ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠤᠯᠠᠭ᠋ᠠᠨᠴᠠᠪ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠪᠠ
ᠨᠡᠶ᠋ᠢᠲᠡᠯᠡᠭᠰᠡᠨ ᠴᠠᠭ᠄ 2023-03-31

     2022 ᠣᠨ᠎ᠳᠤ᠂ ᠤᠯᠠᠭ᠋ᠠᠨᠴᠠᠪ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠣᠯᠠᠨ ᠨᠡᠢ᠌ᠲᠡ᠎ᠳᠤ ᠬᠠᠮᠤᠭ᠎ᠤᠨ ᠰᠢᠯᠢᠳᠡᠭ ᠦᠢᠯᠡᠴᠢᠯᠡᠭᠡ ᠬᠠᠩᠭ᠋ᠠᠬᠤ᠎ᠪᠠᠷ ᠴᠢᠷᠮᠠᠢ᠌ᠵᠤ᠂ ᠪᠥᠬᠥ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠦᠨ ᠲᠠᠰ ᠳᠡᠪᠰᠢᠭᠦᠯᠬᠦ ᠵᠢ ᠦᠷᠭᠦᠯᠵᠢᠯᠡᠨ ᠠᠬᠢᠭᠤᠯᠪᠠ᠃


      ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠦᠷ᠎ᠡ ᠠᠰᠢᠭ᠎ᠢ ᠳᠡᠭᠡᠭᠰᠢᠯᠡᠭᠦᠯᠬᠦ 10 ᠵᠦᠢᠯ᠎ᠤᠨ ᠪᠣᠳᠠᠲᠠᠶ ᠠᠷᠭ᠎ᠠ ᠬᠡᠮᠵᠢᠶ᠎ᠡ ᠵᠢ ᠲᠣᠭᠲᠠᠭ᠋ᠠᠨ ᠨᠡᠢ᠌ᠲᠡᠯᠡᠪᠡ᠃ ᠤᠶᠠᠨ ᠴᠢᠨᠠᠷᠲᠠᠶ᠎ᠪᠠᠷ ᠬᠠᠤᠯᠢ ᠬᠡᠷᠡᠭᠵᠢᠭᠦᠯᠬᠦ ᠵᠢ ᠥᠷᠨᠢᠭᠦᠯᠵᠦ᠂ 《ᠪᠠᠷᠢᠨ ᠳᠣᠤᠷ᠎ᠠ᠎ᠨᠢ ᠠᠪᠴᠤ᠂ ᠨᠢᠭᠡ ᠥᠷᠲᠡᠭᠡ᠎ᠳᠤ ᠭᠦᠢᠴᠡᠳᠬᠡᠵᠦ ᠳᠠᠭᠤᠰᠬᠠᠬᠤ》 ᠠᠵᠢᠯ᠎ᠤᠨ ᠵᠠᠭᠪᠤᠷ ᠵᠡᠷᠭᠡ ᠠᠷᠠᠳ᠎ᠤᠨ ᠠᠮᠢᠳᠤᠷᠠᠯ᠎ᠳᠤ ᠣᠢ᠌ᠷᠠᠲᠤᠭᠰᠠᠨ 8 ᠪᠣᠳᠠᠲᠤ ᠶᠠᠪᠤᠳᠠᠯ᠎ᠢ ᠪᠣᠶ ᠪᠣᠯᠭ᠋ᠠᠵᠤ᠂ ᠪᠥᠬᠥ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠰᠢᠰᠲ᠋ᠧᠮ᠎ᠤᠨ ᠨᠢᠭᠡᠳᠦᠯᠲᠡᠶ ᠬᠡᠷᠡᠭᠯᠡᠵᠦ ᠪᠣᠯᠬᠤ ᠭᠤᠶᠤᠴᠢᠯᠠᠭᠰᠠᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠵᠦᠢᠯᠡᠰ᠎ᠤᠨ ᠶᠣᠰᠤᠭ᠋ᠠᠷ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠎ᠢ ᠵᠣᠬᠢᠶᠠᠨ ᠪᠠᠢ᠌ᠭᠤᠯᠵᠤ ᠨᠠᠢ᠌ᠷᠠᠭᠤᠯᠤᠨ ᠵᠣᠬᠢᠶᠠᠪᠠ᠃


      ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠭᠡᠨ᠎ᠤ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠪᠡ᠃ 《ᠨᠢᠭᠡ ᠰᠦᠯᠵᠢᠶ᠎ᠡ᠎ᠪᠠᠷ ᠨᠡᠢ᠌ᠳᠡᠮ ᠭᠦᠢᠴᠡᠳᠬᠡᠬᠦ》 ᠵᠢ ᠶᠡᠬᠡ᠎ᠪᠠᠷ ᠬᠡᠷᠡᠭᠵᠢᠭᠦᠯᠵᠦ᠂ 《ᠮᠤᠵᠢ ᠠᠯᠤᠰᠯᠠᠨ ᠨᠡᠢ᠌ᠳᠡᠮ ᠭᠦᠢᠴᠡᠳᠬᠡᠬᠦ》 ᠲᠤᠰᠬᠠᠶ ᠴᠣᠩᠬᠤᠪᠴᠢ ᠵᠢ ᠨᠡᠪᠲᠡᠷᠡᠭᠦᠯᠵᠦ᠂ ᠪᠣᠯᠵᠣᠨ ᠭᠦᠢᠴᠡᠳᠬᠡᠬᠦ ᠪᠠ 《ᠣᠷᠣᠯᠠᠨ ᠭᠦᠢᠴᠡᠳᠬᠡᠵᠦ ᠬᠠᠪᠰᠤᠷᠤᠨ ᠭᠦᠢᠴᠡᠳᠬᠡᠬᠦ》 ᠵᠡᠷᠭᠡ ᠦᠢᠯᠡᠴᠢᠯᠡᠭᠡ ᠵᠢ ᠥᠷᠨᠢᠭᠦᠯᠦᠨ᠂ ᠣᠳᠣᠬᠠᠨ᠎ᠳᠤ ᠮᠤᠵᠢ ᠠᠯᠤᠰᠯᠠᠨ ᠨᠡᠢ᠌ᠳᠡᠮ ᠭᠦᠢᠴᠡᠳᠬᠡᠬᠦ 1300 ᠭᠠᠷᠤᠶ ᠵᠦᠢᠯ᠎ᠢ ᠭᠦᠢᠴᠡᠳᠬᠡᠵᠦ᠂ ᠲᠦᠷᠢᠶᠡᠰᠦᠨ ᠮᠠᠰᠢᠨ ᠲᠡᠷᠭᠡᠨ᠎ᠤ ᠵᠠᠮ᠎ᠤᠨ ᠠᠵᠢᠯ ᠡᠷᠭᠢᠯᠡᠬᠦ ᠬᠢᠷᠢ ᠬᠡᠮ᠎ᠤᠨ ᠦᠨᠡᠮᠯᠡᠯ᠎ᠤᠨ ᠦᠨᠡᠮᠯᠡᠯ ᠰᠣᠯᠢᠬᠤ ᠵᠦᠢᠯᠡᠰ᠎ᠤᠨ ᠰᠦᠯᠵᠢᠶᠡᠨ ᠳᠡᠭᠡᠷ᠎ᠡ ᠭᠦᠢᠴᠡᠳᠬᠡᠬᠦ ᠵᠢ ᠪᠡᠶᠡᠯᠡᠭᠦᠯᠪᠡ᠃


      ᠭᠦᠢᠴᠡᠳᠬᠡᠬᠦ ᠴᠤᠪᠤᠷᠠᠯ᠎ᠢ ᠰᠢᠯᠢᠳᠡᠭᠵᠢᠭᠦᠯᠪᠡ᠃ ᠡᠯᠧᠺᠲᠷᠣᠨ ᠲᠠᠮᠠᠭ᠎ᠠ ᠡᠯᠧᠺᠲᠷᠣᠨ ᠦᠨᠡᠮᠯᠡᠯ᠎ᠤᠨ ᠬᠡᠷᠡᠭᠯᠡᠬᠦ ᠬᠡᠪᠴᠢᠶ᠎ᠡ ᠵᠢ ᠥᠷᠭᠡᠳᠬᠡᠵᠦ᠂ ᠠᠵᠤ ᠠᠬᠤᠢ᠌ᠯᠠᠯ᠎ᠤᠨ ᠭᠦᠢᠴᠡᠳᠬᠡᠬᠦ᠎ᠳᠤ ᠬᠡᠷᠡᠭᠰᠡᠬᠦ ᠮᠠᠲ᠋ᠧᠷᠢᠶᠠᠯ᠎ᠢ ᠪᠠᠭ᠋ᠠᠰᠬᠠᠪᠠ᠃ 《ᠳᠤᠲᠠᠭᠤ ᠵᠢ᠎ᠨᠢ ᠭᠥᠯᠢᠶᠡᠨ ᠠᠪᠴᠤ ᠰᠢᠢᠳᠪᠦᠷᠢᠯᠡᠬᠦ》 ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ 《ᠤᠯᠠᠭ᠋ᠠᠨᠴᠠᠪ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ ᠵᠢᠨ ᠭᠡᠷᠡᠴᠢᠯᠡᠬᠦ ᠵᠦᠢᠯᠡᠰ᠎ᠤᠨ ᠮᠡᠳᠡᠭᠳᠡᠬᠦ ᠠᠮᠠᠯᠠᠯᠲᠠ ᠵᠢᠨ ᠲᠦᠷᠢᠮ᠎ᠤᠨ ᠨᠠᠷᠢᠨ ᠲᠠᠩᠰᠠ ᠵᠢᠨ ᠭᠠᠷᠴᠠᠭ》᠎ᠢ ᠲᠣᠭᠲᠠᠭ᠋ᠠᠭᠰᠠᠨ ᠪᠥᠭᠡᠳ ᠨᠡᠢ᠌ᠭᠡᠮ᠎ᠳᠤ ᠨᠡᠢ᠌ᠲᠡᠯᠡᠵᠦ᠂ ᠣᠳᠣᠬᠠᠨ᠎ᠳᠤ 2400 ᠭᠠᠷᠤᠶ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠵᠦᠢᠯᠡᠰ᠎ᠢ ᠨᠢᠭᠡᠨᠲᠡ ᠰᠢᠢᠳᠪᠦᠷᠢᠯᠡᠵᠦ ᠳᠠᠭᠤᠰᠬᠠᠪᠠ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠣᠷᠭᠢᠯ ᠦᠶ᠎ᠡ ᠵᠢ ᠤᠭᠲᠤᠨ ᠵᠣᠨ᠎ᠢ ᠥᠩᠭᠡᠷᠡᠭᠡᠬᠦ ᠡᠨᠧᠷᠭᠢ ᠵᠢᠨ ᠡᠳ᠋ ᠪᠣᠳᠠᠰ᠎ᠤᠨ ᠠᠮᠤᠷ ᠲᠦᠪᠰᠢᠨ ᠥᠨᠳᠥᠷ ᠪᠦᠲᠦᠮᠵᠢᠲᠡᠶ ᠲᠡᠭᠡᠭᠡᠪᠦᠷᠢ ᠵᠢ ᠪᠦᠬᠦ ᠬᠦᠴᠦᠨ ᠵᠶ᠋ᠡᠷ ᠵᠶ᠋ᠡᠨ ᠪᠠᠲᠤᠯᠠᠪᠠ
《ᠨᠢᠭᠡ ᠰᠦᠯᠵᠢᠶ᠎ᠡ᠎ᠪᠠᠷ ᠨᠡᠢ᠌ᠳᠡᠮ ᠭᠦᠢᠴᠡᠳᠬᠡᠬᠦ》᠎ᠨᠢ ᠠᠷᠠᠳ ᠲᠦᠮᠡᠨ᠎ᠳᠤ 《ᠵᠠᠶ ᠦᠭᠡᠢ》 ᠦᠢᠯᠡᠴᠢᠯᠡᠨ᠎ᠡ
ᠪᠡᠭᠡᠵᠢᠩ᠎ᠳᠤ ᠣᠷᠣᠬᠤ ᠲᠡᠭᠡᠭᠡᠪᠦᠷᠢ ᠵᠢᠨ ᠵᠠᠮ᠎ᠢ ᠰᠠᠭ᠋ᠠᠳ ᠦᠭᠡᠢ ᠨᠠᠪᠲᠠᠷᠡᠭᠦᠯᠵᠦ ᠨᠡᠢ᠌ᠰᠯᠡᠯ᠎ᠤᠨ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠵᠢ ᠳᠡᠮᠵᠢᠪᠡ
ᠪᠥᠬᠥ ᠣᠷᠣᠨ᠎ᠤ 11.8 ᠲᠦᠮᠡᠨ ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠲᠤ 《ᠴᠠᠭ᠋ᠠᠰᠤᠨ ᠭᠡᠷᠡᠴᠢ ᠦᠨᠡᠮᠯᠡᠯ᠎ᠢ᠎ᠨᠢ ᠬᠡᠯᠲᠦᠷᠢᠭᠦᠯᠵᠦ ᠭᠦᠢ᠍ᠴᠡᠳᠭᠡᠬᠦ》 ᠵᠢ ᠪᠡᠶᠡᠯᠡᠭᠦᠯᠪᠡ
ᠥᠪᠥᠷ ᠮᠣᠩᠭᠤᠯ᠎ᠤᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠎ᠢ ᠵᠣᠯᠭ᠋ᠠᠭᠤᠯᠬᠤ ᠬᠤᠷᠠᠯ ᠪᠡᠭᠡᠵᠢᠩ᠎ᠳᠤ ᠶᠠᠪᠤᠭᠳᠠᠪᠠ
 
            