ᠵᠢᠷᠤᠮᠵᠢᠭᠤᠯᠬᠤ ᠵᠢ ᠠᠳᠬᠤᠵᠤ ᠴᠣᠮᠬᠠᠳᠬᠠᠬᠤ ᠵᠢ ᠴᠢᠬᠤᠯᠠᠴᠢᠯᠠᠨ ᠬᠤᠷᠳᠤᠴᠠ ᠵᠢ ᠳᠡᠭᠡᠭᠰᠢᠯᠡᠭᠦᠯᠦᠨ᠎ᠡ
ᠮᠠᠨ᠎ᠤ ᠣᠷᠣᠨ 《ᠬᠣᠶᠠᠷ᠎ᠢ ᠰᠢᠯᠢᠳᠡᠭᠵᠢᠭᠦᠯᠬᠦ》 ᠠᠵᠢᠯᠯᠠᠭ᠎ᠠ᠎ᠪᠠᠷ 《ᠭᠤᠷᠪᠠᠨ ᠤᠳᠠᠭ᠋ᠠᠨ》 ᠰᠤᠷᠲᠠᠯ᠎ᠢ ᠬᠦᠴᠦᠯᠡᠨ ᠠᠷᠢᠯᠭ᠋ᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《ᠡᠷᠬᠡ ᠲᠤᠰᠢᠶᠠᠯ ᠡᠭᠦᠷᠭᠡ ᠬᠠᠷᠢᠭᠤᠴᠠᠯᠭ᠎ᠠ᠎ᠪᠠᠨ ᠰᠢᠯᠢᠳᠡᠭᠵᠢᠭᠦᠯᠵᠦ᠂ ᠠᠵᠢᠯ᠎ᠤᠨ ᠴᠤᠪᠤᠷᠠᠯ ᠵᠶ᠋ᠠᠨ ᠰᠢᠯᠢᠳᠡᠭᠵᠢᠭᠦᠯᠬᠦ》 ᠲᠤᠰᠬᠠᠶ ᠠᠵᠢᠯᠯᠠᠭ᠎ᠠ ᠵᠢ ᠪᠠᠢ᠌ᠷᠢᠯᠠᠭᠤᠯᠤᠨ ᠥᠷᠨᠢᠭᠦᠯᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠣᠷᠣᠨ ᠲᠣᠭ᠎ᠠ ᠵᠢᠨ ᠠᠯᠪᠠᠨ ᠬᠡᠷ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ ᠲᠦᠷᠦᠭᠦᠯᠡᠨ ᠬᠢᠬᠦ ᠦᠢᠯᠡᠳᠦᠯ ᠵᠶ᠋ᠡᠨ ᠢᠳᠡᠪᠬᠢᠲᠡᠶ ᠪᠠᠳᠠᠷᠠᠭᠤᠯᠵᠤ᠂ ᠡᠯ᠎ᠡ ᠰᠠᠯᠠᠭ᠎ᠠ ᠮᠥᠴᠢᠷ ᠨᠢᠭᠡᠴᠢ ᠵᠢᠨ᠎ᠬᠢᠨ ᠵᠠᠷᠯᠢᠭ᠎ᠢ ᠰᠣᠨᠣᠰᠤᠮᠠᠭᠴᠠ ᠬᠥᠳᠡᠯᠦᠯᠴᠡᠵᠦ᠂ 《ᠭᠤᠷᠪᠠᠨ ᠤᠳᠠᠭ᠋ᠠᠨ》᠎ᠤ ᠠᠰᠠᠭᠤᠳᠠᠯ᠎ᠢ ᠰᠢᠢᠳᠪᠦᠷᠢᠯᠡᠬᠦ᠎ᠳᠤ ᠦᠷᠭᠦᠯᠵᠢᠯᠡᠨ ᠬᠦᠴᠦᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠷᠬᠡ ᠲᠤᠰᠢᠶᠠᠯ᠎ᠤᠨ ᠵᠦᠢᠯᠡᠰ᠎ᠢ ᠲᠠᠯᠪᠢᠵᠤ ᠪᠣᠯᠬᠤ ᠵᠢ᠎ᠨᠢ ᠲᠠᠯᠪᠢᠵᠤ᠂ ᠡᠷᠬᠡ ᠲᠤᠰᠢᠶᠠᠯ᠎ᠤᠨ ᠵᠦᠢᠯᠡᠰ᠎ᠢ ᠦᠯᠡᠳᠡᠭᠡᠬᠦ ᠠᠵᠢᠯ᠎ᠤᠨ ᠴᠤᠪᠤᠷᠠᠯ᠎ᠢ ᠭᠦᠨᠵᠡᠭᠡᠶ ᠰᠢᠯᠢᠳᠡᠭᠵᠢᠭᠦᠯᠵᠦ᠂ ᠭᠣᠭᠴᠣᠭ᠎ᠠ᠂ ᠮᠠᠲ᠋ᠧᠷᠢᠶᠠᠯ᠂ ᠴᠠᠭ᠎ᠤᠨ ᠬᠢᠵᠠᠭ᠋ᠠᠷ᠎ᠢ ᠬᠠᠰᠤᠵᠤ ᠪᠣᠯᠬᠤ ᠵᠢ᠎ᠨᠢ ᠬᠠᠰᠤᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠵᠢ ᠵᠢᠷᠤᠮᠵᠢᠭᠤᠯᠬᠤ᠎ᠪᠠᠷ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠡᠷᠬᠡ ᠵᠢ 《ᠬᠠᠰᠤᠬᠤ ᠠᠷᠭ᠎ᠠ》᠎ᠪᠠᠷ ᠦᠢᠯᠡᠴᠢᠯᠡᠭᠡᠨ᠎ᠤ 《ᠨᠡᠮᠡᠬᠦ ᠠᠷᠭ᠎ᠠ》 ᠪᠣᠯᠭ᠋ᠠᠵᠤ᠂ ᠠᠵᠢᠯ᠎ᠤᠨ 《ᠳᠥᠭᠥᠮ ᠬᠡᠮᠵᠢᠶ᠎ᠡ》᠎ᠪᠠᠷ ᠦᠷ᠎ᠡ ᠪᠦᠲᠦᠮᠵᠢ ᠵᠢᠨ 《 ᠬᠤᠷᠳᠤᠳᠬᠠᠯ》 ᠢ ᠲᠦᠷᠭᠡᠳᠬᠡᠪᠡ᠃
《ᠵᠢᠷᠤᠮᠵᠢᠭᠤᠯᠬᠤ》 ᠵᠢ ᠠᠳᠬᠤᠵᠤ ᠵᠣᠬᠢᠴᠠᠭᠤᠯᠤᠨ ᠬᠠᠮᠵᠢᠯᠴᠠᠬᠤ ᠵᠢ ᠲᠡᠭᠦᠯᠳᠡᠷᠵᠢᠭᠦᠯᠪᠡ
ᠲᠤᠰᠬᠠᠶ ᠠᠵᠢᠯᠯᠠᠭ᠎ᠠ ᠵᠢᠨ ᠳᠤᠮᠳᠠ᠂ ᠡᠯ᠎ᠡ ᠰᠠᠯᠠᠭ᠎ᠠ ᠮᠥᠴᠢᠷ ᠨᠢᠭᠡᠴᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ 《ᠭᠤᠷᠪᠠ ᠵᠢ ᠲᠣᠭᠲᠠᠭ᠋ᠠᠬᠤ》 ᠲᠣᠭᠲᠠᠭ᠋ᠠᠯ ᠵᠡᠷᠭᠡ᠎ᠲᠠᠢ ᠬᠠᠷᠢᠴᠠᠭᠤᠯᠵᠤ᠂ ᠦᠪᠡᠷ ᠵᠶ᠋ᠡᠨ ᠪᠠᠢ᠌ᠴᠠᠭ᠋ᠠᠵᠤ ᠥᠪᠡᠰᠦᠪᠡᠨ ᠵᠠᠯᠠᠷᠠᠭᠤᠯᠬᠤ ᠵᠢ ᠨᠡᠢ᠌ᠳᠡᠮ ᠪᠥᠷᠬᠥᠭᠦᠯᠵᠦ᠂ ᠡᠷᠬᠡ ᠲᠤᠰᠢᠶᠠᠯ᠎ᠤᠨ ᠵᠦᠢᠯᠡᠰ᠎ᠤᠨ 《ᠲᠤᠢ᠌ᠯᠪᠤᠷᠢᠲᠠᠢ ᠪᠠᠢ᠌ᠴᠠᠭ᠋ᠠᠯᠲᠠ》 ᠵᠢ ᠪᠡᠶᠡᠯᠡᠭᠦᠯᠪᠡ᠃ 《ᠭᠤᠷᠪᠠᠨ ᠤᠳᠠᠭ᠋ᠠᠨ》᠎ᠤ ᠠᠰᠠᠭᠤᠳᠠᠯ᠎ᠤᠨ ᠦᠨᠳᠦᠰᠦ ᠰᠤᠷᠪᠤᠯᠵᠢ ᠵᠢ ᠣᠨᠣᠪᠴᠢᠲᠠᠶ ᠡᠷᠢᠵᠦ᠂ ᠡᠷᠬᠡ ᠵᠢ ᠨᠠᠩ ᠰᠠᠢ᠌ᠨ ᠵᠢᠷᠤᠮᠵᠢᠭᠤᠨ ᠬᠡᠷᠡᠭᠯᠡᠬᠦ᠂ ᠬᠠᠷᠢᠭᠤᠴᠠᠯᠭ᠎ᠠ ᠵᠢ ᠪᠥᠬᠥ ᠲᠠᠯ᠎ᠠ᠎ᠪᠠᠷ ᠭᠦᠢᠴᠡᠳᠬᠡᠬᠦ᠎ᠳᠤ ᠰᠠᠢ᠌ᠨ ᠰᠠᠢ᠌ᠬᠠᠨ ᠰᠠᠭᠤᠷᠢ ᠲᠠᠯᠪᠢᠵᠤ ᠥᠭᠪᠡ᠃ ᠡᠭᠦᠷᠭᠡ ᠬᠠᠷᠢᠭᠤᠴᠠᠯᠭ᠎ᠠ ᠵᠢᠨ ᠵᠠᠭ᠋ᠠᠭ ᠬᠢᠵᠠᠭ᠋ᠠᠷ᠎ᠢ ᠲᠣᠳᠣᠷᠬᠠᠢ᠌ᠯᠠᠬᠤ᠂ ᠬᠠᠮᠲᠤᠷᠠᠨ ᠬᠠᠮᠵᠢᠯᠴᠠᠬᠤ ᠲᠣᠭᠲᠠᠴᠠ ᠵᠢ ᠲᠡᠭᠦᠯᠳᠡᠷᠵᠢᠭᠦᠯᠬᠦ᠂ ᠬᠡᠷᠡᠭ ᠵᠥᠪᠯᠡᠵᠦ ᠵᠣᠬᠢᠴᠠᠭᠤᠯᠬᠤ ᠪᠠᠢ᠌ᠭᠤᠯᠤᠮᠵᠢ ᠵᠢᠨ ᠪᠦᠷᠢᠯᠳᠦᠬᠦᠨ ᠨᠢᠭᠡᠴᠢ ᠵᠢᠨ ᠠᠵᠢᠯ᠎ᠤᠨ ᠬᠤᠪᠢᠶᠠᠷᠢᠯᠠᠯ᠎ᠢ ᠰᠢᠯᠢᠳᠡᠭᠵᠢᠭᠦᠯᠬᠦ᠂ ᠵᠠᠭ᠋ᠠᠭ ᠬᠢᠵᠠᠭ᠋ᠠᠷ᠎ᠠᠴᠠ ᠳᠠᠪᠠᠵᠤ ᠡᠷᠬᠡ᠎ᠠᠴᠠ ᠳᠠᠪᠠᠬᠤ᠂ ᠬᠠᠷᠢᠭᠤᠴᠠᠯᠭ᠎ᠠ᠎ᠪᠠᠨ ᠲᠦᠯᠬᠢᠵᠦ ᠡᠷᠬᠡ ᠠᠳᠬᠤᠬᠤ ᠵᠡᠷᠭᠡ ᠠᠰᠠᠭᠤᠳᠠᠯ᠎ᠢ ᠰᠢᠢᠳᠪᠦᠷᠢᠯᠡᠬᠦ ᠵᠢ ᠠᠬᠢᠭᠤᠯᠬᠤ᠎ᠪᠠᠷ ᠳᠠᠮᠵᠢᠭᠤᠯᠤᠨ᠂ ᠰᠠᠯᠠᠭ᠎ᠠ ᠮᠥᠴᠢᠷ᠎ᠤᠳ᠎ᠤᠨ ᠬᠣᠭᠣᠷᠣᠨᠳᠣᠬᠢ ᠡᠷᠬᠡ ᠬᠠᠷᠢᠭᠤᠴᠠᠯᠭ᠎ᠠ ᠵᠢᠨ ᠬᠠᠷᠢᠴᠠᠭ᠎ᠠ ᠵᠢ ᠤᠯᠠᠮ ᠨᠢᠭᠡ ᠠᠯᠬᠤᠮ ᠰᠢᠯᠤᠭᠤᠳᠬᠠᠵᠤ᠂ ᠠᠵᠢᠯ᠎ᠤᠨ ᠨᠡᠢ᠌ᠯᠡᠮᠡᠯ ᠬᠦᠴᠦᠨ᠎ᠢ ᠪᠣᠶ ᠪᠣᠯᠭ᠋ᠠᠨ᠂ 《ᠲᠣᠰ ᠲᠣᠰᠲᠤᠪᠠᠨ ᠲᠣᠭ ᠪᠤᠰᠬᠠᠬᠤ》 ᠵᠢ 《ᠬᠤᠷᠤᠭᠤ᠎ᠪᠠᠨ ᠵᠠᠩᠭᠢᠳᠤᠨ ᠨᠢᠳᠤᠷᠭ᠎ᠠ ᠪᠣᠯᠭ᠋ᠠᠬᠤ》 ᠪᠣᠯᠭ᠋ᠠᠨ ᠬᠤᠪᠢᠷᠠᠭᠤᠯᠪᠠ᠃ 《ᠭᠤᠷᠪᠠ ᠵᠢ ᠲᠣᠭᠲᠠᠭ᠋ᠠᠬᠤ》 ᠲᠣᠭᠲᠠᠭ᠋ᠠᠯ᠎ᠢ ᠨᠠᠷᠢᠯᠢᠬ᠍ᠵᠢᠭᠤᠯᠬᠤ᠎ᠪᠠᠷ ᠳᠠᠮᠵᠢᠭᠤᠯᠤᠨ᠂ ᠪᠠᠢ᠌ᠭᠤᠯᠭ᠎ᠠ ᠵᠢᠨ ᠭᠠᠵᠠᠷ ᠲᠠᠰᠤᠭ᠎ᠤᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠤᠯᠠᠮ ᠨᠢᠭᠡ ᠠᠯᠬᠤᠮ ᠲᠣᠳᠣᠷᠬᠠᠢ᠌ᠯᠠᠵᠤ᠂ ᠳᠣᠲᠣᠭ᠋ᠠᠳᠤ ᠵᠢᠨ ᠠᠵᠢᠯ ᠶᠠᠪᠤᠳᠠᠯ ᠭᠦᠢᠴᠡᠳᠬᠡᠬᠦ ᠴᠣᠪᠤᠷᠠᠯ᠎ᠢ ᠰᠢᠯᠢᠳᠡᠭᠵᠢᠭᠦᠯᠦᠨ᠂ ᠪᠠᠢ᠌ᠭᠤᠯᠭ᠎ᠠ ᠵᠢᠨ ᠳᠣᠲᠣᠭ᠋ᠠᠳᠤ ᠵᠢᠨ ᠬᠠᠮᠢᠶᠠᠷᠤᠯᠲᠠ ᠵᠢ ᠵᠢᠷᠤᠮᠵᠢᠭᠤᠯᠵᠤ᠂ ᠪᠠᠢ᠌ᠭᠤᠯᠭ᠎ᠠ ᠵᠢᠨ ᠥᠨᠳᠥᠷ ᠪᠦᠲᠦᠮᠵᠢᠲᠡᠶ ᠠᠵᠢᠯᠯᠠᠬᠤ ᠵᠢ ᠬᠦᠴᠦᠲᠡᠶ ᠠᠬᠢᠭᠤᠯᠪᠠ᠃ ᠪᠦᠷᠢᠳᠬᠡᠯ᠎ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ ᠠᠵᠢᠯ᠎ᠤᠨ ᠠᠯᠬᠤᠮ ᠳᠠᠷᠠᠭ᠎ᠠ᠎ᠪᠠᠨ 《ᠵᠢᠷᠤᠭ ᠬᠦᠰᠦᠨᠦᠭᠵᠢᠭᠦᠯᠵᠦ》᠂ 13 ᠵᠦᠢ᠍ᠯ᠎ᠤᠨ ᠠᠵᠢᠯ ᠶᠠᠪᠤᠳᠠᠯ ᠭᠦᠢᠴᠡᠳᠬᠡᠬᠦ ᠲᠠᠰ ᠳᠠᠷᠠᠭ᠋ᠠᠯᠠᠯ᠎ᠢ ᠳᠥᠭᠥᠮᠴᠢᠯᠡᠨ᠂ ᠪᠠᠢ᠌ᠭᠤᠯᠭ᠎ᠠ ᠵᠢᠨ ᠵᠢᠷᠤᠮᠵᠢᠯ᠎ᠲᠠᠢ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠂ ᠪᠥᠬᠥ ᠲᠠᠯ᠎ᠠ᠎ᠪᠠᠷ ᠬᠠᠷᠢᠭᠤᠴᠠᠯᠭ᠎ᠠ᠎ᠪᠠᠨ ᠭᠦᠢᠴᠡᠳᠬᠡᠬᠦ ᠵᠢ ᠦᠨᠡᠨ ᠬᠦ᠌ ᠪᠠᠲᠤᠯᠠᠵᠤ᠂ ᠲᠤᠰᠬᠠᠶ ᠠᠵᠢᠯᠯᠠᠭ᠎ᠠ ᠵᠢᠨ ᠦᠷ᠎ᠡ ᠪᠦᠲᠦᠮᠵᠢ ᠵᠢ ᠦᠨᠡᠨ ᠬᠦ᠌ 《ᠭᠤᠷᠪᠠ᠎ᠳᠤ ᠦᠢᠯᠡᠴᠢᠯᠡᠬᠦ》 ᠠᠵᠢᠯ᠎ᠤᠨ 《ᠲᠦᠯᠬᠢᠭᠴᠢ》 ᠪᠣᠯᠭ᠋ᠠᠨ ᠬᠤᠪᠢᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠡᠯ᠎ᠡ ᠵᠦᠢᠯ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠭᠠᠵᠠᠷ ᠲᠠᠰᠤᠭ᠎ᠲᠤ ᠬᠤᠪᠢᠶᠠᠨ ᠥᠭᠴᠦ᠂ ᠠᠵᠢᠯ᠎ᠤᠨ ᠪᠠᠢ᠌ᠷᠢ᠎ᠳᠤ ᠨᠠᠷᠢᠯᠢᠬ᠍ᠵᠢᠭᠤᠯᠤᠨ᠂ ᠠᠵᠢᠯᠲᠠᠨ᠎ᠳᠤ ᠪᠣᠳᠠᠲᠠᠢ᠌ᠵᠢᠭᠤᠯᠵᠤ᠂ 《ᠬᠣᠶᠠᠷ᠎ᠢ ᠰᠢᠯᠢᠳᠡᠭᠵᠢᠭᠦᠯᠬᠦ》 ᠲᠤᠰᠬᠠᠶ ᠠᠵᠢᠯᠯᠠᠭ᠎ᠠ ᠵᠢᠨ ᠦᠷ᠎ᠡ ᠪᠦᠲᠦᠭᠡᠯ᠎ᠢ 30 ᠵᠦᠢᠯ ᠪᠦᠷᠢᠯᠳᠦᠭᠦᠯᠵᠦ᠂ ᠡᠯ᠎ᠡ ᠵᠦᠢᠯ᠎ᠤᠨ ᠠᠵᠢᠯ᠎ᠢ ᠦᠳᠲᠡᠷ ᠲᠦᠷᠭᠡᠨ ᠴᠢᠩᠭ᠋ᠠᠳᠬᠠᠵᠤ᠂ ᠬᠥᠳᠡᠯᠦᠯᠴᠡᠵᠦ᠂ ᠠᠵᠢᠯᠯᠠᠬᠤ ᠵᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠪᠠᠢ᠌ᠴᠠᠭ᠋ᠠᠬᠤ ᠬᠣᠷᠢᠶ᠎ᠠ ᠵᠢᠴᠢ ᠰᠢᠭᠤᠳ ᠬᠠᠷᠢᠶ᠎ᠠ ᠨᠢᠭᠡᠴᠢ 355 ᠵᠦᠢᠯ᠎ᠤᠨ ᠳᠣᠲᠣᠭ᠋ᠠᠳᠤ ᠵᠢᠨ ᠠᠵᠢᠯ᠎ᠤᠨ ᠴᠤᠪᠤᠷᠠᠯ᠎ᠢ ᠰᠢᠯᠤᠭᠤᠳᠬᠠᠵᠤ᠂ ᠪᠥᠬᠥ ᠰᠢᠰᠲ᠋ᠧᠮ᠎ᠤᠨ ᠠᠵᠢᠯᠯᠠᠭ᠋ᠠᠨ᠎ᠤ ᠦᠷ᠎ᠡ ᠪᠦᠲᠦᠮᠵᠢ ᠵᠢ ᠬᠦᠴᠦᠲᠡᠶ ᠳᠡᠭᠡᠭᠰᠢᠯᠡᠭᠦᠯᠪᠡ᠃
ᠴᠣᠮᠬᠠᠳᠬᠠᠬᠤ ᠵᠢ ᠴᠢᠬᠤᠯᠠᠴᠢᠯᠠᠨ ᠲᠥᠷᠥ ᠵᠢᠨ ᠪᠣᠳᠣᠯᠭ᠎ᠠ ᠵᠢᠨ ᠠᠮᠢᠵᠢᠷᠠᠯ᠎ᠤᠨ ᠬᠦᠴᠦᠨ᠎ᠢ ᠪᠠᠳᠠᠷᠠᠭᠤᠯᠪᠠ
ᠡᠯ᠎ᠡ ᠰᠠᠯᠠᠭ᠎ᠠ ᠮᠥᠴᠢᠷ ᠨᠢᠭᠡᠴᠢ ᠵᠢᠨ᠎ᠬᠢᠨ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠵᠢ ᠪᠠᠷᠢᠮᠲᠠᠯᠠᠭᠰᠠᠨ ᠤᠷᠢᠲᠠᠯ ᠳᠣᠣᠷ᠎ᠠ᠂ ᠤᠯᠠᠨ ᠲᠦᠮᠡᠨ᠎ᠤ ᠬᠠᠯᠠᠮᠵᠢᠯᠠᠵᠤ ᠪᠠᠢ᠌ᠭ᠎ᠠ᠂ ᠦᠨᠳᠦᠰᠦᠨ ᠱᠠᠲᠤᠨ᠎ᠤ ᠠᠩᠬᠠᠷᠴᠤ ᠪᠠᠢ᠌ᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠨᠳᠦᠰᠦᠨ ᠱᠠᠲᠤᠨ᠎ᠤ ᠬᠠᠮᠢᠶᠠᠷᠤᠯᠲᠠ᠎ᠳᠤ ᠨᠡᠩ ᠰᠢᠭᠤᠳ᠂ ᠨᠡᠩ ᠪᠦᠲᠦᠮᠵᠢᠲᠡᠢ ᠡᠷᠬᠡ ᠲᠤᠰᠢᠶᠠᠯ᠎ᠤᠨ ᠵᠦᠢ᠍ᠯᠡᠰ᠎ᠢ ᠬᠠᠰᠤᠪᠠᠰᠤ ᠵᠣᠬᠢᠬᠤ ᠵᠢ᠎ᠨᠢ ᠪᠦᠷ ᠬᠠᠰᠤᠵᠤ᠂ ᠲᠠᠯᠪᠢᠪᠠᠰᠤ ᠵᠣᠬᠢᠬᠤ ᠵᠢ᠎ᠨᠢ ᠪᠦᠷ ᠲᠠᠯᠪᠢᠵᠤ᠂ ᠠᠵᠤ ᠠᠬᠤᠢ᠌ᠯᠠᠯ᠂ ᠤᠯᠠᠨ ᠲᠦᠮᠡᠨ᠎ᠳᠤ ᠠᠵᠢᠯ ᠶᠠᠪᠤᠳᠠᠯ ᠭᠦᠢ᠍ᠴᠡᠳᠬᠡᠬᠦ᠎ᠳᠤ ᠨᠡᠩ ᠳᠥᠭᠥᠮ ᠳᠥᠲᠡ᠂ ᠨᠡᠩ ᠲᠠᠭ᠋ᠠᠯᠠᠮᠵᠢᠲᠠᠢ ᠪᠠᠢ᠌ᠬᠤ ᠵᠢ ᠦᠨᠡᠨ ᠬᠦ᠌ ᠮᠡᠳᠡᠷᠡᠭᠦᠯᠪᠡ᠃ ᠲᠥᠷᠥᠯ ᠬᠤᠪᠢᠶᠠᠨ ᠲᠦᠷᠦ ᠵᠢᠨ ᠪᠣᠳᠣᠯᠭ᠎ᠠ ᠬᠡᠷᠡᠭᠵᠢᠭᠦᠯᠬᠦ᠂ ᠣᠨᠣᠪᠴᠢᠲᠠᠶ᠎ᠪᠠᠷ ᠳᠣᠷᠣᠭᠰᠢ ᠪᠠᠭᠤᠯᠭ᠋ᠠᠬᠤ ᠵᠢ ᠪᠠᠷᠢᠮᠲᠠᠯᠠᠬᠤ ᠵᠢᠨ ᠬᠠᠮᠲᠤ᠂ ᠡᠷᠬᠡ ᠵᠢ ᠳᠣᠷᠣᠭᠰᠢ ᠪᠠᠭᠤᠯᠭ᠋ᠠᠭᠰᠠᠨ᠎ᠤ ᠳᠠᠷᠠᠭ᠋ᠠᠬᠢ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠪᠠ ᠮᠡᠷᠭᠡᠵᠢᠯ᠎ᠤᠨ ᠳᠡᠮᠵᠢᠯᠭᠡ᠂ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠭᠤᠯᠤᠯ ᠵᠡᠷᠭᠡ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠮᠦᠷᠳᠡᠨ ᠳᠠᠭ᠋ᠠᠵᠤ᠂ ᠡᠷᠬᠡ ᠵᠢ 《ᠳᠣᠷᠣᠭᠰᠢ ᠪᠠᠭᠤᠯᠭ᠋ᠠᠭ᠋ᠠᠳ ᠬᠠᠮᠢᠶᠠᠷᠬᠤ ᠦᠭᠡᠢ》᠎ᠠᠴᠠ ᠵᠠᠢ᠌ᠯᠠᠰᠬᠢᠵᠦ᠂ ᠦᠨᠳᠦᠰᠦᠨ ᠱᠠᠲᠤᠨ᠎ᠤ ᠭᠥᠯᠢᠶᠡᠨ ᠠᠪᠴᠤ᠂ ᠰᠠᠢ᠌ᠲᠤᠷ ᠬᠡᠷᠡᠭᠯᠡᠬᠦ ᠵᠢ ᠦᠨᠡᠨ ᠬᠦ᠌ ᠪᠠᠲᠤᠯᠠᠬᠤ ᠵᠢᠨ ᠬᠠᠮᠲᠤ᠂ ᠬᠡᠷᠡᠭ᠎ᠤᠨ ᠳᠤᠮᠳᠠ ᠪᠠ ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠂ 《ᠡᠷᠬᠡ ᠵᠢ ᠬᠠᠰᠤᠪᠠᠴᠤ ᠬᠠᠷᠢᠭᠤᠴᠠᠯᠭ᠎ᠠ ᠵᠢ ᠬᠥᠩᠭᠡᠷᠡᠭᠦᠯᠬᠦ ᠥᠬᠡᠶ᠂ ᠡᠷᠬᠡ ᠵᠢ ᠪᠠᠭᠤᠯᠭ᠋ᠠᠪᠠᠴᠤ ᠳᠤᠷ᠎ᠠ᠎ᠪᠠᠷ᠎ᠨᠢ ᠲᠠᠯᠪᠢᠬᠤ ᠥᠬᠡᠶ》 ᠪᠠᠢ᠌ᠬᠤ ᠵᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢ᠌ᠭᠤᠯᠬᠤ ᠬᠡᠯᠲᠡᠰ ᠺᠠᠳ᠋ᠷ᠎ᠤᠨ ᠬᠠᠮᠢᠶᠠᠷᠤᠯᠲᠠ ᠵᠢᠨ ᠡᠷᠬᠡ ᠵᠢᠨ ᠬᠢᠵᠠᠭ᠋ᠠᠷ᠎ᠢ ᠰᠢᠯᠢᠳᠡᠭᠵᠢᠭᠦᠯᠵᠦ᠂ ᠺᠠᠳ᠋ᠷ᠎ᠤᠨ ᠬᠠᠮᠢᠶᠠᠷᠤᠯᠲᠠ ᠵᠢᠨ ᠲᠠᠰ ᠳᠠᠷᠠᠭ᠋ᠠᠯᠠᠯ᠎ᠢ ᠳᠥᠭᠥᠮᠴᠢᠯᠡᠵᠦ᠂ 562 ᠭᠠᠵᠠᠷ᠎ᠤᠨ ᠲᠠᠰ᠎ᠤᠨ ᠤᠳᠤᠷᠢᠳᠬᠤ ᠪᠠᠢ᠌ᠷᠢ ᠵᠢ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ ᠪᠠᠭᠤᠯᠭ᠋ᠠᠬᠤ ᠡᠷᠬᠡ ᠵᠢᠨ ᠬᠢᠵᠠᠭ᠋ᠠᠷ᠎ᠢ ᠠᠢ᠌ᠮᠠᠭ ᠬᠣᠲᠠ ᠪᠠ ᠣᠷᠣᠨ᠎ᠤ ᠰᠢᠭᠤᠳ ᠬᠠᠷᠢᠶ᠎ᠠ ᠨᠢᠭᠡᠴᠢ ᠵᠢᠨ ᠨᠠᠮ᠎ᠤᠨ ᠬᠣᠷᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠳᠤ ᠪᠠᠭᠤᠯᠭ᠋ᠠᠵᠤ᠂ ᠺᠠᠳ᠋ᠷ᠎ᠤᠨ ᠬᠠᠮᠢᠶᠠᠷᠤᠯᠲᠠ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠨᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠳᠣᠷᠬᠠᠶ ᠲᠣᠭᠲᠠᠭ᠋ᠠᠭᠰᠠᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠬᠡᠷᠡᠭᠵᠢᠭᠦᠯᠬᠦ ᠡᠷᠬᠡ᠎ᠠᠴᠠ ᠪᠤᠰᠤᠳ᠎ᠢ᠎ᠨᠢ ᠴᠥᠮ ᠠᠢ᠌ᠮᠠᠭ ᠬᠣᠲᠠ᠎ᠳᠤ ᠪᠠᠭᠤᠯᠭ᠋ᠠᠵᠤ᠂ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠳᠠᠬᠢᠨ 149 ᠵᠦᠢ᠍ᠯ᠎ᠤᠨ ᠡᠯ᠎ᠡ ᠲᠥᠷᠥᠯ᠎ᠤᠨ ᠭᠡᠷᠡᠴᠢ ᠵᠢ ᠬᠦᠴᠦᠨ ᠥᠬᠡᠶ ᠪᠣᠯᠭ᠋ᠠᠵᠤ᠂ ᠠᠵᠤ ᠠᠬᠤᠢ᠌ᠯᠠᠯ ᠣᠯᠠᠨ ᠲᠦᠮᠡᠨ᠎ᠤ ᠠᠵᠢᠯ ᠶᠠᠪᠤᠳᠠᠯ ᠭᠦᠢᠴᠡᠳᠬᠡᠬᠦ᠎ᠳᠤ ᠨᠠᠩ ᠳᠥᠭᠥᠮ ᠳᠥᠲᠡ ᠪᠣᠯᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ ᠵᠢᠨ ᠣᠯᠠᠨ ᠨᠡᠢ᠌ᠲᠡ ᠵᠢᠨ ᠦᠢᠯᠡᠴᠢᠯᠡᠭᠡᠨ᠎ᠤ ᠵᠦᠢᠯᠡᠰ᠎ᠤᠨ ᠡᠷᠬᠡ ᠵᠢ ᠳᠣᠷᠣᠭᠰᠢ ᠪᠠᠭᠤᠯᠭ᠋ᠠᠵᠤ ᠡᠷᠬᠡ ᠵᠢ ᠬᠠᠰᠤᠭᠰᠠᠨ ᠨᠣᠷᠮ᠎ᠠ 81%᠎ᠳᠤ ᠬᠦᠷᠴᠦ᠂ ᠲᠣᠰ ᠱᠠᠲᠤᠨ᠎ᠤ ᠰᠢᠯᠵᠢᠭᠦᠯᠦᠨ ᠦᠷᠭᠦᠯᠵᠢᠯᠡᠭᠦᠯᠬᠦ ᠵᠡᠷᠭᠡ 22 ᠵᠦᠢᠯ᠎ᠤᠨ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢᠴᠡᠳᠬᠡᠬᠦ ᠲᠤᠬᠠᠢ᠌ᠯᠠᠭᠰᠠᠨ ᠠᠵᠢᠯ᠎ᠤᠨ ᠡᠷᠬᠡ ᠵᠢᠨ ᠬᠢᠵᠠᠭ᠋ᠠᠷ᠎ᠢ ᠠᠢ᠌ᠮᠠᠭ ᠬᠣᠲᠠ᠎ᠳᠤ ᠪᠠᠭᠤᠯᠭ᠋ᠠᠵᠤ᠂ ᠣᠯᠠᠨ ᠲᠦᠮᠡᠨ ᠣᠢ᠌ᠷ᠎ᠠ ᠬᠠᠪᠢ᠎ᠳᠤ᠎ᠪᠠᠨ ᠪᠥᠬᠥ ᠣᠷᠣᠨ᠎ᠤ ᠶᠠᠮᠠᠷᠪᠠ ᠨᠢᠭᠡᠨ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢᠴᠡᠳᠬᠡᠬᠦ ᠪᠠᠢ᠌ᠭᠤᠯᠤᠮᠵᠢ ᠵᠢ ᠰᠣᠩᠭᠣᠵᠤ ᠭᠦᠢᠴᠡᠳᠬᠡᠵᠦ ᠪᠣᠯᠤᠨ᠎ᠠ᠃
《ᠬᠤᠷᠳᠤᠴᠠ》 ᠵᠢ ᠳᠡᠭᠡᠭᠰᠢᠯᠡᠭᠦᠯᠵᠦ ᠴᠣᠪᠤᠷᠠᠯ᠎ᠢ ᠰᠢᠯᠢᠳᠡᠭᠵᠢᠭᠦᠯᠦᠨ ᠳᠠᠬᠢᠨ ᠪᠦᠲᠦᠭᠡᠪᠡ
ᠡᠯ᠎ᠡ ᠰᠠᠯᠠᠭ᠎ᠠ ᠮᠥᠴᠢᠷ ᠨᠢᠭᠡᠴᠢ ᠬᠤᠷᠳᠤᠴᠠ ᠵᠢᠨ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠵᠤ᠂ 《ᠥᠩᠭᠡᠷᠡᠭᠰᠡᠨ᠎ᠳᠤ ᠪᠢᠳᠡ ᠢᠩᠭᠢᠵᠦ ᠬᠢᠭᠰᠡᠭᠡᠷ ᠢᠷᠡᠭᠰᠡᠨ》 ᠭᠡᠬᠦ ᠢᠨ᠋ᠸᠷᠼᠢᠲᠦ ᠰᠡᠳᠬᠢᠬᠦᠶ᠎ᠪᠠᠨ ᠲᠠᠶᠠᠭᠳᠠᠵᠤ᠂ 《ᠪᠡᠶ᠎ᠡ ᠵᠢᠨ ᠭᠠᠷᠤᠯ ᠵᠶ᠋ᠠᠨ ᠰᠣᠯᠢᠬᠤ》᠂ 《ᠴᠤᠪᠤᠷᠠᠯ ᠵᠶ᠋ᠠᠷ ᠭᠦᠢ᠍ᠴᠡᠳᠬᠡᠬᠦ》 ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠵᠥᠪ ᠪᠤᠷᠤᠭᠤ ᠵᠢ᠎ᠨᠢ ᠤᠯᠠᠷᠢᠭᠤᠯᠤᠨ ᠪᠣᠳᠤᠵᠤ᠂ ᠣᠭ ᠦᠨᠳᠦᠰᠦ ᠵᠢ᠎ᠨᠢ ᠡᠷᠢᠵᠦ᠂ ᠠᠵᠢᠯ᠎ᠤᠨ ᠦᠷ᠎ᠡ ᠪᠦᠲᠦᠮᠵᠢ ᠵᠢ ᠬᠢᠵᠠᠭ᠋ᠠᠷᠯᠠᠬᠤ᠂ ᠠᠵᠢᠯ᠎ᠤᠨ ᠶᠠᠰᠤ ᠴᠢᠨᠠᠷ᠎ᠢ ᠨᠥᠯᠥᠭᠡᠯᠡᠬᠦ ᠲᠦᠭᠵᠢᠷᠡᠯ᠂ ᠬᠣᠷᠢᠭ᠎ᠠ᠂ ᠬᠦᠴᠢᠷᠳᠡᠯ᠎ᠢ ᠬᠦᠴᠦᠯᠡᠨ ᠣᠨᠣᠪᠴᠢᠲᠠᠶ ᠡᠷᠢᠵᠦ᠂ ᠲᠤᠰᠬᠠᠶ ᠠᠵᠢᠯᠯᠠᠭ᠎ᠠ᠎ᠪᠠᠷ ᠳᠠᠮᠵᠢᠭᠤᠯᠤᠨ 《ᠳᠠᠷᠤᠶ ᠲᠦᠷᠭᠡᠨ ᠰᠢᠢᠳᠪᠦᠷᠢᠯᠡᠬᠦ᠂ ᠦᠨᠡᠨ ᠬᠦ᠌ ᠠᠳᠬᠤᠵᠤ ᠪᠣᠳᠠᠲᠠᠶ ᠬᠢᠬᠦ》 ᠰᠤᠷᠲᠠᠯ᠎ᠢ ᠪᠣᠶ ᠪᠣᠯᠭ᠋ᠠᠵᠤ᠂ ᠰᠡᠳᠬᠢᠬᠦᠶ ᠵᠢᠨ ᠵᠠᠭᠪᠤᠷ ᠵᠶ᠋ᠠᠨ ᠬᠤᠪᠢᠷᠠᠭᠤᠯᠤᠨ᠂ ᠠᠵᠢᠯ᠎ᠤᠨ ᠰᠡᠳᠬᠢᠮᠵᠢ᠎ᠪᠠᠨ ᠰᠢᠨᠡᠳᠬᠡᠵᠦ᠂ ᠳᠡᠭᠡᠭᠰᠢᠯᠡᠭᠦᠯᠬᠦ ᠴᠢᠭᠯᠡᠯ ᠵᠶ᠋ᠡᠨ ᠣᠨᠣᠪᠴᠢᠲᠠᠶ ᠣᠯᠵᠤ᠂ ᠴᠢᠳᠠᠪᠤᠷᠢ ᠵᠢᠨ ᠪᠠᠢ᠌ᠭᠤᠯᠤᠯᠲᠠ ᠵᠢᠨ 《ᠲᠦᠷᠭᠡᠨ ᠠᠢ᠌ᠵᠠᠮ》᠎ᠢ ᠪᠣᠶ ᠪᠣᠯᠭ᠋ᠠᠪᠠ᠃ ᠠᠵᠢᠯ᠎ᠤᠨ ᠴᠤᠪᠤᠷᠠᠯ ᠵᠶ᠋ᠠᠨ ᠰᠢᠯᠢᠳᠡᠭᠵᠢᠭᠦᠯᠵᠦ᠂ ᠨᠡᠢ᠌ᠯᠡᠭᠦᠯᠵᠦ ᠪᠣᠯᠬᠤ ᠵᠢ᠎ᠨᠢ ᠨᠡᠢ᠌ᠯᠡᠭᠦᠯᠵᠦ᠂ ᠬᠦᠴᠦᠨ ᠥᠬᠡᠶ ᠪᠣᠯᠭ᠋ᠠᠵᠤ ᠪᠣᠯᠬᠤ ᠵᠢ᠎ᠨᠢ ᠬᠦᠴᠦᠨ ᠥᠬᠡᠶ ᠪᠣᠯᠭ᠋ᠠᠵᠤ᠂ ᠠᠵᠢᠯ ᠶᠠᠪᠤᠳᠠᠯ ᠭᠦᠢᠴᠡᠳᠬᠡᠬᠦ ᠲᠠᠰ ᠳᠠᠷᠠᠭ᠋ᠠᠯᠠᠯ᠎ᠢ ᠶᠡᠬᠡ᠎ᠪᠠᠷ ᠳᠥᠭᠥᠮᠴᠢᠯᠡᠨ᠂ ᠠᠵᠢᠯ ᠶᠠᠪᠤᠳᠠᠯ ᠭᠦᠢᠴᠡᠳᠬᠡᠬᠦ ᠴᠢᠬᠤᠯᠠ ᠨᠥᠬᠥᠴᠡᠯ᠎ᠢ ᠴᠣᠮᠬᠠᠳᠬᠠᠵᠤ᠂ ᠠᠵᠢᠯ ᠶᠠᠪᠤᠳᠠᠯ ᠭᠦᠢᠴᠡᠳᠬᠡᠬᠦ ᠴᠠᠭ᠎ᠤᠨ ᠬᠢᠵᠠᠭ᠋ᠠᠷ᠎ᠢ ᠪᠣᠭᠣᠨᠢᠰᠬᠠᠨ᠂ ᠪᠠᠢ᠌ᠭᠤᠯᠭ᠎ᠠ ᠵᠢᠨ ᠵᠠᠰᠠᠭ ᠵᠠᠬᠢᠷᠭ᠋ᠠᠨ᠎ᠤ ᠦᠷ᠎ᠡ ᠪᠦᠲᠦᠮᠵᠢ ᠵᠢ ᠲᠦᠷᠭᠡᠳᠬᠡᠬᠦ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢ ᠬᠦᠴᠦᠲᠡᠶ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠣᠷᠣᠨ ᠲᠣᠭ᠎ᠠ ᠵᠢᠨ ᠠᠯᠪᠠᠨ ᠬᠡᠷ᠎ᠨᠢ ᠣᠷᠣᠨ ᠲᠣᠭ᠎ᠠ ᠵᠢᠨ ᠬᠥᠳᠡᠯᠦᠩᠭᠦᠶ ᠲᠣᠬᠢᠷᠠᠭᠤᠯᠤᠯᠲᠠ ᠵᠢ ᠣᠨᠣᠪᠴᠢᠲᠠᠶ ᠠᠬᠢᠭᠤᠯᠵᠤ᠂ ᠣᠷᠣᠨ ᠲᠣᠭ᠎ᠠ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ 16 ᠵᠦᠢᠯ᠎ᠤᠨ ᠡᠷᠬᠡ ᠲᠤᠰᠢᠶᠠᠯ᠎ᠤᠨ ᠵᠦᠢᠯᠡᠰ᠎ᠢ ᠬᠦᠴᠦᠨ ᠥᠬᠡᠶ ᠪᠣᠯᠭ᠋ᠠᠭᠰᠠᠨ ᠪᠠ ᠳᠣᠷᠣᠭᠰᠢ ᠪᠠᠭᠤᠯᠭ᠋ᠠᠭᠰᠠᠨ᠎ᠤ ᠬᠠᠮᠲᠤ᠂ ᠡᠷᠬᠡ ᠲᠤᠰᠢᠶᠠᠯ᠎ᠤᠨ ᠵᠦᠢᠯᠡᠰ᠎ᠢ ᠦᠯᠡᠳᠡᠭᠡᠬᠦ ᠭᠣᠭᠴᠣᠭ᠎ᠠ ᠵᠢ 38 ᠬᠠᠰᠤᠵᠤ᠂ ᠮᠠᠲ᠋ᠧᠷᠢᠶᠠᠯ᠎ᠢ 34 ᠬᠤᠪᠢ ᠬᠠᠰᠤᠵᠤ᠂ ᠴᠠᠭ᠎ᠤᠨ ᠬᠢᠵᠠᠭ᠋ᠠᠷ᠎ᠢ 268 ᠡᠳᠦᠷ ᠬᠠᠰᠤᠪᠠ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠲᠢᠩᠬᠢᠮ 108 ᠵᠦᠢᠯ᠎ᠤᠨ ᠡᠷᠬᠡ ᠲᠤᠰᠢᠶᠠᠯ᠎ᠤᠨ ᠵᠦᠢᠯᠡᠰ᠎ᠢ ᠰᠢᠯᠢᠳᠡᠭᠵᠢᠭᠦᠯᠦᠨ ᠴᠣᠮᠬᠠᠳᠬᠠᠵᠤ᠂ ᠬᠢᠨᠠᠨ ᠵᠥᠪᠰᠢᠶᠡᠷᠡᠬᠦ ᠮᠠᠲ᠋ᠧᠷᠢᠶᠠᠯ᠎ᠢ ᠪᠠᠭ᠋ᠠᠰᠬᠠᠭᠰᠠᠨ ᠬᠠᠷᠢᠴᠠᠯ᠎ᠨᠢ 74.59% ᠪᠠᠢ᠌ᠪᠠ; ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ 66 ᠵᠦᠢᠯ᠎ᠤᠨ ᠡᠷᠬᠡ ᠲᠤᠰᠢᠶᠠᠯ᠎ᠤᠨ ᠵᠦᠢᠯᠡᠰ᠎ᠢ ᠰᠢᠯᠢᠳᠡᠭᠵᠢᠭᠦᠯᠦᠨ ᠴᠣᠮᠬᠠᠳᠬᠠᠵᠤ᠂ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠎ᠢ ᠪᠠᠭ᠋ᠠᠰᠬᠠᠭᠰᠠᠨ ᠬᠠᠷᠢᠴᠠᠯ᠎ᠨᠢ 61.43% ᠪᠠᠢ᠌ᠵᠤ᠂ ᠪᠠᠭ᠋ᠠᠰᠬᠠᠭᠰᠠᠨ ᠬᠡᠮᠵᠢᠶ᠎ᠡ᠎ᠨᠢ ᠲᠣᠰ ᠲᠣᠰ ᠪᠥᠬᠥ ᠤᠯᠤᠰ᠎ᠤᠨ ᠮᠤᠵᠢ ᠵᠢᠨ ᠱᠠᠲᠤᠨ᠎ᠤ ᠰᠠᠯᠠᠭ᠎ᠠ ᠮᠥᠴᠢᠷ᠎ᠤᠨ ᠡᠮᠦᠨ᠎ᠡ ᠡᠩᠨᠡᠭᠡᠨ᠎ᠳᠤ ᠣᠷᠣᠪᠠ᠃ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠢ᠌ᠲᠠᠨ᠎ᠤ ᠨᠡᠢ᠌ᠭᠡᠮᠯᠢᠭ᠎ᠨᠢ ᠬᠦᠨᠳᠦ ᠡᠪᠡᠳᠴᠢᠨ᠎ᠢ ᠠᠪᠤᠷᠠᠨ ᠲᠤᠰᠠᠯᠠᠬᠤ᠂ ᠴᠢᠰᠤ ᠡᠭᠦᠰᠬᠡᠬᠦ ᠰᠲᠸᠮ ᠡᠰᠢ ᠬᠠᠨᠳᠢᠪᠯᠠᠬᠤ ᠵᠡᠷᠭᠡ ᠵᠦᠢᠯᠡᠰ᠎ᠲᠤ ᠳᠤᠲᠠᠭᠳᠠᠯ᠎ᠢ᠎ᠨᠢ ᠪᠠᠭᠲᠠᠭ᠋ᠠᠨ ᠭᠦᠢᠴᠡᠳᠬᠡᠬᠦ ᠵᠢ ᠬᠡᠷᠡᠭᠵᠢᠭᠦᠯᠵᠦ᠂ ᠭᠦᠢᠴᠡᠳᠬᠡᠬᠦ ᠴᠠᠭ᠎ᠢ᠎ᠨᠢ ᠪᠣᠭᠣᠨᠢᠰᠬᠠᠨ᠂ ᠬᠥᠮᠦᠯᠢᠭ ᠦᠵᠡᠯ᠎ᠤᠨ ᠦᠢᠯᠡᠴᠢᠯᠡᠭᠡᠨ᠎ᠤ ᠨᠡᠢ᠌ᠭᠡᠮ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠶᠠᠰᠤ ᠴᠢᠨᠠᠷ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠪᠡ᠃
ᠪᠦᠷᠢᠳᠬᠡᠯ᠎ᠢ ᠦᠨᠳᠦᠰᠦᠯᠡᠪᠡᠯ᠂ ᠲᠣᠰ ᠤᠳᠠᠭ᠋ᠠᠨ᠎ᠤ ᠲᠤᠰᠬᠠᠶ ᠠᠵᠢᠯᠯᠠᠭ᠎ᠠ᠎ᠠᠴᠠ ᠨᠠᠭ᠋ᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠨᠠᠮ ᠵᠠᠰᠠᠭ᠎ᠤᠨ ᠪᠠᠢ᠌ᠭᠤᠯᠭ᠎ᠠ ᠵᠢᠨ ᠡᠯ᠎ᠡ ᠰᠠᠯᠠᠭ᠎ᠠ ᠮᠥᠴᠢᠷ ᠵᠢᠴᠢ ᠰᠢᠭᠤᠳ ᠬᠠᠷᠢᠶ᠎ᠠ ᠠᠵᠢᠯ ᠦᠢᠯᠡᠰ᠎ᠤᠨ ᠨᠢᠭᠡᠴᠢ ᠭᠤᠶᠤᠴᠢᠯᠠᠬᠤ ᠡᠷᠬᠡ ᠲᠤᠰᠢᠶᠠᠯ᠎ᠤᠨ ᠠᠵᠢᠯ ᠶᠠᠪᠤᠳᠠᠯ᠎ᠢ ᠨᠡᠢ᠌ᠲᠡ 2668 ᠡᠮᠬᠢᠯᠡᠨ ᠳᠢᠭᠯᠡᠪᠡ᠃ ᠡᠭᠦᠨ᠎ᠳᠤ᠂ 63 ᠡᠷᠬᠡ ᠲᠤᠰᠢᠶᠠᠯ᠎ᠤᠨ ᠵᠦᠢᠯᠡᠰ᠎ᠢ ᠬᠦᠴᠦᠨ ᠥᠬᠡᠶ ᠪᠣᠯᠭ᠋ᠠᠵᠤ᠂ 434 ᠡᠷᠬᠡ ᠲᠤᠰᠢᠶᠠᠯ᠎ᠤᠨ ᠵᠦᠢᠯᠡᠰ᠎ᠢ ᠳᠣᠷᠣᠭᠰᠢ ᠪᠠᠭᠤᠯᠭ᠋ᠠᠪᠠ; ᠡᠷᠬᠡ ᠲᠤᠰᠢᠶᠠᠯ᠎ᠢ ᠦᠯᠡᠳᠡᠭᠡᠬᠦ ᠵᠦᠢᠯᠡᠰ᠎ᠲᠤ᠂ ᠨᠡᠢ᠌ᠲᠡ 1532 ᠭᠣᠭᠴᠣᠭ᠎ᠠ ᠵᠢ ᠬᠠᠰᠤᠵᠤ᠂ 3222 ᠬᠤᠪᠢ ᠮᠠᠲ᠋ᠧᠷᠢᠶᠠᠯ᠎ᠢ ᠬᠠᠰᠤᠵᠤ᠂ ᠴᠠᠭ᠎ᠤᠨ ᠬᠢᠵᠠᠭ᠋ᠠᠷ᠎ᠢ 28077 ᠡᠳᠦᠷ ᠵᠶ᠋ᠡᠷ ᠬᠠᠰᠤᠵᠤ᠂ ᠠᠵᠢᠯ ᠶᠠᠪᠤᠳᠠᠯ ᠨᠢᠭᠡᠪᠦᠷᠢ᠎ᠳᠤ ᠳᠤᠮᠳᠠᠴᠢ᠎ᠪᠠᠷ 1 ᠭᠣᠭᠴᠣᠭ᠎ᠠ ᠵᠢ ᠬᠠᠰᠤᠵᠤ᠂ 1.5 ᠬᠤᠪᠢ ᠮᠠᠲ᠋ᠧᠷᠢᠶᠠᠯ᠎ᠢ ᠬᠠᠰᠤᠵᠤ᠂ ᠴᠠᠭ᠎ᠤᠨ ᠬᠢᠵᠠᠭ᠋ᠠᠷ᠎ᠢ 13 ᠡᠳᠦᠷ ᠵᠶ᠋ᠡᠷ ᠬᠠᠰᠤᠪᠠ᠃ 《ᠬᠣᠶᠠᠷ᠎ᠢ ᠰᠢᠯᠢᠳᠡᠭᠵᠢᠭᠦᠯᠬᠦ》 ᠲᠤᠰᠬᠠᠶ ᠠᠵᠢᠯᠯᠠᠭ᠎ᠠ᠎ᠪᠠᠷ ᠳᠠᠮᠵᠢᠭᠤᠯᠤᠨ᠂ ᠡᠯ᠎ᠡ ᠵᠦᠢᠯ᠎ᠤᠨ ᠠᠵᠢᠯ᠎ᠢ ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠵᠢ ᠳᠡᠭᠡᠭᠰᠢᠯᠡᠭᠦᠯᠬᠦ ᠵᠢ ᠪᠡᠶᠡᠯᠡᠭᠦᠯᠵᠦ᠂ 《ᠭᠤᠷᠪᠠᠨ ᠤᠳᠠᠭ᠋ᠠᠨ》᠎ᠤ ᠠᠰᠠᠭᠤᠳᠠᠯ᠎ᠢ ᠰᠢᠢᠳᠪᠦᠷᠢᠯᠡᠬᠦ ᠵᠢ ᠬᠦᠴᠦᠲᠡᠶ ᠠᠬᠢᠭᠤᠯᠵᠤ᠂ ᠵᠠᠰᠠᠭ᠎ᠢ ᠴᠣᠮᠬᠠᠳᠬᠠᠬᠤ᠎ᠪᠠᠷ᠂ ᠠᠷᠠᠳ᠎ᠲᠤ ᠲᠥᠬᠥᠮ ᠦᠵᠡᠭᠦᠯᠬᠦ ᠡᠭᠦᠳᠡ ᠨᠡᠭᠡᠭᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ ᠶᠠᠰᠤ ᠴᠢᠨᠠᠷ ᠪᠠ ᠦᠷ᠎ᠡ ᠪᠦᠲᠦᠮᠵᠢ ᠵᠢ ᠦᠨᠡᠨ ᠬᠦ᠌ ᠳᠡᠭᠡᠭᠰᠢᠯᠡᠭᠦᠯᠵᠦ᠂ ᠠᠷᠠᠳ ᠣᠯᠠᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠵᠦ᠂ ᠮᠠᠨ᠎ᠤ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠳᠤ 《ᠬᠠᠲᠠᠭᠤ ᠰᠤᠷᠲᠠᠯ》᠎ᠢ ᠳᠠᠪᠲᠠᠨ ᠦᠢ᠍ᠯᠡᠳᠴᠦ᠂ 《ᠤᠶᠠᠬᠠᠨ ᠬᠦᠴᠦᠨ》᠎ᠢ ᠪᠣᠶ ᠪᠣᠯᠭ᠋ᠠᠪᠠ᠃