ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠬᠠᠮᠤᠭ᠎ᠤᠨ ᠰᠢᠨ᠎ᠡ ᠮᠡᠳᠡᠭᠡ᠄ ᠣᠢ᠌ᠷ᠎ᠠ᠎ᠳᠤ᠂ ᠥᠪᠥᠷ ᠮᠣᠩᠭᠣᠯ ᠠᠩᠬᠠᠳᠠᠭᠴᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠵᠢ ᠭᠦᠢᠴᠡᠳᠬᠡᠬᠦ ᠡᠯᠧᠺᠲᠷᠣᠨ ᠪᠠᠲᠤᠯᠠᠭ᠎ᠠ ᠵᠢᠨ ᠪᠢᠴᠢᠭ᠎ᠢ ᠭᠠᠷᠭ᠋ᠠᠵᠤ᠂ ᠮᠠᠨ᠎ᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠭᠡᠷ᠎ᠡ ᠵᠢ ᠭᠦᠢᠴᠡᠳᠬᠡᠬᠦ ᠪᠠᠲᠤᠯᠠᠭ᠎ᠠ᠎ᠨᠢ ᠰᠦᠯᠵᠢᠶᠡᠨ ᠭᠠᠳᠠᠨ᠎ᠠ ᠨᠡᠯᠢᠶᠡᠳ ᠣᠯᠠᠨ ᠪᠡᠯᠡᠨ ᠵᠣᠭᠣᠰ ᠲᠤᠰᠢᠶᠠᠵᠤ ᠪᠠᠢ᠌ᠭᠰᠠᠨ᠎ᠠᠴᠠ ᠵᠥᠪᠬᠡᠨ ᠰᠦᠯᠵᠢᠶᠡᠨ ᠳᠡᠭᠡᠷ᠎ᠡ ᠡᠯᠧᠺᠲᠷᠣᠨ ᠪᠠᠲᠤᠯᠠᠭ᠎ᠠ ᠵᠢᠨ ᠪᠢᠴᠢᠭ ᠭᠦᠢᠴᠡᠳᠬᠡᠬᠦ ᠴᠢᠬᠤᠯᠠᠲᠠᠶ ᠪᠣᠯᠤᠭᠰᠠᠨ ᠪᠥᠭᠡᠳ ᠪᠠᠭ᠎ᠠ ᠯᠡ ᠬᠡᠮᠵᠢᠶᠡᠨ᠎ᠤ ᠪᠠᠯᠠ ᠮᠥᠩᠭᠥ ᠲᠤᠰᠢᠶᠠᠬᠤ ᠴᠢᠬᠤᠯᠠ ᠶᠡᠬᠡ ᠬᠤᠪᠢᠷᠠᠯᠲᠠ ᠵᠢ ᠪᠡᠶᠡᠯᠡᠭᠦᠯᠪᠡ᠃
《ᠡᠨᠡ ᠤᠳᠠᠭ᠎ᠠ᠂ ᠪᠢᠳᠡ ᠵᠥᠪᠬᠡᠨ ᠰᠦᠯᠵᠢᠶᠡᠨ ᠳᠡᠭᠡᠷ᠎ᠡ 5600 ᠲᠥᠭᠥᠷᠢᠭ᠎ᠤᠨ ᠭᠡᠷ᠎ᠡ ᠵᠢ ᠭᠦᠢᠴᠡᠳᠬᠡᠬᠦ ᠡᠯᠧᠺᠲᠷᠣᠨ ᠪᠠᠲᠤᠯᠠᠭ᠎ᠠ ᠵᠢᠨ ᠪᠢᠴᠢᠭ᠎ᠤᠨ ᠰᠦᠢᠳᠬᠡᠯ ᠲᠤᠰᠢᠶᠠᠭ᠋ᠠᠳ᠂ ᠳᠠᠷᠤᠶ ᠥᠩᠭᠡᠷᠡᠭᠰᠡᠨ᠎ᠳᠤ 28 ᠲᠦᠮᠡᠨ ᠲᠥᠭᠥᠷᠢᠭ᠎ᠤᠨ ᠭᠡᠷ᠎ᠡ ᠵᠢ ᠭᠦᠢᠴᠡᠳᠬᠡᠬᠦ ᠪᠠᠲᠤᠯᠠᠭ᠎ᠠ ᠵᠢᠨ ᠮᠥᠩᠭᠥ ᠲᠤᠰᠢᠶᠠᠪᠠᠯ ᠰᠠᠶᠢ ᠪᠦᠲᠦᠭᠡᠵᠦ ᠳᠡᠢ᠌ᠯᠬᠦ ᠶᠠᠪᠤᠳᠠᠯ᠎ᠢ ᠪᠦᠲᠦᠭᠡᠴᠢᠬᠡᠪᠡ᠂ ᠲᠡᠷᠡ ᠮᠥᠷᠲᠡᠭᠡᠨ ᠵᠥᠪᠬᠡᠨ ᠨᠢᠭᠡ ᠯᠡ ᠡᠳᠦᠷ᠎ᠤᠨ ᠴᠠᠭ ᠬᠡᠷᠡᠭᠰᠡᠵᠦ᠂ ᠪᠢᠳᠡᠨ᠎ᠳᠤ ᠠᠪᠴᠤ ᠬᠡᠯᠡᠪᠡᠯ ᠲᠥᠬᠥᠮ ᠪᠥᠭᠡᠳ ᠲᠦᠷᠭᠡᠨ ᠵᠶ᠋ᠡᠷ ᠪᠠᠷᠠᠬᠤ ᠦᠭᠡᠢ᠂ ᠬᠠᠮᠤᠭ᠎ᠤᠨ ᠴᠢᠬᠤᠯᠠ᠎ᠨᠢ ᠪᠠᠯᠠ ᠮᠥᠩᠭᠥ ᠵᠢᠨ ᠳᠠᠷᠤᠯᠲᠠ ᠵᠢ ᠶᠡᠬᠡ᠎ᠪᠠᠷ ᠨᠠᠮᠳᠠᠭᠤᠯᠪᠠ᠃》 ᠠᠩᠬᠠᠳᠠᠭᠴᠢ ᠭᠡᠷ᠎ᠡ ᠵᠢ ᠭᠦᠢᠴᠡᠳᠬᠡᠬᠦ ᠡᠯᠧᠺᠲᠷᠣᠨ ᠪᠠᠲᠤᠯᠠᠭ᠎ᠠ ᠵᠢᠨ ᠪᠢᠴᠢᠭ᠎ᠠᠴᠠ ᠠᠰᠢᠭ ᠭᠥᠷᠳᠡᠭᠰᠡᠨ ᠪᠡᠭᠡᠵᠢᠩ᠎ᠤᠨ ᠷᠦᠢ ᠫᠦ᠋ ᠰᠢᠩ ᠭᠤᠸᠠᠩ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠥᠭᠵᠢᠯᠲᠡ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠬᠠᠷᠢᠭᠤᠴᠠᠯᠭ᠋ᠠᠲᠠᠨ᠎ᠤ ᠲᠠᠨᠢᠯᠴᠠᠭᠤᠯᠤᠭᠰᠠᠨ ᠵᠶ᠋ᠠᠷ᠂ ᠥᠩᠭᠡᠷᠡᠭᠰᠡᠨ᠎ᠳᠤ᠂ ᠭᠡᠷ᠎ᠡ ᠵᠢ ᠭᠦᠢᠴᠡᠳᠬᠡᠬᠦ ᠪᠠᠲᠤᠯᠠᠭ᠎ᠠ ᠵᠢᠨ ᠮᠥᠩᠭᠥ ᠵᠢ ᠰᠦᠯᠵᠢᠶᠡᠨ ᠭᠠᠳᠠᠨ᠎ᠠ᠎ᠪᠠᠷ ᠳᠠᠮᠵᠢᠨ ᠲᠤᠰᠢᠶᠠᠵᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠨᠢᠭᠡ ᠲᠦᠷᠦᠯ ᠵᠦᠢ᠍ᠯ᠎ᠨᠢ ᠬᠡᠳᠦᠨ ᠲᠦᠮᠡᠨ ᠲᠥᠭᠥᠷᠢᠭ᠎ᠠᠴᠠ ᠬᠡᠳᠦᠨ ᠠᠷᠪᠠᠨ ᠲᠦᠮᠡᠨ ᠲᠥᠭᠥᠷᠢᠭ᠎ᠤᠨ ᠠᠳᠠᠯᠢ ᠪᠤᠰᠤ ᠬᠡᠮᠵᠢᠶᠡᠨ᠎ᠤ ᠪᠡᠯᠡᠨ ᠵᠣᠭᠣᠰ ᠲᠤᠰᠢᠶᠠᠬᠤ ᠴᠢᠬᠤᠯᠠᠲᠠᠢ ᠪᠠᠢ᠌ᠪᠠ; ᠵᠠᠷᠢᠮ᠎ᠳᠤ᠎ᠪᠠᠨ ᠬᠡᠳᠦᠨ ᠲᠥᠷᠥᠯ ᠵᠦᠢᠯ᠎ᠢ ᠵᠡᠷᠭᠡ᠎ᠪᠠᠷ ᠡᠵᠡᠩᠨᠡᠵᠦ᠂ ᠭᠠᠭᠴᠠ ᠭᠡᠷ᠎ᠡ ᠭᠦᠢᠴᠡᠳᠬᠡᠬᠦ ᠪᠠᠲᠤᠯᠠᠭ᠎ᠠ ᠵᠢᠨ ᠮᠥᠩᠭᠥ ᠲᠤᠰᠢᠶᠠᠬᠤ᠎ᠳᠤ ᠯᠡ ᠮᠠᠰᠢ ᠶᠡᠬᠡ ᠳᠠᠷᠤᠯᠲᠠ᠎ᠲᠠᠢ ᠪᠠᠢ᠌ᠪᠠ᠃ ᠣᠲᠣ᠂ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶᠡᠨ᠎ᠤ ᠡᠯᠧᠺᠲᠷᠣᠨ ᠪᠠᠲᠤᠯᠠᠭ᠎ᠠ ᠵᠢᠨ ᠪᠢᠴᠢᠭ᠎ᠤᠨ ᠰᠢᠰᠲ᠋ᠧᠮ ᠵᠶ᠋ᠡᠷ ᠳᠠᠮᠵᠢᠭᠤᠯᠤᠨ᠂ ᠭᠡᠷ᠎ᠡ᠎ᠪᠠᠨ ᠭᠦᠢᠴᠡᠳᠬᠡᠬᠦ ᠪᠠᠲᠤᠯᠠᠭ᠎ᠠ ᠵᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠤᠨ᠎ᠠ᠃
2023 ᠣᠨ᠎ᠤ ᠡᠬᠢ᠎ᠪᠠᠷ᠂ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ ᠵᠢᠨ ᠭᠡᠷ᠎ᠡ ᠵᠢ ᠭᠦᠢᠴᠡᠳᠬᠡᠬᠦ ᠡᠯᠧᠺᠲᠷᠣᠨ ᠪᠠᠲᠤᠯᠠᠭ᠎ᠠ ᠵᠢᠨ ᠪᠢᠴᠢᠭ᠎ᠤᠨ ᠰᠢᠰᠲ᠋ᠧᠮ᠎ᠢ ᠵᠢᠩᠬᠢᠨᠢ᠎ᠪᠠᠷ ᠰᠦᠯᠵᠢᠶᠡᠨ᠎ᠳᠤ ᠭᠠᠷᠭ᠋ᠠᠨ ᠠᠵᠢᠯᠯᠠᠭᠤᠯᠵᠤ᠂ ᠰᠦᠯᠵᠢᠶᠡᠨ ᠳᠡᠭᠡᠷ᠎ᠡ ᠭᠡᠷ᠎ᠡ ᠵᠢ ᠭᠦᠢᠴᠡᠳᠬᠡᠬᠦ ᠡᠯᠧᠺᠲᠷᠣᠨ ᠪᠠᠲᠤᠯᠠᠭ᠎ᠠ ᠵᠢᠨ ᠪᠢᠴᠢᠭ ᠭᠠᠷᠭ᠋ᠠᠬᠤ᠂ ᠪᠠᠲᠤᠯᠠᠭ᠎ᠠ ᠵᠢᠨ ᠰᠦᠢᠳᠬᠡᠯ ᠲᠤᠰᠢᠶᠠᠬᠤ᠂ ᠪᠠᠲᠤᠯᠠᠭ᠎ᠠ ᠵᠢᠨ ᠪᠢᠴᠢᠭ ᠪᠠᠭᠤᠯᠭ᠋ᠠᠬᠤ ᠪᠠ ᠰᠦᠯᠵᠢᠶᠡᠨ ᠳᠡᠭᠡᠷ᠎ᠡ ᠲᠦᠯᠦᠪᠦᠷᠢ ᠨᠡᠭᠡᠬᠦ ᠵᠢ ᠪᠡᠶᠡᠯᠡᠭᠦᠯᠵᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠᠲᠤᠯᠠᠭ᠎ᠠ ᠵᠢᠨ ᠪᠢᠴᠢᠭ᠎ᠤᠨ ᠲᠤᠬᠠᠢ᠌ᠯᠠᠭᠰᠠᠨ ᠠᠵᠢᠯ᠎ᠢ ᠰᠦᠯᠵᠢᠶᠡᠨ ᠳᠡᠭᠡᠷ᠎ᠡ᠂ ᠳᠥᠭᠥᠮ ᠳᠥᠲᠡ ᠪᠣᠯᠭ᠋ᠠᠬᠤ ᠪᠠ ᠵᠢᠷᠤᠮᠵᠢᠭᠤᠯᠬᠤ ᠵᠢ ᠦᠨᠡᠨ ᠬᠦ᠌ ᠪᠡᠶᠡᠯᠡᠭᠦᠯᠵᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠢᠨ᠎ᠡ ᠵᠢ ᠡᠭᠦᠳᠬᠦ ᠬᠠᠮᠢᠶᠠᠷᠤᠯᠲᠠ ᠵᠢᠨ ᠠᠷᠭ᠎ᠠ ᠬᠡᠯᠪᠡᠷᠢ ᠪᠣᠯᠤᠭᠰᠠᠨ᠎ᠤ ᠬᠤᠪᠢ᠎ᠳᠤ᠂ ᠭᠡᠷ᠎ᠡ ᠵᠢ ᠭᠦᠢᠴᠡᠳᠬᠡᠬᠦ ᠡᠯᠧᠺᠲᠷᠣᠨ ᠪᠠᠲᠤᠯᠠᠭ᠎ᠠ ᠵᠢᠨ ᠪᠢᠴᠢᠭ᠎ᠤᠨ ᠰᠢᠰᠲ᠋ᠧᠮ᠎ᠢ ᠰᠦᠯᠵᠢᠶᠡᠨ᠎ᠳᠤ ᠭᠠᠷᠭ᠋ᠠᠨ ᠠᠵᠢᠯᠯᠠᠭᠤᠯᠵᠤ᠂ ᠠᠵᠤ ᠠᠬᠤᠢ᠌ᠯᠠᠯ᠎ᠤᠨ ᠥᠨᠳᠥᠷ ᠲᠣᠭ᠋ᠠᠨ᠎ᠤ ᠪᠠᠲᠤᠯᠠᠭ᠎ᠠ ᠵᠢᠨ ᠮᠥᠩᠭᠥ ᠲᠤᠰᠢᠶᠠᠬᠤ᠎ᠠᠴᠠ ᠪᠣᠯᠤᠭᠰᠠᠨ ᠳᠠᠷᠤᠯᠲᠠ ᠵᠢ ᠪᠦᠲᠦᠮᠵᠢᠲᠡᠶ ᠨᠠᠮᠳᠠᠭᠤᠯᠵᠤ᠂ ᠠᠵᠤ ᠠᠬᠤᠢ᠌ᠯᠠᠯ᠎ᠤᠨ ᠪᠡᠯᠡᠨ ᠵᠣᠭᠣᠰ᠎ᠤᠨ ᠭᠦᠢᠯᠭᠡᠭᠡ ᠵᠢ ᠤᠯᠠᠮ ᠨᠢᠭᠡ ᠠᠯᠬᠤᠮ ᠠᠮᠢᠳᠤᠯᠢᠭ ᠪᠣᠯᠭ᠋ᠠᠪᠠ᠃
ᠣᠢ᠌ᠯᠠᠭ᠋ᠠᠭᠰᠠᠨ ᠵᠶ᠋ᠠᠷ᠂ ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠣᠷᠣᠨ᠎ᠨᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠳᠤᠮᠳᠠ ᠭᠡᠷ᠎ᠡ ᠵᠢ ᠭᠦᠢᠴᠡᠳᠬᠡᠬᠦ ᠡᠯᠧᠺᠲᠷᠣᠨ ᠪᠠᠲᠤᠯᠠᠭ᠎ᠠ ᠵᠢᠨ ᠪᠢᠴᠢᠭ᠎ᠢ ᠳᠡᠯᠭᠡᠷᠡᠭᠦᠯᠦᠨ ᠬᠡᠷᠡᠭᠯᠡᠬᠦ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠴᠢᠨᠠᠷ ᠰᠠᠢ᠌ᠲᠠᠶ ᠳᠠᠭ᠋ᠠᠭ᠋ᠠᠯᠲᠠ ᠵᠢᠨ ᠪᠠᠢ᠌ᠭᠤᠯᠤᠮᠵᠢ ᠵᠢᠨ ᠣᠷᠣᠵᠤ ᠰᠠᠭᠤᠬᠤ ᠲᠣᠭ᠎ᠠ ᠬᠡᠮᠵᠢᠶ᠎ᠡ ᠵᠢ ᠨᠡᠮᠡᠭᠳᠡᠭᠦᠯᠦᠨ᠂ ᠣᠯᠠᠨ ᠵᠦᠢᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠳᠤ ᠣᠷᠣᠯᠴᠠᠬᠤ ᠬᠠᠩᠭ᠋ᠠᠯᠭ᠎ᠠ ᠵᠢᠨ ᠬᠤᠳᠠᠯᠳᠤᠭ᠋ᠠᠴᠢᠨ᠎ᠤ ᠳᠠᠷᠤᠭ᠋ᠠᠰᠤ ᠵᠢ ᠬᠥᠩᠭᠡᠷᠡᠭᠦᠯᠵᠦ᠂ ᠪᠥᠬᠥ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠦᠨ᠎ᠡ᠃