠮ᠎ᠢ ᠪᠠᠷᠢᠮᠲᠠᠯᠠᠨ᠂ ᠠᠵᠤ ᠠᠬᠤᠶ ᠵᠢᠨ ᠵᠢᠭᠤᠷᠠᠯᠳᠤᠭ᠋ᠠᠨ ᠪᠠ ᠠᠵᠤ ᠠᠬᠤᠶ ᠵᠢᠨ ᠶᠠᠯᠠᠲᠤ ᠠᠵᠢᠯᠯᠠᠭ᠎ᠠ ᠵᠢᠨ ᠬᠢᠵᠠᠭ᠋ᠠᠷ᠂ ᠠᠵᠤ ᠠᠬᠤᠢ᠌ᠯᠠᠯ᠎ᠤᠨ ᠵᠦᠶ ᠶᠣᠰᠣᠨ᠎ᠤ ᠪᠠᠯᠠ ᠲᠣᠬᠢᠷᠠᠭᠤᠯᠭ᠎ᠠ ᠪᠠ ᠬᠠᠤᠯᠢ ᠪᠤᠰᠤ᠎ᠪᠠᠷ ᠪᠠᠯᠠ ᠴᠤᠭᠯᠠᠭᠤᠯᠬᠤ ᠵᠢᠨ ᠬᠢᠵᠠᠭ᠋ᠠᠷ᠎ᠢ ᠴᠢᠩᠭ᠎ᠠ ᠢᠯᠭ᠋ᠠᠬᠤ ᠬᠡᠷᠡᠭᠲᠡᠶ᠃ ᠬᠠᠤᠯᠢ᠎ᠪᠠᠷ ᠲᠣᠭᠲᠠᠭ᠋ᠠᠭᠰᠠᠨ᠂ ᠪᠠᠢ᠌ᠳᠠᠯ᠎ᠢ᠎ᠨᠢ ᠦᠵᠡᠵᠦ ᠲᠣᠭᠲᠠᠭ᠋ᠠᠭᠰᠠᠨ ᠠᠭᠤᠴᠢᠯᠠᠨ ᠰᠢᠢ᠍ᠳᠬᠡᠬᠦ ᠦᠢ᠍ᠯᠡ ᠪᠠᠢ᠌ᠳᠠᠯ ᠪᠠ ᠶᠠᠯᠠᠲᠤ ᠠᠵᠢᠯᠯᠠᠭ᠎ᠠ ᠡᠭᠦᠰᠬᠦ ᠦᠶ᠎ᠡ᠎ᠳᠤ ᠣᠷᠣᠰᠢᠵᠤ ᠪᠠᠢ᠌ᠭ᠎ᠠ ᠣᠨᠴᠠᠭ᠋ᠠᠢ ᠲᠡᠦᠬᠡᠨ ᠠᠬᠤᠢ ᠪᠠᠢ᠌ᠳᠠᠯ᠎ᠢ ᠶᠡᠷᠦᠩᠬᠡᠢ᠌ᠯᠡᠨ ᠪᠣᠳᠣᠯᠬᠢᠯᠠᠵᠤ᠂ ᠠᠭᠤᠴᠢᠯᠠᠬᠤ ᠶᠠᠯᠠᠯᠠᠬᠤ ᠵᠢ ᠬᠣᠣᠰᠯᠠᠭᠤᠯᠬᠤ ᠡᠷᠡᠭᠦᠦ ᠵᠢᠨ ᠬᠡᠷᠡᠭ᠎ᠤᠨ ᠲᠦᠷᠦ ᠵᠢᠨ ᠪᠤᠳᠤᠯᠭ᠎ᠠ ᠵᠢ ᠭᠦᠢ᠍ᠴᠡᠳ ᠲᠤᠭᠤᠰᠢᠯᠠᠭᠤᠯᠤᠨ᠎ᠠ᠃ ᠶᠠᠯ᠎ᠠ ᠪᠠ ᠡᠷᠡᠭᠦᠦ ᠵᠢ ᠬᠠᠤᠯᠢ᠎ᠪᠠᠷ ᠲᠣᠭᠲᠠᠭ᠋ᠠᠬᠤ᠂ ᠬᠠᠤᠯᠢ᠎ᠨᠢ ᠥᠩᠭᠡᠷᠡᠭᠰᠡᠨ᠎ᠢ ᠨᠡᠬᠡᠮᠵᠢᠯᠡᠬᠦ ᠦᠭᠡᠢ᠂ ᠬᠠᠭᠤᠴᠢᠨ᠎ᠢ ᠬᠠᠪᠰᠤᠷᠭ᠋ᠠᠨ ᠬᠦᠨᠭᠭᠡᠨ ᠵᠶ᠋ᠡᠷ ᠰᠢᠢ᠍ᠳᠬᠡᠬᠦ᠂ ᠰᠡᠵᠢᠭᠯᠡᠯᠲᠡᠢ ᠶᠠᠯ᠎ᠠ ᠵᠢ ᠶᠠᠯ᠎ᠠ ᠦᠯᠦ ᠬᠢᠭᠰᠡᠨ ᠵᠶ᠋ᠡᠷ ᠪᠤᠳᠤᠬᠤ ᠵᠠᠷᠴᠢᠮ᠎ᠢ ᠪᠠᠷᠢᠮᠲᠠᠯᠠᠵᠤ᠂ ᠠᠵᠤ ᠠᠬᠤᠢ᠌ᠯᠠᠯᠲᠠᠨ᠎ᠤ ᠬᠢᠯᠢᠰ ᠪᠤᠷᠤᠭᠤ ᠬᠡᠷᠡᠭ᠎ᠢ ᠬᠠᠤᠯᠢ ᠶᠣᠰᠣᠭ᠋ᠠᠷ ᠰᠡᠷᠭᠡᠢ᠌ᠯᠡᠨ ᠵᠠᠯᠠᠷᠠᠭᠤᠯᠤᠨ᠎ᠠ᠃ ᠴᠥᠭᠡᠨ ᠪᠠᠷᠢᠪᠴᠢᠯᠠᠵᠤ ᠪᠣᠯᠭᠣᠮᠵᠢᠲᠠᠢ ᠵᠠᠭ᠋ᠠᠯᠳᠤᠬᠤ ᠪᠣᠯᠭᠣᠮᠵᠢᠲᠠᠢ ᠪᠠᠷᠢᠪᠴᠢᠯᠠᠬᠤ ᠡᠷᠡᠭᠦᠦ ᠵᠢᠨ ᠬᠡᠷᠡᠭ᠎ᠤᠨ ᠬᠠᠤᠯᠢ ᠪᠠᠷᠢᠬᠤ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠵᠤ᠂ ᠬᠣᠷᠢᠬᠤ ᠴᠢᠨᠠᠷᠲᠠᠢ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠵᠢ ᠪᠣᠯᠭᠣᠮᠵᠢᠲᠠᠢ ᠬᠡᠷᠡᠭᠯᠡᠨ᠎ᠡ᠃
ᠢᠷᠭᠡᠨ᠎ᠤ ᠪᠠ ᠬᠤᠳᠠᠯᠳᠤᠭ᠋ᠠᠨ᠎ᠤ ᠬᠡᠷᠡᠭ᠎ᠤᠨ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠲᠠᠯ᠎ᠠ᠎ᠪᠠᠷ᠂ 《ᠰᠠᠨᠠᠯ》᠎ᠳᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠤᠯᠢ᠎ᠪᠠᠷ ᠵᠠᠰᠠᠬᠤ ᠪᠠᠲᠤᠯᠠᠭ᠎ᠠ ᠵᠢ ᠴᠢᠩᠭ᠋ᠠᠳᠬᠠᠵᠤ᠂ ᠡᠷᠬᠡ᠎ᠳᠤ ᠬᠠᠯᠳᠠᠭᠰᠠᠨ ᠲᠥᠯᠥᠪᠦᠷᠢ ᠵᠢᠨ ᠡᠷᠴᠢᠮ᠎ᠢ ᠬᠠᠤᠯᠢ ᠶᠣᠰᠣᠭ᠋ᠠᠷ ᠴᠢᠩᠭ᠋ᠠᠷᠠᠭᠤᠯᠬᠤ ᠬᠡᠷᠡᠭᠲᠡᠶ ᠭᠡᠵᠦ ᠳᠤᠷᠠᠳᠤᠨ ᠭᠠᠷᠭ᠋ᠠᠪᠠ᠃ ᠵᠠᠰᠠᠭ ᠵᠠᠬᠢᠷᠭ᠋ᠠᠨ᠎ᠤ ᠦᠢ᠍ᠯᠡ ᠠᠵᠢᠯᠯᠠᠭ᠎ᠠ ᠵᠢᠨ ᠵᠦᠶ ᠵᠣᠬᠢᠰ ᠦᠭᠡᠶ᠎ᠠᠴᠠ ᠵᠠᠬ᠎ᠠ ᠳᠡᠯᠭᠡᠭᠦᠷ᠎ᠤᠨ ᠵᠥᠪᠰᠢᠶᠡᠷᠡᠨ ᠣᠷᠣᠭᠤᠯᠬᠤ ᠪᠠ ᠥᠷᠢᠰᠥᠯᠳᠦᠬᠦ ᠦᠢ᠍ᠯᠡ ᠠᠵᠢᠯᠯᠠᠭ᠎ᠠ ᠵᠢ ᠬᠠᠰᠤᠬᠤ ᠪᠠ ᠬᠢᠵᠠᠭ᠋ᠠᠷᠯᠠᠬᠤ ᠵᠢ ᠬᠠᠤᠯᠢ ᠶᠣᠰᠤᠭ᠋ᠠᠷ ᠵᠠᠯᠠᠷᠠᠭᠤᠯᠵᠤ᠂ ᠵᠠᠰᠠᠭ ᠵᠠᠬᠢᠷᠭ᠋ᠠᠨ᠎ᠤ ᠡᠷᠬᠡ᠎ᠪᠠᠨ ᠳᠤᠷ᠎ᠠ᠎ᠪᠠᠷ ᠵᠶ᠋ᠠᠨ ᠬᠡᠷᠡᠭᠯᠡᠨ ᠠᠵᠤ ᠠᠬᠤᠶ ᠵᠢᠨ ᠠᠵᠢᠯᠯᠠᠭ᠎ᠠ᠎ᠳᠤ ᠵᠦᠶ ᠵᠣᠬᠢᠰ ᠦᠭᠡᠶ᠎ᠪᠠᠷ ᠭᠠᠷ ᠲᠦᠷᠦᠭᠦ ᠵᠢ ᠬᠣᠷᠢᠭᠯᠠᠨ ᠵᠣᠭᠰᠣᠭ᠋ᠠᠬᠤ ᠬᠡᠷᠡᠭᠲᠡᠶ᠃
ᠡᠭᠦᠨ᠎ᠠᠴᠠ ᠭᠠᠳᠠᠨ᠎ᠠ᠂ 《ᠰᠠᠨᠠᠯ》᠎ᠳᠤ ᠳᠤᠷᠠᠳᠤᠭᠰᠠᠨ᠎ᠨᠢ᠂ ᠪᠠᠢ᠌ᠴᠠᠭ᠋ᠠᠨ ᠪᠢᠲᠡᠭᠦᠮᠵᠢᠯᠡᠬᠦ ᠪᠠᠷᠢᠴᠠᠭ᠋ᠠᠨ᠎ᠳᠤ ᠦᠯᠡᠳᠡᠭᠡᠬᠦ ᠴᠡᠪᠳᠡᠭᠯᠡᠬᠦ ᠵᠡᠷᠭᠡ ᠠᠷᠭ᠎ᠠ ᠬᠡᠮᠵᠢᠶ᠎ᠡ ᠵᠢ ᠪᠣᠯᠭᠣᠮᠵᠢᠲᠠᠶ ᠲᠣᠬᠢᠷᠠᠭᠤᠯᠤᠨ ᠬᠡᠷᠡᠭᠯᠡᠵᠦ᠂ ᠠᠵᠤ ᠠᠬᠤᠢ᠌ᠯᠠᠯ᠎ᠤᠨ ᠡᠳ᠋ ᠬᠥᠷᠥᠩᠭᠡ ᠪᠠ ᠬᠤᠪᠢ ᠣᠷᠣᠭᠤᠯᠤᠭᠴᠢ ᠵᠢᠨ ᠬᠤᠪᠢ ᠬᠥᠮᠦᠨ᠎ᠤ ᠡᠳ᠋ ᠬᠥᠷᠥᠩᠭᠡ᠂ ᠬᠡᠷᠡᠭ᠎ᠲᠤ ᠬᠣᠯᠪᠣᠭᠳᠠᠭᠰᠠᠨ ᠬᠥᠮᠦᠨ᠎ᠤ ᠬᠤᠪᠢ ᠬᠥᠮᠦᠨ᠎ᠤ ᠡᠳ᠋ ᠬᠥᠷᠥᠩᠭᠡ ᠪᠠ ᠬᠡᠷ ᠪᠦᠯᠢ ᠵᠢᠨ ᠪᠦᠷᠢᠯᠳᠦᠬᠦᠨ᠎ᠤ ᠡᠳ᠋ ᠬᠥᠷᠥᠩᠭᠡ᠂ ᠬᠠᠤᠯᠢ ᠶᠣᠰᠣᠨ᠎ᠤ ᠡᠳ᠋ ᠬᠥᠷᠥᠩᠭᠡ ᠪᠠ ᠬᠠᠤᠯᠢ᠎ᠠᠴᠠ ᠵᠥᠷᠢᠴᠡᠭᠰᠡᠨ ᠡᠳ᠋ ᠬᠥᠷᠥᠩᠭᠡ ᠵᠢ ᠬᠠᠤᠯᠢ ᠶᠣᠰᠣᠭ᠋ᠠᠷ ᠴᠢᠩᠭ᠎ᠠ ᠢᠯᠭ᠋ᠠᠵᠤ᠂ ᠡᠷᠬᠡ ᠵᠢᠨ ᠬᠢᠵᠠᠭ᠋ᠠᠷ᠂ ᠬᠦᠷᠢᠶ᠎ᠡ ᠬᠡᠪᠴᠢᠶ᠎ᠡ᠂ ᠲᠣᠭ᠎ᠠ᠂ ᠴᠠᠭ᠎ᠤᠨ ᠬᠢᠵᠠᠭ᠋ᠠᠷ᠎ᠠᠴᠠ ᠬᠡᠲᠦᠷᠡᠭᠦᠯᠦᠨ ᠪᠠᠢ᠌ᠴᠠᠭ᠋ᠠᠨ ᠪᠢᠲᠡᠭᠦᠮᠵᠢᠯᠡᠵᠦ᠂ ᠪᠠᠷᠢᠴᠠᠭ᠋ᠠᠨ᠎ᠳᠤ ᠦᠯᠡᠳᠡᠭᠡᠬᠦ᠂ ᠴᠡᠪᠳᠡᠭᠯᠡᠵᠦ ᠪᠣᠯᠬᠤ ᠥᠬᠡᠶ᠃
《ᠰᠠᠨᠠᠯ》᠎ᠳᠤ ᠪᠠᠰᠠ ᠬᠡᠷᠡᠭ᠎ᠲᠤ ᠬᠣᠯᠪᠣᠭᠳᠠᠭᠰᠠᠨ ᠠᠵᠤ ᠠᠬᠤᠢ᠌ᠯᠠᠯ᠎ᠤᠨ ᠮᠡᠳᠡᠭᠡ ᠵᠠᠩᠭᠢ ᠪᠠ ᠨᠡᠷ᠎ᠡ ᠬᠦᠨᠳᠦ ᠵᠢ ᠬᠠᠮᠠᠭ᠋ᠠᠯᠠᠬᠤ᠂ ᠠᠵᠤ ᠠᠬᠤᠢ᠌ᠯᠠᠯ᠎ᠳᠤ ᠬᠣᠯᠪᠣᠭᠳᠠᠭᠰᠠᠨ 《ᠳᠥᠷᠪᠡᠨ ᠲᠥᠷᠥᠯ᠎ᠤᠨ ᠬᠡᠷᠡᠭ》᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠪᠠ ᠬᠡᠷᠡᠭ ᠰᠢᠭᠦᠬᠦ ᠦᠶᠡᠯᠡᠯ᠎ᠢ ᠪᠣᠭᠣᠨᠢᠰᠬᠠᠬᠤ ᠵᠡᠷᠭᠡ ᠲᠠᠯ᠎ᠠ᠎ᠪᠠᠷ ᠲᠣᠭᠲᠠᠭ᠋ᠠᠯ ᠭᠠᠷᠭ᠋ᠠᠪᠠ᠃