ᠪᠥᠬᠥ ᠣᠷᠣᠨ᠎ᠤ ᠬᠤᠳᠠᠯᠳᠤᠭ᠋ᠠᠴᠢᠨ ᠤᠷᠢᠵᠤ ᠪᠠᠯᠠ ᠲᠠᠲᠠᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯᠲᠠᠨ᠎ᠢ ᠦᠨᠡᠨ ᠬᠦ᠌ 《ᠥᠪᠡᠷ᠎ᠤᠨ ᠬᠥᠮᠦᠨ》 ᠪᠣᠯᠭ᠋ᠠᠵᠤ᠂ ᠠᠵᠤ ᠠᠬᠤᠢ᠌ᠯᠠᠯ᠎ᠤᠨ ᠶᠠᠪᠤᠳᠠᠯ᠎ᠢ 《ᠥᠪᠡᠷ᠎ᠤᠨ ᠶᠠᠪᠤᠳᠠᠯ》 ᠪᠣᠯᠭ᠋ᠠᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠲᠠᠰᠤᠷᠠᠯᠲᠠ ᠥᠬᠡᠶ ᠰᠢᠯᠢᠳᠡᠭᠵᠢᠭᠦᠯᠬᠦ ᠵᠢᠨ ᠲᠥᠯᠥᠭᠡ᠂ 2 ᠳ᠋ᠤᠭ᠋ᠠᠷ ᠰᠠᠷ᠎ᠠ ᠵᠢᠨ 15᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ᠂ ᠥᠪᠥᠷ ᠮᠣᠩᠭᠣᠯ᠎ᠤᠨ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠪᠦᠯᠦᠭᠯᠡᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠥᠪᠥᠷ ᠮᠣᠩᠭᠣᠯ᠎ᠤᠨ ᠵᠦᠨ ᠰᠢᠩ ᠬᠦᠨᠳᠦ ᠠᠴᠢᠶᠠᠨ᠎ᠤ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠰᠠᠯᠬᠢᠨ᠎ᠤ ᠬᠦᠴᠦ᠎ᠪᠠᠷ ᠴᠠᠬᠢᠯᠭ᠋ᠠᠨ ᠡᠭᠦᠰᠬᠡᠬᠦ ᠲᠣᠨᠣᠭ ᠲᠥᠬᠥᠭᠡᠷᠦᠮᠵᠢ ᠦᠢᠯᠡᠳᠬᠦ ᠠᠵᠤ ᠠᠬᠤᠢ᠌ᠯᠠᠯ᠎ᠳᠤ ᠭᠦᠨᠵᠡᠭᠡᠢ᠌ᠷᠡᠵᠦ᠂ ᠲᠣᠮᠤ ᠵᠦᠢ᠍ᠯ᠎ᠤᠨ ᠲᠡᠭᠡᠭᠡᠪᠦᠷᠢ ᠵᠢᠨ ᠳᠤᠮᠳᠠᠬᠢ 《ᠲᠦᠭᠵᠢᠷᠡᠯ》 《ᠬᠦᠴᠢᠷᠳᠡᠯ》᠎ᠤᠨ ᠠᠰᠠᠭᠤᠳᠠᠯ᠎ᠢ ᠰᠤᠳᠤᠯᠤᠨ ᠰᠢᠢᠳᠪᠦᠷᠢᠯᠡᠪᠡ᠃
ᠰᠠᠯᠬᠢᠨ᠎ᠤ ᠬᠦᠴᠦ᠎ᠪᠠᠷ ᠴᠠᠬᠢᠯᠭ᠋ᠠᠨ ᠡᠭᠦᠰᠬᠡᠬᠦ ᠲᠣᠨᠣᠭ ᠲᠥᠬᠥᠭᠡᠷᠦᠮᠵᠢ ᠦᠢᠯᠡᠳᠬᠦ ᠠᠵᠤ ᠠᠬᠤᠢ᠌ᠯᠠᠯ᠎ᠠᠴᠠ ᠴᠢᠩ ᠱᠦᠶ ᠾᠧᠤᠨ ᠰᠠᠯᠬᠢᠨ᠎ᠤ ᠬᠦᠴᠦ᠎ᠪᠠᠷ ᠴᠠᠬᠢᠯᠭ᠋ᠠᠨ ᠡᠭᠦᠰᠬᠡᠬᠦ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠠᠬᠢᠴᠠ ᠵᠢᠨ ᠪᠠᠢ᠌ᠳᠠᠯ᠂ ᠰᠠᠯᠬᠢᠨ᠎ᠤ ᠬᠦᠴᠦ᠎ᠪᠠᠷ ᠴᠠᠬᠢᠯᠭ᠋ᠠᠨ ᠡᠭᠦᠰᠬᠡᠬᠦ ᠰᠤᠪᠤᠷᠭ᠋ᠠᠨ ᠲᠦᠩᠰᠡ ᠵᠢᠨ ᠲᠥᠬᠥᠭᠡᠷᠦᠮᠵᠢ ᠵᠢᠨ ᠲᠡᠭᠡᠭᠡᠪᠦᠷᠢ ᠨᠡᠪᠲᠡᠷᠡᠬᠦ ᠵᠠᠮ ᠱᠤᠭᠤᠮ ᠵᠢᠴᠢ ᠭᠣᠤᠯ ᠪᠣᠯᠬᠤ ᠲᠡᠭᠡᠭᠡᠪᠦᠷᠢ ᠵᠢᠨ ᠦᠶᠡᠯᠡᠯ᠎ᠤᠨ ᠬᠤᠭᠤᠴᠠᠭ᠎ᠠ ᠵᠢ ᠲᠠᠨᠢᠯᠴᠠᠭᠤᠯᠤᠭᠰᠠᠨᠤ ᠬᠠᠮᠲᠤ᠂ ᠬᠣᠶᠠᠷ ᠵᠦᠢᠯ᠎ᠤᠨ ᠭᠣᠤᠯᠳᠠᠯᠭ᠎ᠠ᠎ᠲᠠᠢ ᠠᠩᠬᠠᠷᠤᠨ ᠵᠣᠬᠢᠴᠠᠭᠤᠯᠬᠤ ᠴᠢᠬᠤᠯᠠᠲᠠᠶ 《ᠲᠦᠭᠵᠢᠷᠡᠯ》 《ᠬᠦᠴᠢᠷᠳᠡᠯ》᠎ᠤᠨ ᠠᠰᠠᠭᠤᠳᠠᠯ᠎ᠢ ᠳᠤᠷᠠᠳᠤᠨ ᠭᠠᠷᠭ᠋ᠠᠵᠤ᠂ ᠨᠢᠭᠡ᠎ᠳᠤ᠂ S24 ᠵᠡᠭᠦᠨᠭ᠋ᠠᠷ᠎ᠠᠴᠠ ᠰᠢᠩ ᠾᠧ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠴᠢᠩ ᠱᠦᠶ ᠾᠧ ᠰᠦᠢᠳᠬᠡᠯ ᠬᠤᠷᠢᠶᠠᠬᠤ ᠥᠷᠲᠡᠭᠡ ᠵᠢᠨ ᠡᠶᠡᠷᠭᠦ ᠴᠢᠭᠯᠡᠯ᠎ᠤᠨ ᠲᠡᠷᠭᠡᠨ ᠵᠠᠮ ᠳᠡᠭᠡᠷ᠎ᠡ ᠰᠤᠪᠤᠷᠭ᠋ᠠᠨ ᠲᠦᠩᠰᠡ᠎ᠨᠢ ᠬᠡᠲᠦ ᠥᠷᠭᠡᠨ ᠪᠠᠢ᠌ᠵᠤ᠂ ᠲᠡᠷᠭᠡᠨ ᠵᠠᠮ᠎ᠢ ᠥᠭᠡᠷᠡᠴᠢᠯᠡᠨ ᠵᠠᠰᠠᠬᠤ ᠴᠢᠬᠤᠯᠠᠲᠠᠶ ᠪᠠᠢ᠌ᠨ᠎ᠠ; ᠬᠣᠶᠠᠷ᠎ᠲᠤ᠂ ᠱ᠌ᠢ ᠴᠢ ᠭ᠋ᠸᠦ ᠰᠦᠢᠳᠬᠡᠯ ᠬᠤᠷᠢᠶᠠᠬᠤ ᠥᠷᠲᠡᠭᠡ ᠵᠢᠨ ᠡᠶᠡᠷᠭᠦ ᠴᠢᠭᠯᠡᠯ᠎ᠤᠨ ᠲᠡᠷᠭᠡᠨ ᠵᠠᠮ ᠳᠡᠭᠡᠷ᠎ᠡ ᠳᠠᠯᠪᠢ ᠵᠢᠨ ᠰᠡᠭᠦᠯ᠎ᠨᠢ ᠠᠷᠤ ᠲᠠᠯ᠎ᠠ ᠵᠢᠨ ᠠᠭᠤᠯᠠᠨ ᠪᠡᠯ᠎ᠤᠨ ᠬᠠᠮᠠᠭ᠋ᠠᠯᠠᠯᠲᠠ ᠵᠢ ᠱᠦᠭᠦᠷᠳᠡᠵᠦ᠂ ᠲᠥᠬᠦᠭᠡᠷᠦᠮᠵᠢ ᠵᠢᠨ ᠲᠡᠷᠭᠡ ᠬᠦᠰᠬᠡ ᠥᠩᠭᠡᠷᠡᠬᠦ᠎ᠳᠤ ᠳᠡᠭᠡᠳᠦ ᠬᠤᠷᠳᠤ ᠵᠢᠨ ᠵᠠᠰᠠᠮᠠᠯ ᠵᠠᠮ᠎ᠠᠴᠠ ᠵᠣᠬᠢᠴᠠᠭᠤᠯᠤᠨ ᠪᠠᠭᠤᠬᠤ ᠴᠢᠬᠤᠯᠠᠲᠠᠢ᠃
ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ᠂ ᠨᠡᠪᠲᠡᠷᠡᠬᠦ ᠵᠠᠮ᠎ᠤᠨ ᠬᠡᠰᠡᠭ᠎ᠤᠨ ᠡᠵᠡᠩᠨᠡᠯᠲᠡ ᠵᠢᠨ ᠰᠠᠯᠠᠭ᠎ᠠ ᠮᠥᠴᠢᠷ᠎ᠨᠢ ᠠᠵᠤ ᠠᠬᠤᠢ᠌ᠯᠠᠯ᠎ᠤᠨ ᠳᠤᠷᠠᠳᠤᠭᠰᠠᠨ ᠲᠡᠭᠡᠭᠡᠪᠦᠷᠢ ᠵᠢᠨ ᠶᠠᠪᠤᠴᠠ᠎ᠳᠠᠬᠢ ᠰᠦᠢᠳᠬᠡᠯ ᠬᠤᠷᠢᠶᠠᠬᠤ ᠥᠷᠲᠡᠭᠡ ᠵᠢᠨ ᠲᠡᠷᠭᠡᠨ ᠵᠠᠮ᠎ᠢ ᠥᠭᠡᠷᠡᠴᠢᠯᠡᠬᠦ ᠵᠡᠷᠭᠡ ᠠᠰᠠᠭᠤᠳᠠᠯ᠎ᠳᠤ ᠴᠢᠭᠯᠡᠭᠦᠯᠦᠨ᠂ ᠲᠣᠮᠣ ᠵᠦᠢᠯ᠎ᠤᠨ ᠲᠡᠭᠡᠭᠡᠪᠦᠷᠢ ᠵᠢᠨ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠡᠷᠭᠡ ᠪᠠᠢ᠌ᠳᠠᠯ᠎ᠤᠨ ᠲᠣᠭᠣᠷᠢᠨ᠎ᠳᠤ᠂ ᠲᠤᠬᠠᠶ ᠵᠢᠨ ᠲᠠᠯᠠᠪᠠᠶ᠎ᠳᠤ ᠰᠢᠢᠳᠪᠦᠷᠢᠯᠡᠬᠦ ᠲᠥᠰᠦᠯ᠎ᠢ ᠲᠣᠳᠣᠷᠬᠠᠢ᠌ᠯᠠᠪᠠ᠃ ᠡᠭᠦᠨ᠎ᠤ ᠬᠠᠮᠲᠤ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ᠎ᠤᠨ᠎ᠬᠢᠨ ᠦᠵᠡᠯ ᠰᠠᠨᠠᠭ᠎ᠠ᠎ᠪᠠᠨ ᠨᠢᠭᠡᠳᠬᠡᠨ᠂ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠵᠤ᠂ ᠠᠷᠭ᠎ᠠ ᠬᠡᠮᠵᠢᠶ᠎ᠡ᠎ᠪᠠᠨ ᠲᠡᠭᠦᠯᠳᠡᠷᠵᠢᠭᠦᠯᠦᠨ᠂ ᠳᠤᠲᠠᠭᠤᠳᠠᠯ ᠵᠶ᠋ᠠᠨ ᠨᠥᠬᠥᠪᠥᠷᠢᠯᠡᠵᠦ᠂ ᠠᠵᠤ ᠠᠬᠤᠢ᠌ᠯᠠᠯ᠎ᠳᠤ ᠳᠤᠷᠠᠳᠤᠭᠰᠠᠨ ᠵᠦᠶ ᠵᠣᠬᠢᠰᠲᠠᠶ ᠱᠠᠭ᠋ᠠᠷᠳᠠᠯᠭ᠎ᠠ᠂ ᠲᠤᠯᠭ᠋ᠠᠷᠠᠭᠰᠠᠨ ᠬᠦᠴᠢᠷ ᠠᠰᠠᠭᠤᠳᠠᠯ᠎ᠢ ᠴᠢᠳᠠᠬᠤ ᠵᠢᠨ ᠬᠢᠷᠢ᠎ᠪᠠᠷ ᠴᠢᠷᠮᠠᠢ᠌ᠨ ᠰᠢᠢᠳᠪᠦᠷᠢᠯᠡᠵᠦ ᠥᠭᠬᠦ ᠬᠡᠷᠡᠭᠲᠡᠶ; ᠵᠠᠰᠠᠭ ᠠᠵᠤ ᠠᠬᠤᠢ᠌ᠯᠠᠯ᠎ᠤᠨ ᠰᠠᠢ᠌ᠨ ᠰᠠᠢ᠌ᠬᠠᠨ ᠣᠯᠣᠯᠴᠠᠭ᠎ᠠ ᠵᠢᠨ ᠠᠷᠭ᠎ᠠ ᠵᠠᠮ᠎ᠢ ᠰᠠᠢ᠌ᠲᠤᠷ ᠪᠠᠢ᠌ᠭᠤᠯᠵᠤ᠂ ᠦᠢᠯᠡᠴᠢᠯᠡᠭᠡᠨ᠎ᠤ ᠠᠷᠭ᠎ᠠ ᠪᠠᠷᠢᠯ᠎ᠤᠨ ᠰᠢᠨ᠎ᠡ ᠵᠢ ᠡᠭᠦᠳᠴᠦ᠂ ᠲᠣᠮᠣ ᠵᠦᠢᠯ᠎ᠤᠨ ᠲᠡᠭᠡᠭᠡᠪᠦᠷᠢ ᠵᠢᠨ ᠦᠢᠯᠡᠴᠢᠯᠡᠭᠡᠨ᠎ᠤ ᠪᠠᠷᠢᠮᠵᠢᠶᠠᠵᠢᠯᠲᠠ᠂ ᠵᠢᠷᠤᠮᠵᠢᠯᠲᠠ᠂ ᠳᠥᠭᠥᠮᠵᠢᠯᠲᠡ ᠵᠢᠨ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠵᠦ᠂ ᠠᠵᠤ ᠠᠬᠤᠢ᠌ᠯᠠᠯ᠎ᠳᠤ ᠦᠨᠡᠨ ᠬᠦ᠌ ᠳᠥᠭᠥᠮ ᠳᠥᠲᠡ ᠲᠥᠷᠥᠭᠳᠡᠯ ᠥᠭᠬᠦ ᠬᠡᠷᠡᠭᠲᠡᠶ ᠭᠡᠵᠦ ᠢᠯᠡᠳᠬᠡᠪᠡ᠃
ᠪᠦᠷᠢᠳᠬᠡᠯ᠎ᠢ ᠦᠨᠳᠦᠰᠦᠯᠡᠪᠡᠯ᠂ 2022 ᠣᠨ᠎ᠳᠤ ᠮᠠᠨ᠎ᠤ ᠣᠷᠣᠨ ᠨᠡᠢ᠌ᠲᠡ 17.1 ᠲᠦᠮᠡ ᠭᠠᠷᠤᠶ ᠲᠣᠮᠣ ᠵᠦᠢ᠍ᠯ᠎ᠤᠨ ᠲᠡᠭᠡᠭᠡᠪᠦᠷᠢ ᠵᠢᠨ ᠵᠥᠪᠰᠢᠶᠡᠷᠡᠯ᠎ᠢ ᠭᠦᠢᠴᠡᠳᠬᠡᠵᠦ᠂ 《ᠰᠠᠢ᠌ᠨ ᠮᠠᠭᠤ ᠦᠨᠡᠯᠡᠯᠲᠡ》 ᠵᠢᠨ ᠬᠠᠨᠤᠮᠵᠢ ᠵᠢᠨ ᠬᠡᠮᠵᠢᠶ᠎ᠡ᠎ᠨᠢ 100% ᠪᠠᠢ᠌ᠵᠤ᠂ ᠵᠥᠪᠰᠢᠶᠡᠷᠡᠯ᠎ᠤᠨ ᠴᠠᠭ᠎ᠤᠨ ᠬᠢᠵᠠᠭ᠋ᠠᠷ᠎ᠢ ᠤᠯᠠᠮ ᠨᠢᠭᠡ ᠠᠯᠬᠤᠮ ᠪᠣᠭᠣᠨᠢᠰᠬᠠᠵᠤ᠂ 《ᠵᠥᠪᠰᠢᠶᠡᠷᠡᠯ᠎ᠤᠨ ᠲᠣᠭ᠎ᠠ ᠬᠡᠮᠵᠢᠶ᠎ᠡ᠂ ᠵᠥᠪᠰᠢᠶᠡᠷᠡᠯ᠎ᠤᠨ ᠦᠷ᠎ᠡ ᠪᠦᠲᠦᠮᠵᠢ᠂ ᠵᠥᠪᠰᠢᠶᠡᠷᠡᠯ᠎ᠤᠨ ᠬᠠᠨᠤᠮᠵᠢ ᠵᠢᠨ ᠬᠡᠮᠵᠢᠶ᠎ᠡ》 ᠭᠤᠷᠪᠠ ᠵᠢ ᠳᠡᠭᠡᠭᠰᠢᠯᠡᠭᠦᠯᠬᠦ ᠵᠢ ᠪᠡᠶᠡᠯᠡᠭᠦᠯᠵᠦ᠂ ᠮᠠᠨ᠎ᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ᠎ᠤ ᠣᠷᠣᠨ᠎ᠤ ᠭᠣᠤᠯᠳᠠᠯᠭ᠎ᠠ᠎ᠲᠠᠢ ᠲᠣᠮᠣ ᠵᠦᠢ᠍ᠯ᠎ᠤᠨ ᠲᠥᠬᠥᠭᠡᠷᠦᠮᠵᠢ ᠵᠢᠨ 《ᠭᠠᠷᠴᠤ ᠶᠠᠪᠤᠵᠤ ᠳᠡᠢ᠌ᠯᠬᠦ᠂ ᠣᠷᠣᠵᠤ ᠢᠷᠡᠵᠦ ᠳᠡᠢ᠌ᠯᠬᠦ》 ᠵᠢ ᠦᠨᠡᠨ ᠬᠦ᠌ ᠪᠠᠲᠤᠯᠠᠪᠠ᠃
ᠲᠠᠷᠠᠭ᠋ᠠᠴᠢ ᠵᠢᠨ ᠠᠯᠬᠤᠮ᠎ᠳᠤ᠂ ᠶᠡᠷᠦᠩᠬᠡᠶ ᠠᠩᠭᠢ ᠦᠷᠭᠦᠯᠵᠢᠯᠡᠨ ᠪᠥᠬᠥ ᠣᠷᠣᠨ᠎ᠤ ᠬᠤᠳᠠᠯᠳᠤᠭ᠋ᠠᠴᠢᠨ ᠤᠷᠢᠵᠤ ᠪᠠᠯᠠ ᠲᠠᠲᠠᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠶᠡᠬᠡ ᠬᠤᠷᠠᠯ᠎ᠤᠨ ᠵᠣᠷᠢᠭ ᠰᠠᠨᠠᠭ᠎ᠠ᠎ᠲᠠᠢ ᠬᠠᠷᠢᠴᠠᠭᠤᠯᠵᠤ᠂ ᠲᠣᠮᠣ ᠵᠦᠢ᠍ᠯ᠎ᠤᠨ ᠲᠡᠭᠡᠭᠡᠪᠦᠷᠢ ᠵᠢᠨ ᠠᠵᠢᠯ ᠲᠥᠷᠥᠯ᠎ᠤᠨ ᠲᠣᠪᠣᠢ᠌ᠮ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠥᠪᠰᠢᠶᠡᠷᠡᠯ᠎ᠤᠨ ᠦᠢᠯᠡᠴᠢᠯᠡᠭᠡᠨ᠎ᠤ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠲᠡᠭᠡᠭᠡᠪᠦᠷᠢ ᠵᠢᠨ ᠠᠵᠤ ᠠᠬᠤᠢ᠌ᠯᠠᠯ᠎ᠲᠠᠢ ᠣᠷᠳᠣ ᠬᠤᠭᠤᠴᠠᠭ᠋ᠠᠨ᠎ᠤ ᠪᠦᠲᠦᠮᠵᠢᠲᠡᠶ ᠨᠡᠪᠲᠡᠷᠡᠯᠴᠡᠬᠦ ᠲᠣᠭᠲᠠᠴᠠ ᠵᠢ ᠪᠠᠢ᠌ᠭᠤᠯᠵᠤ᠂ ᠦᠢᠯᠡᠴᠢᠯᠡᠭᠡᠨ᠎ᠤ ᠠᠷᠭ᠎ᠠ ᠪᠠᠷᠢᠯ᠎ᠤᠨ ᠰᠢᠨ᠎ᠡ ᠵᠢ ᠡᠭᠦᠳᠴᠦ᠂ ᠦᠢᠯᠡᠴᠢᠯᠡᠭᠡᠨ᠎ᠤ ᠴᠢᠳᠠᠪᠤᠷᠢ᠎ᠪᠠᠨ ᠳᠡᠭᠡᠭᠰᠢᠯᠡᠭᠦᠯᠵᠦ᠂ ᠲᠣᠮᠣ ᠵᠦᠢ᠍ᠯ᠎ᠤᠨ ᠲᠡᠭᠡᠭᠡᠪᠦᠷᠢ ᠵᠢᠨ ᠵᠥᠪᠰᠢᠶᠡᠷᠡᠯ᠎ᠤᠨ ᠦᠢᠯᠡᠴᠢᠯᠡᠭᠡ ᠵᠢ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠬᠦᠴᠦᠲᠡᠶ ᠭᠠᠷᠳᠠᠴᠠ ᠪᠣᠯᠭ᠋ᠠᠵᠤ᠂ ᠲᠣᠮᠣ ᠵᠦᠢ᠍ᠯ᠎ᠤᠨ ᠲᠡᠭᠡᠭᠡᠪᠦᠷᠢ ᠵᠢᠨ ᠠᠵᠢᠯ ᠲᠥᠷᠥᠯ᠎ᠤᠨ ᠨᠠᠩ ᠥᠨᠳᠥᠷ ᠬᠠᠷᠠᠯᠲᠠ ᠲᠡᠢ᠌ᠰᠢ ᠬᠥᠭᠵᠢᠬᠦ ᠵᠢ ᠠᠬᠢᠭᠤᠯᠤᠨ᠎ᠠ᠃