12 ᠳ᠋ᠤᠭ᠋ᠠᠷ ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠨᠢ ᠱᠠᠨᠳᠦ᠋ᠩ ᠮᠤᠵᠢ ᠵᠢᠨ ᠴᠢᠩᠳᠣᠤ ᠬᠣᠲᠠ᠎ᠳᠤ ᠬᠤᠳᠠᠯᠳᠤᠭ᠋ᠠᠴᠢᠨ ᠤᠷᠢᠵᠤ ᠪᠠᠯᠠ ᠲᠠᠲᠠᠬᠤ ᠵᠢ ᠲᠠᠨᠢᠯᠴᠠᠭᠤᠯᠬᠤ ᠬᠤᠷᠠᠯ᠎ᠢ ᠠᠮᠵᠢᠯᠲᠠ᠎ᠲᠠᠢ ᠡᠷᠭᠢᠯᠡᠪᠡ᠃ ᠬᠤᠷᠠᠯ᠎ᠤᠨ ᠲᠤᠬᠠᠶ ᠵᠢᠨ ᠲᠠᠯᠠᠪᠠᠶ᠎ᠳᠤ 22 ᠲᠥᠷᠥᠯ ᠵᠦᠢᠯ᠎ᠤᠨ ᠭᠡᠷ᠎ᠡ ᠲᠣᠭᠲᠠᠵᠤ᠂ ᠲᠥᠷᠥᠯ ᠵᠦᠢᠯ᠎ᠤᠨ ᠶᠡᠷᠦᠩᠬᠡᠶ ᠲᠣᠭ᠎ᠠ 278 ᠳ᠋ᠦᠩᠰᠢᠭᠤᠷ ᠲᠥᠭᠥᠷᠢᠭ᠎ᠢ ᠳᠠᠪᠠᠪᠠ᠃ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠨᠢ ᠪᠠᠢ᠌ᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠂ ᠲᠣᠨᠣᠭᠯᠠᠯ ᠦᠢ᠍ᠯᠡᠳᠬᠦ ᠦᠢ᠍ᠯᠡᠰ᠂ ᠤᠳᠤ ᠦᠶ᠎ᠡ ᠵᠢᠨ ᠲᠠᠷᠢᠶᠠᠯᠠᠩ ᠮᠠᠯ ᠠᠵᠤ ᠠᠬᠤᠢ᠂ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠂ ᠲᠡᠮᠦᠷᠯᠢᠭ ᠬᠠᠢ᠌ᠯᠤᠭᠤᠯᠬᠤ ᠠᠵᠤ ᠦᠢ᠍ᠯᠡᠰ᠂ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ ᠠᠵᠤ ᠦᠢ᠍ᠯᠡᠰ ᠵᠡᠷᠭᠡ ᠬᠦᠷᠢᠶ᠎ᠡ ᠵᠢ ᠬᠠᠮᠤᠷᠪᠠ᠃
《ᠥᠪᠥᠷ ᠮᠣᠩᠭᠣᠯ᠎ᠨᠢ ᠭᠤᠷᠪᠠᠨ ᠤᠮᠠᠷᠠᠲᠤ ᠵᠢ ᠰᠤᠨᠳᠠᠯᠠᠨ᠂ ᠨᠠᠢ᠍ᠮᠠᠨ ᠮᠤᠵᠢ᠎ᠲᠠᠢ ᠬᠥᠷᠰᠢᠯᠡᠵᠦ᠂ ᠤᠮᠠᠷᠠᠰᠢ ᠮᠣᠩᠭᠣᠯ ᠤᠯᠤᠰ᠂ ᠤᠷᠤᠰ᠎ᠲᠠᠢ ᠬᠢᠯᠢ ᠨᠡᠢ᠌ᠯᠡᠵᠦ᠂ ᠪᠡᠭᠡᠵᠢᠩ ᠲᠢᠶᠠᠨᠵᠢᠨ ᠡᡁᠸᠪᠸᠢ᠂ ᠵᠡᠭᠦᠨ ᠬᠣᠢ᠌ᠲᠤ ᠣᠷᠣᠨ ᠵᠡᠷᠭᠡ ᠭᠣᠣᠯ ᠵᠠᠬ᠎ᠠ ᠳᠡᠯᠭᠡᠭᠦᠷ ᠪᠣᠯᠤᠨ ᠲᠠᠯᠠᠢ᠎ᠳᠤ ᠭᠠᠷᠬᠤ ᠭᠠᠷᠠᠮ᠎ᠲᠠᠢ ᠬᠥᠷᠰᠢᠯᠡᠵᠦ᠂ ᠪᠦᠸᠧᠬᠠᠢ ᠲᠠᠩᠭᠢᠰ ᠳᠠᠭ᠋ᠠᠤ ᠣᠷᠣᠨ᠎ᠤ ᠳᠣᠲᠣᠷ᠎ᠠ ᠭᠠᠵᠠᠷ ᠪᠣᠯᠤᠨ ᠵᠡᠭᠦᠨ ᠬᠣᠢ᠌ᠲᠤ ᠣᠷᠣᠨ᠎ᠤ ᠠᠵᠤ ᠠᠬᠤᠢ ᠵᠢᠨ ᠣᠷᠣᠨ᠎ᠤ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠪᠠᠰᠠ ᠴᠤ᠌ ᠤᠮᠠᠷᠠᠲᠤ ᠣᠷᠣᠨ᠎ᠤ ᠪᠠᠷᠠᠭᠤᠨ ᠬᠣᠢ᠌ᠲᠤ ᠣᠷᠣᠨ᠎ᠢ ᠬᠣᠯᠪᠣᠭᠰᠠᠨ ᠠᠵᠤ ᠠᠬᠤᠢ ᠵᠢᠨ ᠵᠠᠮ ᠪᠣᠯᠤᠨ᠎ᠠ᠂ ᠥᠷᠭᠡᠨ ᠤᠯᠠᠨ ᠪᠡᠯᠡ ᠣᠷᠣᠭᠤᠯᠤᠭᠴᠢᠳ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠶᠠᠷ ᠵᠠᠬ᠎ᠠ ᠳᠡᠯᠭᠡᠭᠦᠷ᠂ ᠬᠣᠶᠠᠷ ᠵᠦᠢ᠍ᠯ᠎ᠤᠨ ᠡᠬᠢ ᠪᠠᠶᠠᠯᠢᠭ᠎ᠢ ᠨᠡᠩ ᠰᠠᠢ᠌ᠲᠤᠷ ᠠᠰᠢᠭᠯᠠᠵᠤ᠂ ᠬᠠᠮᠲᠤᠷᠠᠯᠴᠠᠭ᠎ᠠ ᠬᠥᠭᠵᠢᠯᠲᠡ ᠵᠢ ᠡᠷᠢᠯᠬᠢᠯᠡᠬᠦ᠎ᠳᠤ ᠥᠷᠭᠡᠨ ᠠᠭᠤᠳᠠᠮ ᠣᠷᠣᠨ ᠵᠠᠢ ᠬᠠᠩᠭ᠋ᠠᠵᠠᠢ᠃》 ᠭᠡᠵᠦ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠯᠢ ᠵᠢᠶᠦ᠋ᠨ ᠠᠵᠢᠯᠯᠠᠭ᠎ᠠ ᠵᠢᠨ ᠠᠬᠤᠶ ᠲᠠᠯᠠᠪᠠᠶ᠎ᠳᠤ ᠢᠯᠡᠳᠬᠡᠪᠡ᠃
ᠨᠢᠭᠡ ᠵᠢᠯ ᠭᠦᠶᠦᠭᠡᠳ᠂ ᠰᠢᠪᠲᠤᠯᠤᠯᠲᠠ ᠬᠢᠬᠦ ᠭᠡᠵᠦ ᠪᠠᠢ᠌ᠨ᠎ᠠ᠃ ᠥᠪᠥᠷ ᠮᠣᠩᠭᠣᠯ ᠵᠠᠩᠭᠢᠯᠠᠭ᠎ᠠ ᠵᠢᠨ ᠴᠤᠩᠬᠤᠪᠴᠢ ᠵᠢᠨ ᠬᠤᠭᠤᠴᠠᠭ᠎ᠠ ᠵᠢ ᠱᠠᠯᠠᠪᠳᠠᠨ ᠠᠳᠬᠤᠵᠤ᠂ ᠡᠬᠢ ᠪᠠᠶᠠᠯᠢᠭ᠎ᠤᠨ ᠳᠠᠪᠠᠭᠤᠯᠢᠭ ᠪᠠ ᠠᠵᠤ ᠦᠢᠯᠡᠰ᠎ᠤᠨ ᠪᠦᠯᠦᠭᠵᠢᠯ᠎ᠤᠨ ᠠᠵᠤ ᠦᠢᠯᠡᠰ᠎ᠤᠨ ᠬᠡᠯᠬᠢᠶ᠎ᠡ ᠵᠢᠨ ᠰᠠᠭᠤᠷᠢ᠎ᠠᠴᠠ ᠡᠭᠦᠰᠴᠦ᠂ 2022 ᠣᠨ᠎ᠤ ᠪᠥᠬᠥ ᠣᠷᠣᠨ᠎ᠤ ᠬᠤᠳᠠᠯᠳᠤᠭ᠋ᠠᠴᠢᠨ ᠤᠷᠢᠵᠤ ᠪᠠᠯᠠ ᠲᠠᠲᠠᠬᠤ ᠡᠪᠦᠯ᠎ᠤᠨ ᠤᠯᠠᠷᠢᠯ᠎ᠤᠨ ᠠᠬᠢᠭᠤᠯᠬᠤ ᠠᠵᠢᠯᠯᠠᠭ᠎ᠠ ᠵᠢ ᠡᠬᠢᠯᠡᠭᠦᠯᠵᠦ᠂ 《ᠣᠷᠣᠨ᠎ᠤ ᠲᠥᠪ ᠵᠶ᠋ᠡᠨ ᠬᠦᠴᠦᠷᠬᠡᠭᠵᠢᠭᠦᠯᠬᠦ· ᠬᠥᠬᠡᠬᠣᠲᠠ᠎ᠳᠤ ᠴᠤᠭᠯᠠᠷᠠᠬᠤ—〈ᠵᠠᠭᠤᠨ ᠡᠷᠦᠬᠡ ᠵᠢᠨ ᠬᠣᠯᠪᠣᠭ᠎ᠠ〉 ᠵᠢᠨ ᠬᠤᠳᠠᠯᠳᠤᠭ᠋ᠠᠴᠢᠨ ᠤᠷᠢᠬᠤ ᠶᠡᠬᠡ ᠬᠤᠷᠠᠯ》᠂ 《ᠪᠤᠭᠤᠲᠤ (ᠱᠠᠩᠬᠠᠶ) ᠵᠢᠨ ᠭᠠᠳᠠᠭ᠋ᠠᠳᠤ ᠪᠠᠯᠠ ᠵᠢᠨ ᠬᠤᠳᠠᠯᠳᠤᠭ᠋ᠠᠴᠢᠨ ᠤᠷᠢᠵᠤ ᠪᠠᠯᠠ ᠲᠠᠲᠠᠬᠤ ᠲᠠᠨᠢᠯᠴᠠᠭᠤᠯᠭ᠎ᠠ ᠵᠢᠨ ᠬᠤᠷᠠᠯ》᠂ 《2023 ᠣᠷᠳᠣᠰ ᠬᠣᠲᠠ (ᠬᠥᠬᠡᠮᠥ᠋ᠷᠡᠨ᠎ᠤ ᠭᠤᠷᠪᠠᠯᠵᠢᠨ ᠬᠣᠢ᠌ᠭ) ᠵᠢᠨ ᠬᠤᠳᠠᠯᠳᠤᠭ᠋ᠠᠴᠢᠨ ᠤᠷᠢᠵᠤ ᠪᠠᠯᠠ ᠲᠠᠲᠠᠬᠤ ᠲᠠᠨᠢᠯᠴᠠᠭᠤᠯᠭ᠎ᠠ ᠵᠢᠨ ᠬᠤᠷᠠᠯ》 ᠵᠡᠷᠭᠡ ᠰᠦᠯᠵᠢᠶᠡᠨ ᠳᠡᠭᠡᠷ᠎ᠡ ᠪᠠ ᠰᠦᠯᠵᠢᠶᠡᠨ᠎ᠠᠴᠠ ᠭᠠᠳᠠᠨ᠎ᠠ ᠬᠤᠳᠠᠯᠳᠤᠭ᠋ᠠᠴᠢᠨ ᠤᠷᠢᠵᠤ ᠪᠠᠯᠠ ᠲᠠᠲᠠᠬᠤ ᠵᠢᠴᠢ ᠠᠵᠤ ᠠᠬᠤᠢ᠌ᠯᠠᠯ᠎ᠳᠤ ᠪᠠᠷᠠᠳᠠᠬᠤ ᠠᠵᠢᠯᠯᠠᠭ᠎ᠠ ᠵᠢ ᠵᠠᠯᠭ᠋ᠠᠭ᠎ᠠ᠎ᠪᠠᠷ ᠦᠷᠨᠢᠭᠦᠯᠵᠦ᠂ ᠡᠪᠦᠯ᠎ᠤᠨ ᠤᠯᠠᠷᠢᠯ᠎ᠤᠨ ᠶᠠᠭ᠋ᠠᠷᠠᠯᠲᠠᠢ ᠪᠠᠢ᠌ᠳᠠᠯ᠎ᠢ ᠪᠣᠢ ᠪᠣᠯᠭ᠋ᠠᠵᠠᠢ᠃
《ᠪᠢᠳᠡ ᠬᠤᠳᠠᠯᠳᠤᠭ᠋ᠠᠴᠢᠨ ᠤᠷᠢᠵᠤ ᠪᠠᠯᠠ ᠲᠠᠲᠠᠬᠤ ᠠᠵᠢᠯ᠎ᠤᠨ 〈ᠠᠵᠤ ᠦᠢᠯᠡᠰ᠎ᠤᠨ ᠵᠠᠮᠨᠠᠭᠤᠷ〉᠎ᠤᠨ ᠦᠢᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠭᠣᠤᠯᠳᠠᠭᠤ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠤᠨ ᠪᠦᠯᠦᠭᠵᠢᠯ᠂ ᠠᠵᠤ ᠦᠢᠯᠡᠰ᠎ᠤᠨ ᠬᠡᠯᠬᠢᠶ᠎ᠡ᠂ ᠭᠣᠤᠯᠳᠠᠯᠭ᠎ᠠ᠎ᠲᠠᠢ ᠬᠦᠷᠢᠶᠡᠯᠡᠩ ᠲᠣᠭᠣᠷᠢᠭ᠎ᠤᠨ ᠲᠠᠪᠴᠠᠩ᠎ᠤᠨ ᠲᠣᠭᠣᠷᠢᠨ᠎ᠳᠤ᠂ 〈ᠬᠡᠯᠬᠢᠶ᠎ᠡ ᠵᠢ ᠤᠷᠲᠤᠳᠬᠠᠨ ᠬᠡᠯᠬᠢᠶ᠎ᠡ ᠵᠢ ᠬᠦᠴᠦᠷᠬᠡᠭᠵᠢᠭᠦᠯᠵᠦ ᠬᠡᠯᠬᠢᠶ᠎ᠡ ᠵᠢ ᠨᠥᠬᠥᠪᠥᠷᠢᠯᠡᠬᠦ〉 ᠰᠢᠪᠲᠤᠯᠤᠯᠲᠠ ᠵᠢᠨ ᠴᠡᠭ᠎ᠢ ᠣᠨᠣᠪᠴᠢᠲᠠᠶ ᠡᠷᠢᠵᠦ᠂ ᠡᠯ᠎ᠡ ᠭᠠᠵᠠᠷ᠎ᠤᠨ ᠠᠵᠤ ᠦᠢᠯᠡᠰ᠎ᠯᠦᠭᠡ ᠬᠠᠮᠲᠤᠷᠠᠯᠴᠠᠨ ᠵᠣᠯᠭ᠋ᠠᠭᠤᠯᠬᠤ ᠵᠢ ᠢᠳᠡᠪᠬᠢᠲᠡᠶ ᠥᠷᠨᠢᠭᠦᠯᠵᠦ᠂ ᠨᠢᠭᠡ ᠪᠦᠯᠦᠭ ᠴᠢᠨᠠᠷ ᠰᠠᠢ᠌ᠲᠠᠶ ᠬᠤᠳᠠᠯᠳᠤᠭ᠋ᠠᠴᠢᠨ ᠤᠷᠢᠬᠤ ᠲᠥᠷᠥᠯ ᠵᠦᠢᠯ᠎ᠢ ᠨᠠᠢ᠌ᠳᠠᠪᠤᠷᠢᠵᠢᠭᠤᠯᠤᠨ ᠬᠡᠷᠡᠭᠵᠢᠭᠦᠯᠬᠦ ᠵᠢ ᠠᠬᠢᠭᠤᠯᠤᠨ᠎ᠠ᠃》 ᠭᠡᠵᠦ ᠯᠢ ᠵᠢᠶᠦ᠋ᠨ ᠬᠡᠯᠡᠪᠡ᠃
ᠲᠦᠷᠦᠯ ᠵᠦᠢ᠍ᠯ᠎ᠤᠨ ᠭᠡᠷ᠎ᠡ ᠲᠣᠭᠲᠠᠬᠤ ᠪᠣᠯ ᠨᠢᠭᠡᠳᠦᠭᠡᠷ ᠠᠯᠬᠤᠮ ᠪᠣᠯᠤᠨ᠎ᠠ᠂ ᠨᠠᠢ᠌ᠳᠠᠪᠤᠷᠢᠵᠢᠭᠤᠯᠵᠤ᠂ ᠪᠠᠷᠢᠯᠭ᠎ᠠ ᠡᠬᠢᠯᠡᠭᠦᠯᠵᠦ᠂ ᠠᠰᠢᠭᠯᠠᠯᠲᠠ᠎ᠳᠤ ᠣᠷᠣᠭᠤᠯᠪᠠᠯ ᠰᠠᠶᠢ ᠣᠷᠣᠨ ᠨᠤᠲᠤᠭ᠎ᠤᠨ ᠠᠵᠤ ᠠᠬᠤᠢ ᠵᠢᠨ ᠬᠥᠭᠵᠢᠯᠲᠡ ᠵᠢ ᠦᠨᠡᠨ ᠬᠦ᠌ ᠠᠬᠢᠭᠤᠯᠵᠤ ᠴᠢᠳᠠᠨ᠎ᠠ᠃
12 ᠳ᠋ᠤᠭ᠋ᠠᠷ ᠰᠠᠷ᠎ᠠ ᠵᠢᠨ 18᠎ᠤ ᠡᠳᠦᠷ᠂ ᠬᠣᠣᠰ ᠰᠠᠢ᠌ᠨ ᠴᠠᠬᠢᠭᠤᠷ ᠮᠠᠲ᠋ᠧᠷᠢᠶᠠᠯ (ᠪᠤᠭᠤᠲᠤ)᠎ᠤᠨ ᠬᠢᠵᠠᠭ᠋ᠠᠷᠲᠤ ᠺᠣᠮᠫᠠᠨᠢ ᠵᠢᠨ ᠦᠢᠯᠡᠳᠪᠦᠷᠢ ᠵᠢᠨ ᠲᠠᠰᠤᠭ᠎ᠲᠤ ᠪᠦᠭᠦᠳᠡᠭᠡᠷ ᠵᠶ᠋ᠡᠨ ᠶᠠᠭ᠋ᠠᠷᠠᠯᠲᠠᠶ ᠠᠵᠢᠯᠯᠠᠵᠤ᠂ ᠡᠨᠡ ᠬᠦ᠌ ᠲᠠᠩ ᠲᠠᠯᠠᠰᠲᠤ ᠴᠠᠬᠢᠭᠤᠷᠢ ᠦᠢᠯᠡᠳᠪᠦᠷᠢᠯᠡᠬᠦ᠂ ᠰᠤᠳᠤᠯᠤᠨ ᠨᠡᠭᠡᠭᠡᠬᠦ ᠵᠢᠴᠢ ᠪᠣᠷᠣᠯᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ ᠪᠠᠢ᠌ᠭ᠎ᠠ ᠺᠣᠮᠫᠠᠨᠢ ᠨᠢᠭᠡᠨᠲᠡ ᠴᠢᠨᠡᠭᠡ᠎ᠪᠠᠷ ᠵᠶ᠋ᠡᠨ ᠦᠢᠯᠡᠳᠪᠦᠷᠢᠯᠡᠭᠡᠳ ᠵᠢᠯ ᠢᠯᠡᠭᠦᠦ ᠪᠣᠯᠵᠤ ᠪᠠᠢ᠌ᠨ᠎ᠠ᠃ ᠵᠢᠶᠠᠩᠰᠦ ᠵᠢᠨ ᠵᠢᠶᠠᠩ ᠵᠢᠨ᠎ᠠᠴᠠ ᠥᠪᠥᠷ ᠮᠣᠩᠭᠣᠯ᠎ᠤᠨ ᠪᠤᠭᠤᠲᠤ ᠬᠦᠷᠲᠡᠯ᠎ᠡ᠂ ᠰᠢᠨ᠎ᠡ ᠦᠢᠯᠡᠳᠪᠦᠷᠢ᠎ᠨᠢ ᠲᠦᠷᠭᠡᠨ 《ᠪᠠᠢ᠌ᠳᠠᠯ》᠎ᠳᠤ ᠣᠷᠣᠵᠤ᠂ ᠲᠥᠷᠥᠯ ᠵᠦᠢᠯ᠎ᠨᠢ ᠠᠰᠢᠭᠯᠠᠯᠲᠠ᠎ᠳᠤ ᠤᠷᠤᠭᠰᠠᠨ᠎ᠤ ᠳᠠᠷᠠᠭ᠎ᠠ ᠵᠢᠯ᠎ᠤᠨ ᠦᠢᠯᠡᠳᠬᠦᠨ᠎ᠤ ᠥᠷᠲᠡᠭ᠎ᠨᠢ 400 ᠳ᠋ᠦᠩᠰᠢᠭᠤᠷ ᠲᠥᠭᠥᠷᠢᠭ᠎ᠠᠴᠠ ᠳᠡᠭᠡᠭᠰᠢ ᠪᠣᠯᠵᠣ᠂ ᠵᠢᠯ᠎ᠤᠨ ᠭᠠᠢ᠌ᠯᠢ ᠲᠠᠲᠠᠪᠤᠷᠢ ᠵᠢᠴᠢ ᠨᠡᠮᠡᠯᠲᠡ ᠥᠷᠲᠡᠭ᠎ᠨᠢ 13.8 ᠳ᠋ᠦᠩᠰᠢᠭᠤᠷ ᠲᠥᠭᠥᠷᠢᠭ᠎ᠲᠤ ᠬᠦᠷᠴᠦ᠂ 5000 ᠭᠠᠷᠤᠶ ᠬᠥᠮᠦᠨ᠎ᠳᠤ ᠠᠵᠢᠯ ᠣᠯᠭᠣᠪᠠ᠃
《ᠭᠡᠷ᠎ᠡ ᠲᠣᠭᠲᠠᠬᠤ᠂ ᠪᠠᠷᠢᠯᠭ᠎ᠠ ᠡᠬᠢᠯᠡᠭᠦᠯᠬᠦ᠂ ᠠᠰᠢᠭᠯᠠᠯᠲᠠ᠎ᠳᠤ ᠣᠷᠣᠭᠤᠯᠬᠤ᠎ᠳᠤ᠂ ᠪᠢᠳᠡ ᠵᠥᠪᠬᠡᠨ ᠬᠠᠮᠢᠶ᠎ᠠ ᠪᠥᠬᠥᠶ ᠮᠠᠲ᠋ᠧᠷᠢᠶᠠᠯ᠎ᠢ ᠬᠠᠩᠭ᠋ᠠᠪᠠᠯ ᠪᠣᠯᠴᠢᠬᠠᠨ᠎ᠠ᠂ ᠦᠯᠡᠳᠡᠭᠰᠡᠨ ᠶᠠᠪᠤᠳᠠᠯ᠎ᠢ 〈ᠲᠤᠰᠬᠠᠶ ᠬᠠᠮᠢᠶᠠᠷᠤᠭᠴᠢ〉 ᠴᠥᠮ ᠪᠢᠳᠡᠨ᠎ᠢ ᠬᠠᠪᠰᠤᠷᠤᠨ ᠭᠦᠶᠦᠵᠦ ᠥᠭᠴᠦ᠂ ᠮᠠᠨ᠎ᠤ ᠲᠥᠷᠥᠯ ᠵᠦᠢᠯ᠎ᠢ ᠲᠤᠬᠠᠶ ᠵᠢᠨ ᠵᠢᠯ᠎ᠳᠤ ᠭᠡᠷ᠎ᠡ ᠲᠣᠭᠲᠠᠬᠤ᠂ ᠲᠤᠬᠠᠶ ᠵᠢᠨ ᠵᠢᠯ᠎ᠳᠤ ᠪᠠᠢ᠌ᠭᠤᠯᠵᠤ ᠳᠠᠭᠤᠰᠬᠠᠬᠤ᠂ ᠲᠤᠬᠠᠶ ᠵᠢᠨ ᠵᠢᠯ᠎ᠳᠤ ᠠᠰᠢᠭᠯᠠᠯᠲᠠ᠎ᠳᠤ ᠣᠷᠣᠭᠤᠯᠬᠤ ᠵᠢ ᠪᠡᠶᠡᠯᠡᠭᠦᠯᠵᠦ᠂ ᠲᠤᠬᠠᠶ ᠵᠢᠨ ᠵᠢᠯ᠎ᠳᠤ ᠦᠷ᠎ᠡ ᠪᠦᠲᠦᠮᠵᠢ ᠣᠯᠬᠤ ᠵᠢ ᠪᠡᠶᠡᠯᠡᠭᠦᠯᠵᠠᠢ᠃》 ᠭᠡᠵᠦ ᠬᠣᠣᠰ ᠰᠠᠢ᠌ᠨ ᠴᠠᠬᠢᠭᠤᠷ ᠮᠠᠲ᠋ᠧᠷᠢᠶᠠᠯ᠎ᠤᠨ (ᠪᠤᠭᠤᠲᠤ) ᠬᠢᠵᠠᠭ᠋ᠠᠷᠲᠤ ᠺᠣᠮᠫᠠᠨᠢ ᠵᠢᠨ ᠬᠠᠷᠢᠭᠤᠴᠠᠯᠭ᠋ᠠᠲᠠᠨ ᠯᠢᠦ ᠭᠦᠸᠧ ᠶᠢᠨ᠎ᠠᠴᠠ ᠪᠤᠭᠤᠲᠤ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠵᠠᠯᠭ᠋ᠠᠭ᠎ᠠ᠎ᠪᠠᠷ ᠮᠠᠭᠲᠠᠨ ᠰᠠᠢ᠌ᠰᠢᠶᠠᠪᠠ᠃
ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠠᠴᠠ ᠦᠵᠡᠪᠡᠯ᠂ ᠣᠢ᠌ᠷ᠎ᠠ ᠵᠢᠨ ᠵᠢᠯ᠎ᠳᠤ᠂ ᠥᠪᠥᠷ ᠮᠣᠩᠭᠣᠯ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠲᠠᠰᠤᠷᠠᠯᠲᠠ ᠥᠬᠡᠶ ᠰᠢᠯᠢᠳᠡᠭᠵᠢᠭᠦᠯᠪᠡ᠃ 《ᠮᠥᠩᠬᠡ ᠰᠤᠪᠠᠭ· ᠳᠥᠷᠪᠡ ᠵᠢ ᠭᠦᠢᠴᠡᠳᠬᠡᠬᠦ》 ᠦᠢᠯᠡᠴᠢᠯᠡᠭᠡ ᠵᠢ ᠭᠦᠨᠵᠡᠭᠡᠢ᠌ᠷᠡᠭᠦᠯᠵᠦ᠂ ᠥᠨᠳᠥᠷ ᠳᠠᠪᠲᠠᠮᠵᠢᠲᠤ ᠵᠦᠢᠯᠡᠰ᠎ᠢ 《ᠨᠢᠭᠡ ᠯᠡ ᠤᠳᠠᠭ᠎ᠠ᠎ᠳᠤ ᠭᠦᠢᠴᠡᠳᠬᠡᠬᠦ》᠂ 《ᠠᠯᠠᠭ᠋ᠠᠨ ᠳᠡᠭᠡᠷ᠎ᠡ᠎ᠪᠠᠨ ᠭᠦᠢᠴᠡᠳᠬᠡᠬᠦ》᠂ 《ᠮᠤᠵᠢ ᠠᠯᠤᠰᠯᠠᠨ ᠨᠡᠢ᠌ᠳᠡᠮ ᠭᠦᠢᠴᠡᠳᠬᠡᠬᠦ》 ᠵᠢ ᠪᠡᠶᠡᠯᠡᠭᠦᠯᠵᠦ᠂ 12345 ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠬᠠᠯᠠᠮᠰᠢᠯ ᠤᠲᠠᠰᠤ ᠵᠢ 《ᠨᠢᠭᠡ ᠤᠳᠠᠰᠤ᠎ᠪᠠᠷ ᠨᠡᠪᠲᠡᠷᠡᠭᠦᠯᠬᠦ》 ᠵᠢ ᠠᠬᠢᠭᠤᠯᠪᠠ᠃ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠪᠥᠬᠥ ᠠᠮᠢ ᠨᠠᠰᠤᠨ᠎ᠤ ᠦᠶᠡᠯᠡᠯ᠎ᠤᠨ ᠬᠤᠭᠤᠴᠠᠭ᠎ᠠ ᠵᠢ ᠳᠡᠭᠡᠭᠰᠢᠯᠡᠭᠦᠯᠬᠦ ᠵᠢᠨ ᠲᠣᠭᠣᠷᠢᠨ᠎ᠳᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠢ ᠳᠡᠭᠡᠭᠰᠢᠯᠡᠭᠦᠯᠵᠦ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠦᠢᠯᠡᠴᠢᠯᠡᠭᠡᠨ᠎ᠤ ᠪᠥᠬᠥ ᠵᠦᠢᠯᠡᠰ᠂ ᠪᠥᠬᠥ ᠴᠤᠪᠤᠷᠠᠯ᠎ᠢ ᠰᠦᠯᠵᠢᠶ᠎ᠡ᠎ᠪᠠᠷ ᠭᠦᠢᠴᠡᠳᠬᠡᠬᠦ ᠵᠢ ᠲᠦᠷᠭᠡᠳᠬᠡᠨ ᠪᠡᠶᠡᠯᠡᠭᠦᠯᠵᠦ᠂ ᠠᠵᠤ ᠠᠬᠤᠢ᠌ᠯᠠᠯ ᠪᠠ ᠣᠯᠠᠨ ᠲᠦᠮᠡᠨ᠎ᠤ ᠨᠢᠭᠡ ᠯᠡ ᠤᠳᠠᠭ᠎ᠠ ᠭᠦᠶᠦᠬᠦ ᠵᠢ ᠦᠨᠡᠨ ᠬᠦ᠌ ᠪᠠᠲᠤᠯᠠᠪᠠ; ᠲᠥᠷᠥ ᠵᠢᠨ ᠪᠣᠳᠣᠯᠭ᠎ᠠ ᠵᠢᠨ ᠳᠠᠪᠠᠭᠤᠯᠢᠭ᠎ᠠᠴᠠ ᠦᠵᠡᠪᠡᠯ᠂ ᠥᠪᠥᠷ ᠮᠣᠩᠭᠣᠯ ᠪᠣᠯ ᠤᠯᠤᠰ᠎ᠤᠨ ᠪᠠᠷᠠᠭᠤᠨ ᠣᠷᠣᠨ᠎ᠢ ᠶᠡᠬᠡ᠎ᠪᠠᠷ ᠨᠡᠭᠡᠭᠡᠨ ᠬᠥᠭᠵᠢᠭᠦᠯᠬᠦ᠂ ᠵᠡᠭᠦᠨ ᠬᠣᠢ᠌ᠲᠤ ᠣᠷᠣᠨ᠎ᠢ ᠬᠥᠭᠵᠢᠭᠦᠯᠦᠨ ᠮᠠᠨᠳᠤᠭᠤᠯᠬᠤ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠶ ᠬᠥᠭᠵᠢᠯᠲᠡ ᠵᠡᠷᠭᠡ ᠭᠤᠷᠪᠠᠨ ᠶᠡᠬᠡ ᠣᠷᠣᠨ ᠪᠦᠰᠡ ᠵᠢᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠵᠡᠷᠭᠡ᠎ᠪᠠᠷ ᠭᠥᠷᠳᠡᠭᠰᠡᠨ ᠪᠥᠬᠥ ᠤᠯᠤᠰ᠎ᠤᠨ ᠴᠣᠷ᠎ᠤᠨ ᠭᠠᠭᠴᠠ ᠮᠤᠵᠢ ᠣᠷᠣᠨ ᠮᠥᠨ᠂ ᠡᠯ᠎ᠡ ᠵᠦᠢᠯ᠎ᠤᠨ ᠲᠥᠷᠥ ᠵᠢᠨ ᠪᠣᠳᠣᠯᠭ᠎ᠠ ᠵᠢᠨ ᠳᠠᠪᠬᠤᠴᠠᠭᠰᠠᠨ ᠳᠠᠪᠠᠭᠤᠯᠢᠭ ᠢᠯᠡᠳᠲᠡ ᠪᠠᠢ᠌ᠨ᠎ᠠ᠃ ᠤᠯᠤᠰ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠦᠷᠲᠡᠬᠦ ᠵᠢᠨ ᠬᠠᠮᠲᠤ᠂ ᠥᠪᠥᠷ ᠮᠣᠩᠭᠣᠯ ᠤᠷᠢᠳ ᠬᠣᠵᠢᠳ ᠲᠣᠭᠲᠠᠭᠤᠨ᠎ᠤ ᠳᠤᠮᠳᠠ ᠤᠷᠤᠭᠰᠢᠯᠠᠨ ᠳᠡᠪᠰᠢᠵᠦ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ᠂ ᠦᠢᠯᠡᠴᠢᠯᠡᠭᠡᠨ᠎ᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠂ ᠠᠵᠤ ᠠᠬᠤᠶ ᠵᠢ ᠲᠣᠭᠲᠠᠪᠤᠷᠢᠵᠢᠭᠤᠯᠬᠤ 36 ᠵᠦᠢ᠍ᠯ᠂ ᠰᠦ ᠵᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ 9 ᠵᠦᠢ᠍ᠯ ᠵᠡᠷᠭᠡ ᠠᠯᠢ ᠣᠯᠠᠨ ᠲᠥᠷᠥ ᠵᠢᠨ ᠪᠣᠳᠣᠯᠭ᠎ᠠ ᠵᠢ ᠨᠡᠢ᠌ᠲᠡᠯᠡᠪᠡ᠃
《ᠲᠠᠷᠠᠭ᠋ᠠᠴᠢ ᠵᠢᠨ ᠠᠯᠬᠤᠮ᠎ᠳᠤ᠂ ᠪᠢᠳᠡ ᠲᠡᠷᠢᠭᠦᠨ᠎ᠤ ᠦᠢᠯᠡᠳᠬᠦ ᠦᠢᠯᠡᠰ᠂ ᠲᠤᠰᠬᠠᠢ᠌ᠵᠢᠭᠰᠠᠨ ᠨᠠᠷᠢᠯᠢᠭ ᠣᠨᠴᠠᠭ᠋ᠠᠶ ᠰᠢᠨ᠎ᠡ᠂ ᠣᠲᠣ ᠦᠶ᠎ᠡ ᠵᠢᠨ ᠲᠠᠷᠢᠶᠠᠯᠠᠩ᠂ ᠣᠲᠣ ᠦᠶ᠎ᠡ ᠵᠢᠨ ᠦᠢᠯᠡᠴᠢᠯᠡᠭᠡᠨ᠎ᠤ ᠦᠢᠯᠡᠰ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠂ 500 ᠬᠦᠴᠦᠷᠬᠡᠭ ᠠᠵᠤ ᠠᠬᠤᠢ᠌ᠯᠠᠯ ᠵᠡᠷᠭᠡ ᠵᠢᠨ ᠬᠤᠳᠠᠯᠳᠤᠭ᠋ᠠᠴᠢᠨ ᠤᠷᠢᠵᠤ ᠪᠠᠯᠠ ᠲᠠᠲᠠᠬᠤ ᠡᠷᠴᠢᠮ᠎ᠢ ᠴᠢᠩᠭ᠋ᠠᠷᠠᠭᠤᠯᠵᠤ᠂ ᠤᠷᠢᠵᠤ ᠲᠠᠲᠠᠬᠤ ᠵᠦᠢᠯᠡᠰ᠎ᠤᠨ ᠶᠠᠰᠤ ᠴᠢᠨᠠᠷ ᠪᠠ ᠦᠷ᠎ᠡ ᠠᠰᠢᠭ᠎ᠢ ᠬᠦᠴᠦᠯᠡᠨ ᠳᠡᠭᠡᠭᠰᠢᠯᠡᠭᠦᠯᠦᠨ᠎ᠡ᠃ ᠪᠦᠬᠦ ᠣᠷᠤᠨ᠎ᠳᠤ ᠬᠤᠳᠠᠯᠳᠤᠭ᠋ᠠᠴᠢᠨ ᠤᠷᠢᠬᠤ ᠵᠢ ᠶᠡᠬᠡ᠎ᠪᠠᠷ ᠠᠳᠬᠤᠬᠤ᠂ ᠲᠥᠷᠥᠯ ᠵᠦᠢᠯ᠎ᠢ ᠶᠡᠬᠡ᠎ᠪᠠᠷ ᠠᠳᠬᠤᠬᠤ ᠢᠯᠡ ᠲᠣᠳᠣ ᠤᠳᠤᠷᠢᠳᠤᠮᠵᠢ ᠪᠠ ᠬᠤᠳᠠᠯᠳᠤᠭ᠋ᠠᠴᠢᠨ᠎ᠢ ᠬᠦᠨᠳᠦᠳᠬᠡᠨ ᠬᠤᠳᠠᠯᠳᠤᠭ᠋ᠠᠴᠢᠨ᠎ᠢ ᠳᠣᠲᠣᠨᠣᠴᠢᠯᠠᠬᠤ᠂ ᠬᠤᠳᠠᠯᠳᠤᠭ᠋ᠠᠴᠢᠨ᠎ᠢ ᠠᠮᠤᠷᠵᠢᠭᠤᠯᠤᠨ ᠬᠤᠳᠠᠯᠳᠤᠭ᠋ᠠᠴᠢᠨ᠎ᠳᠤ ᠲᠥᠬᠥᠮ ᠦᠵᠡᠭᠦᠯᠬᠦ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠥᠪᠥᠷ ᠮᠣᠩᠭᠣᠯ᠎ᠤᠨ ᠴᠢᠨᠠᠷ ᠰᠠᠢ᠌ᠲᠠᠶ ᠬᠥᠭᠵᠢᠯᠲᠡ ᠵᠢ ᠲᠦᠷᠭᠡᠳᠬᠡᠬᠦ᠂ ᠣᠷᠣᠨ ᠪᠠᠢ᠌ᠷᠢ᠎ᠪᠠᠨ ᠲᠡᠪᠰᠢᠨ ᠳᠠᠪᠠᠵᠤ ᠭᠠᠷᠬᠤ ᠵᠢ ᠲᠦᠷᠭᠡᠳᠬᠡᠬᠦ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠨ᠎ᠠ》 ᠭᠡᠵᠦ ᠯᠢ ᠵᠢᠶᠦ᠋ᠨ ᠬᠡᠯᠡᠪᠡ᠃