ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠨᠢᠭᠡ ᠰᠦᠯᠵᠢᠶ᠎ᠡ᠎ᠪᠠᠷ ᠨᠡᠢ᠌ᠳᠡᠮ ᠭᠦᠢᠴᠡᠳᠬᠡᠬᠦ》᠎ᠨᠢ ᠠᠷᠠᠳ ᠲᠦᠮᠡᠨ᠎ᠳᠤ 《ᠵᠠᠶ ᠦᠭᠡᠢ》 ᠦᠢᠯᠡᠴᠢᠯᠡᠨ᠎ᠡ
ᠨᠡᠶ᠋ᠢᠲᠡᠯᠡᠭᠰᠡᠨ ᠴᠠᠭ᠄ 2023-07-07

      ᠪᠦᠬᠦ ᠶᠠᠪᠤᠴᠠ᠎ᠨᠢ ᠲᠤᠬᠠᠶ ᠵᠢᠨ ᠲᠠᠯᠠᠪᠠᠢ᠎ᠳᠤ ᠬᠦᠷᠬᠦ ᠦᠭᠡᠢ᠂ ᠪᠦᠬᠦ ᠶᠠᠪᠤᠴᠠ᠎ᠨᠢ ᠰᠦᠯᠵᠢᠶᠡᠨ ᠳᠡᠭᠡᠷ᠎ᠡ ᠠᠵᠢᠯᠯᠠᠨ᠎ᠠ᠃ ᠠᠵᠤ ᠠᠬᠤᠢ᠌ᠯᠠᠯ 《ᠨᠠᠭ᠋ᠠᠰᠢ ᠴᠠᠭ᠋ᠠᠰᠢ ᠭᠦᠶᠦᠬᠦ ᠥᠬᠡᠶ》᠂ ᠠᠷᠠᠯᠵᠢᠶ᠎ᠠ ᠬᠢᠬᠦ᠎ᠳᠤ 《ᠠᠭᠤᠯᠵᠠᠬᠤ ᠥᠬᠡᠶ》᠁᠁ 6 ᠳ᠋ᠤᠭ᠋ᠠᠷ ᠰᠠᠷ᠎ᠠ ᠵᠢᠨ 2᠎ᠤᠨ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠪ᠎ᠤᠨ ᠲᠤᠬᠠᠢ᠌ᠯᠠᠭᠰᠠᠨ ᠠᠵᠢᠯ᠎ᠤᠨ ᠭᠥᠯᠢᠶᠡᠨ ᠠᠪᠴᠤ ᠰᠢᠢ᠍ᠳᠪᠦᠷᠢᠯᠡᠬᠦ ᠶᠡᠬᠡ ᠲᠢᠩᠬᠢᠮ᠎ᠳᠤ ᠣᠯᠵᠤ ᠬᠠᠷᠠᠭᠰᠠᠨ ᠵᠶ᠋ᠠᠷ᠂ ᠬᠥᠭᠵᠢᠶᠡᠨ ᠨᠠᠷᠭᠢᠶᠠᠨ᠎ᠲᠠᠢ ᠬᠥᠮᠦᠰ ᠠᠯᠠᠭ᠎ᠠ   ᠪᠣᠯᠵᠣ᠂ ᠠᠵᠢᠯ ᠶᠠᠪᠤᠳᠠᠯ ᠭᠦᠢᠴᠡᠳᠬᠡᠬᠦ 5 ᠴᠣᠩᠬᠤᠪᠴᠢ ᠵᠢᠨ ᠡᠮᠦᠨ᠎ᠡ 《ᠬᠣᠪ ᠬᠣᠭᠤᠰᠤᠨ》 ᠪᠠᠢ᠌ᠵᠤ᠂ ᠵᠥᠪᠬᠡᠨ ᠴᠣᠩᠬᠤᠪᠴᠢ ᠵᠢᠨ ᠠᠵᠢᠯᠲᠠᠨ ᠯᠠ ᠺᠣᠮᠫᠢᠦ᠋ᠲ᠋ᠧᠷ᠎ᠢ ᠪᠣᠯᠪᠠᠰᠤᠷᠠᠩᠭᠤᠶ ᠬᠡᠷᠡᠭᠯᠡᠵᠦ ᠪᠠᠢ᠌ᠪᠠ᠃ ᠤᠤᠯ᠎ᠳᠤ᠂ ᠡᠨᠳᠡ ᠦᠷᠭᠦᠯᠵᠢ ᠬᠥᠮᠦᠨ ᠦᠢ᠍ᠮᠡᠯᠳᠦᠵᠦ᠂ ᠳᠠᠭ᠋ᠠᠭ᠋ᠠᠴᠢᠯᠠᠯᠲᠠ ᠬᠦᠯᠢᠶᠡᠭᠴᠢ ᠣᠷᠳᠣ ᠮᠥᠷᠯᠡᠵᠦ ᠬᠢᠷᠢ ᠬᠡᠮ᠎ᠤᠨ ᠤᠷᠢᠳᠴᠢᠯᠠᠭᠰᠠᠨ ᠬᠢᠨᠠᠯᠲᠠ ᠬᠢᠬᠦ ᠪᠢᠰᠢ ᠪᠣᠯ ᠳᠠᠭ᠋ᠠᠭ᠋ᠠᠴᠢᠯᠠᠯᠲᠠ ᠨᠡᠢ᠌ᠲᠡᠯᠡᠬᠦ ᠵᠢ ᠬᠦᠯᠢᠶᠡᠵᠦ ᠪᠠᠢ᠌ᠭ᠎ᠠ ᠬᠥᠮᠦᠰ ᠡᠯ᠎ᠡ ᠵᠦᠢᠯ᠎ᠤᠨ ᠤᠴᠢᠷ ᠶᠠᠪᠤᠳᠠᠯ᠎ᠢ ᠠᠰᠠᠭᠤᠨ ᠯᠠᠪᠯᠠᠵᠤ ᠪᠠᠢ᠌ᠳᠠᠭ᠃
      ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠪ᠎ᠤᠨ ᠡᠷᠬᠢᠯᠡᠭᠴᠢ ᠾᠧ ᠸᠸᠨ ᠵᠢᠶᠦ᠋ᠨ ᠡᠨᠡ ᠬᠦ᠌ ᠬᠤᠪᠢᠷᠠᠯᠲᠠ᠎ᠳᠤ ᠲᠠᠢ᠌ᠯᠪᠤᠷᠢ ᠬᠢᠵᠡᠶ᠄ 《ᠲᠤᠬᠠᠶ ᠵᠢᠨ ᠲᠠᠯᠠᠪᠠᠢ᠎ᠳᠤ ᠲᠤᠬᠠᠢ᠌ᠯᠠᠭᠰᠠᠨ ᠠᠵᠢᠯ ᠭᠦᠢᠴᠡᠳᠬᠡᠵᠦ ᠪᠠᠢ᠌ᠭ᠎ᠠ ᠬᠥᠮᠦᠨ ᠡᠢ᠌ᠮᠦ ᠴᠥᠭᠡᠨ ᠪᠠᠢ᠌ᠪᠠᠴᠤ᠂ ᠣᠢ᠌ᠷ᠎ᠠ᠎ᠳᠤ ᠲᠥᠪ᠎ᠤᠨ ᠡᠳᠦᠷ ᠪᠦᠷᠢ ᠵᠢᠨ ᠭᠥᠯᠢᠶᠡᠨ ᠠᠪᠴᠤ ᠰᠢᠢᠳᠪᠦᠷᠢᠯᠡᠬᠦ ᠲᠤᠬᠠᠢ᠌ᠯᠠᠭᠰᠠᠨ ᠠᠵᠢᠯ᠎ᠤᠨ ᠬᠡᠮᠵᠢᠶ᠎ᠡ᠎ᠨᠢ ᠪᠠᠷᠤᠭ ᠪᠦᠷ ᠨᠡᠮᠡᠭᠳᠡᠵᠦ ᠪᠠᠢ᠌ᠨ᠎ᠠ᠃ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠠᠷᠠᠯᠵᠢᠶ᠎ᠠ ᠵᠢᠨ   ᠲᠣᠤᠷ᠎ᠲᠤ ᠲᠦᠰᠢᠭᠯᠡᠨ᠂ ᠣᠲᠣ ᠪᠥᠬᠥ ᠣᠷᠣᠨ᠎ᠤ ᠡᠯ᠎ᠡ ᠱᠠᠲᠤᠨ᠎ᠤ ᠠᠭᠤᠷᠬᠠᠶ ᠵᠢᠨ ᠦᠢᠯᠡᠰ᠎ᠤᠨ ᠡᠷᠬᠡ᠂   ᠤᠯᠤᠰ᠎ᠤᠨ ᠥᠮᠴᠢᠯᠡᠯᠲᠦ ᠭᠠᠵᠠᠷ ᠰᠢᠷᠣᠶ ᠵᠢᠨ ᠬᠡᠷᠡᠭᠯᠡᠬᠦ ᠡᠷᠬᠡ᠂ ᠲᠠᠷᠢᠶᠠᠨ ᠭᠠᠵᠠᠷ᠎ᠢ ᠨᠥᠬᠥᠪᠥᠷᠢᠯᠡᠬᠦ ᠭᠦᠢᠴᠡᠳᠬᠡᠯ ᠲᠣᠭ᠎ᠠ᠂ ᠭᠠᠵᠠᠷ ᠰᠢᠨᠵᠢᠯᠡᠭᠡᠨ᠎ᠤ ᠬᠠᠢ᠌ᠨ ᠪᠠᠢ᠌ᠴᠠᠭ᠋ᠠᠯᠲᠠ ᠵᠢᠨ ᠰᠠᠭᠤᠷᠢ ᠮᠥᠩᠭᠥ ᠵᠢᠨ ᠲᠥᠷᠥᠯ ᠵᠦᠢᠯ᠂ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ ᠦᠯᠡᠳᠡᠯ ᠭᠦᠢᠴᠡᠳᠬᠡᠯ ᠲᠣᠭ᠎ᠠ ᠵᠡᠷᠭᠡ ᠪᠣᠶ ᠪᠥᠬᠥᠶ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠥᠷᠥᠯ᠎ᠤᠨ ᠲᠥᠷᠥᠯ ᠵᠦᠢᠯ᠎ᠤᠨ ᠳᠠᠭ᠋ᠠᠭ᠋ᠠᠴᠢᠯᠠᠯᠲᠠ ᠵᠠᠷᠯᠠᠬᠤ᠂ ᠫᠠᠢ᠌ᠰᠠ ᠡᠯᠭᠦᠬᠦ᠂ ᠦᠨ᠎ᠡ ᠬᠠᠶᠠᠵᠤ ᠬᠤᠳᠠᠯᠳᠤᠬᠤ ᠵᠡᠷᠭᠡ ᠨᠢᠭᠡᠳᠦᠯᠲᠡᠶ ᠠᠷᠠᠯᠵᠢᠶ᠎ᠠ᠎ᠨᠢ᠂ ᠰᠦᠯᠵᠢᠶᠡᠨ ᠳᠡᠭᠡᠷ᠎ᠡ ᠪᠥᠬᠥ ᠶᠠᠪᠤᠴᠠ᠎ᠳᠤ ᠡᠯᠸᠺᠲᠷᠤᠨᠴᠢᠯᠠᠭᠰᠠᠨ᠂ ᠴᠠᠭ᠋ᠠᠰᠤ ᠬᠡᠷᠡᠭᠯᠡᠬᠦ ᠥᠬᠡᠶ ᠪᠠ ᠰᠦᠢᠳᠬᠡᠯ ᠬᠤᠷᠢᠶᠠᠬᠤ ᠦᠭᠡᠢ᠎ᠪᠠᠷ ᠠᠷᠠᠯᠵᠢᠶᠠᠯᠠᠬᠤ ᠵᠢ ᠪᠡᠶᠡᠯᠡᠭᠦᠯᠪᠡ᠃》
      ᠣᠯᠠᠨ ᠨᠡᠢ᠌ᠲᠡ ᠵᠢᠨ ᠡᠬᠢ ᠪᠠᠶᠠᠯᠢᠭ᠎ᠤᠨ ᠪᠥᠬᠥ ᠶᠠᠪᠤᠴᠠ ᠵᠢᠨ ᠡᠯᠸᠺᠲᠷᠤᠨᠴᠢᠯᠠᠭᠰᠠᠨ ᠠᠷᠠᠯᠵᠢᠶ᠎ᠠ᠎ᠨᠢ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠦᠭᠰᠡᠨ ᠵᠶ᠋ᠡᠷ ᠪᠠᠷᠠᠬᠤ ᠥᠬᠡᠶ᠂ ᠨᠠᠩ ᠴᠢᠬᠤᠯᠠ᠎ᠨᠢ ᠦᠢᠯᠡᠴᠢᠯᠡᠭᠡ ᠵᠢ ᠴᠢᠩᠭ᠋ᠠᠳᠬᠠᠬᠤ ᠣᠢ᠌ᠯᠠᠭ᠋ᠠᠭᠳᠠᠬᠤᠨ᠎ᠢ ᠢᠯᠡᠷᠡᠭᠦᠯᠵᠡᠶ᠃ ᠾᠧ ᠸᠸᠨ ᠵᠢᠶᠦ᠋ᠨ᠄ 《ᠭᠣᠣᠯ ᠰᠡᠳᠦᠪᠲᠦ ᠬᠥᠮᠦᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠪᠢᠳᠠ ᠠᠰᠠᠭᠤᠳᠠᠯ᠎ᠤᠨ ᠤᠬᠠᠮᠰᠠᠷ ᠪᠠ ᠦᠢᠯᠡᠳᠦᠯᠭᠡ ᠵᠢᠨ ᠤᠳᠤᠷᠢᠳᠤᠮᠵᠢ ᠵᠢ ᠪᠠᠷᠢᠮᠲᠠᠯᠠᠨ᠂ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ᠎ᠪᠠᠷ ᠭᠣᠤᠯᠳᠠᠯᠭ᠎ᠠ ᠪᠣᠯᠭ᠋ᠠᠵᠤ᠂ ᠭᠣᠤᠯ ᠰᠡᠳᠦᠪᠲᠦ ᠬᠥᠮᠦᠵᠢᠯ ᠥᠷᠨᠢᠭᠦᠯᠬᠦ ᠪᠠ ᠲᠥᠪ᠎ᠤᠨ ᠠᠵᠢᠯ᠎ᠢ ᠠᠬᠢᠭᠤᠯᠬᠤ ᠵᠢᠨ ᠤᠶᠠᠯᠳᠤᠯ ᠴᠡᠭ᠂ ᠭᠠᠷᠳᠠᠬᠤ ᠴᠡᠭ᠂ ᠬᠦᠴᠦᠯᠡᠬᠦ ᠴᠡᠭ᠎ᠢ ᠣᠨᠤᠪᠴᠢᠲᠠᠢ ᠣᠯᠵᠤ᠂ ᠦᠷᠭᠦᠯᠵᠢᠯᠡᠨ ᠦᠢ᠍ᠯᠡᠴᠢᠯᠡᠭᠡ᠎ᠪᠠᠨ ᠰᠢᠯᠢᠳᠡᠭᠵᠢᠭᠦᠯᠵᠦ᠂ ᠣᠪᠣᠷ ᠰᠤᠷᠲᠠᠯ ᠵᠶ᠋ᠠᠨ ᠬᠤᠪᠢᠷᠠᠭᠤᠯᠵᠤ᠂ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ 〈ᠲᠣᠭ᠋ᠠᠴᠢᠯᠠᠭᠰᠠᠨ ᠬᠡᠯᠪᠡᠷᠢ ᠵᠢᠨ ᠬᠤᠪᠢᠷᠠᠭᠤᠯᠤᠯᠲᠠ᠂ ᠪᠠᠷᠢᠮᠵᠢᠶᠠᠵᠢᠭᠤᠯᠤᠭᠰᠠᠨ ᠪᠦᠲᠦᠭᠡᠨ ᠪᠠᠢ᠌ᠭᠤᠯᠤᠯᠲᠠ᠂ ᠲᠤᠰᠬᠠᠢ᠌ᠵᠢᠭᠰᠠᠨ ᠦᠢ᠍ᠯᠡᠴᠢᠯᠡᠭᠡ᠂ ᠨᠠᠷᠢᠯᠢᠭᠵᠢᠭᠤᠯᠤᠭᠰᠠᠨ ᠬᠠᠮᠢᠶᠠᠷᠤᠯᠲᠠ᠂ ᠨᠢᠭᠡ ᠴᠤᠭᠴᠠᠵᠢᠭᠤᠯᠤᠭᠰᠠᠨ ᠬᠢᠨᠠᠯᠲᠠ ᠲᠠᠯᠪᠢᠯᠲᠠ ᠲᠠᠪᠤᠨ ᠲᠤᠰᠬᠠᠶ ᠠᠵᠢᠯᠯᠠᠭ᠎ᠠ᠂ ᠲᠡᠷᠢᠭᠦᠨ᠎ᠤ ᠠᠷᠠᠯᠵᠢᠶᠠᠨ ᠲᠠᠪᠴᠠᠩ᠂ ᠲᠡᠷᠢᠭᠦᠨ᠎ᠤ ᠳᠦᠷᠢᠮ᠎ᠤᠨ ᠰᠢᠰᠲ᠋ᠧᠮ᠂ ᠲᠡᠷᠢᠭᠦᠨ᠎ᠤ ᠲᠤᠬᠠᠢ᠌ᠯᠠᠭᠰᠠᠨ ᠠᠵᠢᠯ᠎ᠤᠨ ᠪᠦᠯᠬᠦᠮ᠂ ᠲᠡᠷᠢᠭᠦᠨ᠎ᠤ ᠦᠢᠯᠡᠴᠢᠯᠡᠭᠡᠨ᠎ᠤ ᠨᠠᠷᠠᠲᠤ ᠲᠡᠮᠳᠡᠭ᠂ ᠲᠡᠷᠢᠭᠦᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠤᠨ ᠲᠠᠪᠤᠨ ᠲᠡᠷᠢᠭᠦᠨ᠎ᠤ ᠬᠠᠷᠠᠯᠲᠠ ᠵᠢ ᠴᠢᠷᠮᠠᠢ᠌ᠨ ᠡᠭᠦᠳᠬᠦ〉 ᠪᠣᠳᠠᠲᠠᠶ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠵᠢ ᠲᠣᠭᠲᠠᠭ᠋ᠠᠵᠤ᠂ ᠢᠯᠡ ᠵᠠᠬ᠎ᠠ ᠳᠡᠯᠭᠡᠭᠦᠷ᠎ᠲᠤ ᠲᠦᠰᠢᠭᠯᠡᠨ ᠢᠯᠡ ᠪᠤᠰᠤ ᠵᠠᠬ᠎ᠠ ᠳᠡᠯᠭᠡᠭᠦᠷ ᠲᠡᠰᠢ ᠬᠤᠪᠢᠷᠠᠭᠤᠯᠬᠤ ᠵᠢ ᠬᠦᠴᠦᠯᠡᠨ   ᠠᠬᠢᠭᠤᠯᠵᠤ᠂ ᠠᠷᠠᠯᠵᠢᠶᠠᠨ᠎ᠤ ᠪᠦᠬᠦ ᠶᠠᠪᠤᠴᠠ ᠵᠢ ᠡᠯᠸᠺᠲᠷᠤᠨᠴᠢᠯᠠᠬᠤ᠂ ᠰᠦᠯᠵᠢᠶᠡᠨ ᠳᠡᠭᠡᠷ᠎ᠡ ᠭᠦᠢᠴᠡᠳᠬᠡᠬᠦ᠂ ᠰᠢᠯᠵᠢᠭᠡ ᠭᠦᠢ᠍ᠴᠡᠳᠬᠡᠬᠦ᠂ ᠬᠤᠷᠤᠭᠤᠨ ᠦᠵᠦᠭᠦᠷ ᠳᠡᠭᠡᠷ᠎ᠡ ᠭᠦᠢ᠍ᠴᠡᠳᠬᠡᠬᠦ ᠵᠢ ᠪᠡᠶᠡᠯᠡᠭᠦᠯᠦᠨ᠂ ᠬᠥᠭᠵᠢᠯᠲᠡ ᠵᠢᠨ ᠠᠷᠭ᠎ᠠ ᠪᠠᠷᠢᠯ᠎ᠢ ᠠᠬᠢᠭᠤᠯᠵᠤ᠂ ᠥᠷᠭᠡᠨ ᠣᠯᠠᠨ ᠠᠵᠤ ᠠᠬᠤᠢ᠌ᠯᠠᠯ ᠪᠣᠯᠤᠨ ᠣᠯᠠᠨ ᠲᠦᠮᠡᠨ᠎ᠳᠤ ᠨᠡᠩ ᠰᠠᠢ᠌ᠨ ᠵᠶ᠋ᠠᠷ ᠦᠢ᠍ᠯᠡᠴᠢᠯᠡᠪᠡ᠃》 ᠭᠡᠵᠦ ᠶᠠᠷᠢᠵᠠᠢ᠃
      ᠣᠢ᠌ᠯᠠᠭ᠋ᠠᠭᠰᠠᠨ ᠵᠶ᠋ᠠᠷ᠂ ᠣᠳᠣᠬᠠᠨ᠎ᠳᠤ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠰᠦᠯᠵᠢᠶᠡᠨ ᠳᠡᠭᠡᠷᠡᠬᠢ ᠠᠷᠠᠯᠵᠢᠶᠠᠨ᠎ᠤ ᠰᠢᠰᠲ᠋ᠧᠮ᠎ᠢ ᠨᠢᠭᠡᠨᠲᠡ ᠪᠥᠬᠥ ᠣᠷᠣᠨ᠎ᠤ 12 ᠠᠢ᠌ᠮᠠᠭ ᠬᠣᠲᠠ ᠪᠣᠯᠤᠨ 2 ᠲᠤᠰᠠᠭ᠋ᠠᠷ ᠲᠥᠯᠥᠪᠯᠡᠭᠡᠲᠦ ᠬᠣᠲᠠ ᠵᠢᠴᠢ 103 ᠬᠣᠰᠢᠭᠤ ᠰᠢᠶᠠᠨ ᠲᠣᠭᠣᠷᠢᠭ᠎ᠲᠤ ᠪᠠᠢ᠌ᠷᠢᠯᠠᠭᠤᠯᠤᠭᠰᠠᠨ ᠪᠥᠭᠡᠳ ᠪᠦᠬᠦᠨ᠎ᠢ ᠠᠰᠢᠭᠯᠠᠯᠲᠠ᠎ᠳᠤ ᠣᠷᠣᠭᠤᠯᠵᠤ᠂ ᠪᠥᠬᠥ ᠣᠷᠣᠨ᠎ᠤ ᠪᠣᠶ ᠪᠥᠬᠥᠶ ᠪᠠᠢ᠌ᠭ᠋ᠠᠯᠢ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠷᠥᠯ ᠵᠦᠢᠯ᠎ᠤᠨ ᠪᠥᠬᠥ ᠶᠠᠪᠤᠴᠠ ᠵᠢ ᠡᠯᠸᠺᠲᠷᠤᠨᠴᠢᠯᠠᠭᠰᠠᠨ᠂ ᠴᠠᠭ᠋ᠠᠰᠤ ᠬᠡᠷᠡᠭᠯᠡᠬᠦ ᠥᠬᠡᠶ᠂ ᠨᠠᠭ᠋ᠠᠰᠢ ᠴᠠᠭ᠋ᠠᠰᠢ ᠬᠦᠶᠦᠬᠦ ᠦᠭᠡᠢ᠂ ᠰᠦᠢᠳᠬᠡᠯ ᠬᠤᠷᠢᠶᠠᠬᠤ ᠥᠬᠡᠶ ᠪᠠᠢ᠌ᠬᠤ ᠵᠢ ᠪᠡᠶᠡᠯᠡᠭᠦᠯᠪᠡ᠃
      ᠰᠢᠰᠲ᠋ᠧᠮ᠎ᠨᠢ ᠨᠠᠩ ᠣᠶᠤᠨᠯᠢᠭ᠂ ᠳᠠᠭ᠋ᠠᠭ᠋ᠠᠴᠢᠯᠠᠯᠲᠠ ᠬᠦᠯᠢᠶᠡᠬᠦ᠎ᠨᠢ ᠨᠠᠩ ᠳᠥᠭᠥᠮ ᠳᠥᠲᠡ᠂ ᠦᠢᠯᠡᠴᠢᠯᠡᠭᠡ᠎ᠨᠢ ᠨᠠᠩ ᠥᠨᠳᠥᠷ ᠪᠦᠲᠦᠮᠵᠢᠲᠡᠶ᠂ ᠠᠷᠠᠯᠵᠢᠶ᠎ᠠ᠎ᠨᠢ ᠨᠠᠩ ᠢᠯᠡ ᠲᠣᠳᠣ ᠪᠣᠯᠪᠠ᠃ ᠲᠣᠰ ᠲᠥᠪ᠎ᠤᠨ ᠠᠯᠢ ᠣᠯᠠᠨ ᠠᠷᠭ᠎ᠠ ᠬᠡᠮᠵᠢᠶ᠎ᠡ᠎ᠨᠢ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠠᠷᠠᠯᠵᠢᠶᠠᠨ᠎ᠤ ᠥᠪᠡᠷ᠎ᠤᠨ ᠥᠷᠲᠡᠭ᠎ᠢ ᠪᠠᠭᠤᠷᠠᠭᠤᠯᠵᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠣᠯᠠᠨ ᠨᠡᠢ᠌ᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠪᠡᠶᠡᠯᠡᠭᠦᠯᠵᠦ᠂ ᠡᠯ᠎ᠡ ᠲᠠᠯ᠎ᠠ ᠵᠢᠨ ᠠᠷᠠᠯᠵᠢᠶᠠᠨ᠎ᠤ ᠭᠣᠤᠯ ᠴᠣᠭᠴᠠ ᠵᠢᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠠᠵᠢᠯᠯᠠᠭ᠎ᠠ᠎ᠳᠤ ᠣᠷᠣᠯᠴᠠᠬᠤ ᠬᠠᠨᠤᠮᠵᠢ ᠵᠢᠨ ᠬᠡᠮᠵᠢᠶ᠎ᠡ᠎ᠨᠢ ᠢᠯᠡᠳᠲᠡ ᠳᠡᠭᠡᠭᠰᠢᠯᠡᠪᠡ᠃ ᠪᠦᠷᠢᠳᠬᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠡᠷ᠂ 1-5 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠡᠬᠢ ᠪᠠᠶᠠᠯᠢᠭ᠎ᠤᠨ ᠠᠷᠠᠯᠵᠢᠶ᠎ᠠ ᠵᠢᠨ ᠲᠣᠰ ᠱᠠᠲᠤᠨ᠎ᠤ ᠲᠠᠪᠴᠠᠩ᠎ᠤᠨ ᠠᠷᠠᠯᠵᠢᠶᠠᠨ᠎ᠤ ᠲᠥᠷᠥᠯ ᠵᠦᠢᠯ 9162 ᠪᠠᠢ᠌ᠵᠤ᠂ ᠠᠷᠠᠯᠵᠢᠶᠠᠯᠠᠭᠰᠠᠨ ᠵᠣᠭᠣᠰ᠎ᠤᠨ ᠲᠣᠭ᠎ᠠ᠎ᠨᠢ ᠨᠡᠢ᠌ᠲᠡ 528.12 ᠳ᠋ᠦᠩᠰᠢᠭᠤᠷ ᠲᠥᠭᠥᠷᠢᠭ᠎ᠲᠤ ᠬᠦᠷᠴᠦ᠂ ᠠᠷᠠᠯᠵᠢᠶᠠᠯᠠᠭᠰᠠᠨ ᠲᠥᠷᠥᠯ ᠵᠦᠢᠯ᠎ᠤᠨ ᠲᠣᠭ᠎ᠠ᠎ᠨᠢ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 18.66%᠎ᠪᠠᠷ ᠨᠡᠮᠡᠭᠳᠡᠵᠦ᠂ ᠠᠷᠠᠯᠵᠢᠶᠠᠯᠠᠭᠰᠠᠨ ᠵᠣᠭᠣᠰ᠎ᠤᠨ ᠲᠣᠭ᠎ᠠ᠎ᠨᠢ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 315.86%᠎ᠪᠠᠷ ᠨᠡᠮᠡᠭᠳᠡᠪᠡ; ᠪᠥᠬᠥ ᠣᠷᠣᠨ᠎ᠤ ᠣᠯᠠᠨ ᠨᠡᠢ᠌ᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠷᠥᠯ ᠵᠦᠢᠯ 36092 ᠪᠠᠢ᠌ᠵᠤ᠂ ᠠᠷᠠᠯᠵᠢᠶᠠᠯᠠᠭᠰᠠᠨ ᠵᠣᠭᠣᠰ᠎ᠤᠨ ᠲᠣᠭ᠎ᠠ᠎ᠨᠢ ᠨᠡᠢ᠌ᠲᠡ 1235.68 ᠳ᠋ᠦᠩᠰᠢᠭᠤᠷ ᠲᠥᠭᠥᠷᠢᠭ᠎ᠲᠤ ᠬᠦᠷᠴᠦ᠂ ᠠᠷᠠᠯᠵᠢᠶᠠᠯᠠᠭᠰᠠᠨ ᠲᠥᠷᠥᠯ ᠵᠦᠢᠯ᠎ᠤᠨ ᠲᠣᠭ᠎ᠠ᠎ᠨᠢ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 40.54%᠎ᠪᠠᠷ ᠨᠡᠮᠡᠭᠳᠡᠵᠦ᠂ ᠠᠷᠠᠯᠵᠢᠶᠠᠯᠠᠭᠰᠠᠨ ᠵᠣᠭᠣᠰ᠎ᠤᠨ ᠲᠣᠭ᠎ᠠ᠎ᠨᠢ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 80.65%᠎ᠪᠠᠷ ᠨᠡᠮᠡᠭᠳᠡᠪᠡ᠃
      ᠭᠣᠣᠯ ᠰᠡᠳᠦᠪᠲᠦ ᠬᠥᠮᠦᠵᠢᠯ᠎ᠢ ᠭᠦᠨᠵᠡᠭᠡᠢ᠌ᠷᠡᠭᠦᠯᠦᠨ ᠠᠬᠢᠭᠤᠯᠤᠭᠰᠠᠨ᠎ᠤ ᠠᠴᠢ᠎ᠪᠠᠷ᠂ ᠥᠪᠡᠷᠲᠡᠭᠡᠨ ᠵᠠᠰᠠᠬᠤ ᠣᠷᠣᠨ᠎ᠤ ᠤᠯᠠᠨ ᠨᠡᠢ᠌ᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠪ᠎ᠤᠨ ᠦᠢ᠍ᠯᠡᠴᠢᠯᠡᠭᠡ ᠨᠡᠩ ᠥᠨᠳᠥᠷ ᠪᠦᠲᠦᠮᠵᠢᠲᠡᠢ ᠳᠦᠭᠦᠮ ᠳᠦᠲᠡ᠂ ᠨᠡᠩ ᠲᠤᠰᠬᠠᠢ ᠨᠠᠷᠢᠨ ᠣᠨᠣᠪᠴᠢᠲᠠᠢ ᠴᠢᠭᠯᠡᠯ ᠲᠡᠢ᠌ᠰᠢ ᠤᠷᠤᠭᠰᠢᠯᠠᠵᠤ ᠪᠠᠢ᠌ᠨ᠎ᠠ᠃ ᠤᠤᠯ᠎ᠳᠤ᠎ᠪᠠᠨ ᠦᠷᠭᠦᠯᠵᠢ ᠲᠥᠪ᠎ᠲᠤ ᠢᠷᠡᠵᠦ ᠲᠤᠬᠠᠢ᠌ᠯᠠᠭᠰᠠᠨ ᠠᠵᠢᠯ ᠵᠶ᠋ᠠᠨ ᠭᠦᠢ᠍ᠴᠡᠳᠬᠡᠬᠦ ᠴᠢᠬᠤᠯᠠᠲᠠᠢ ᠪᠠᠢ᠌ᠭᠰᠠᠨ ᠥᠪᠥᠷ ᠮᠣᠩᠭᠣᠯ᠎ᠤᠨ ᠳᠠᠭ᠋ᠠᠭ᠋ᠠᠴᠢᠯᠠᠯᠲᠠ ᠵᠠᠷᠯᠠᠬᠤ ᠬᠢᠵᠠᠭ᠋ᠠᠷᠲᠤ ᠺᠣᠮᠫᠠᠨᠢ ᠵᠢᠨ ᠠᠵᠢᠯᠳᠠᠨ ᠷᠧᠨ ᠶᠢᠩ᠄   《ᠥᠩᠭᠡᠷᠡᠭᠰᠡᠨ᠎ᠳᠤ ᠠᠵᠢᠯ ᠶᠠᠪᠤᠳᠠᠯ ᠭᠦᠢ᠍ᠴᠡᠳᠬᠡᠬᠦ ᠶᠡᠬᠡ ᠲᠢᠩᠬᠢᠮ᠎ᠳᠤ ᠡᠳᠦᠷ ᠪᠣᠯᠭ᠋ᠠᠨ ᠬᠥᠮᠦᠨ ᠬᠠᠷ᠎ᠠ ᠳᠦᠭᠦᠷᠴᠦ᠂ ᠨᠢᠭᠡ ᠵᠦᠢ᠍ᠯ᠎ᠤᠨ ᠲᠤᠬᠠᠢ᠌ᠯᠠᠭᠰᠠᠨ ᠠᠵᠢᠯ᠎ᠢ ᠬᠢᠬᠦ᠎ᠳᠤ ᠬᠠᠭ᠋ᠠᠰ ᠴᠠᠭ ᠭᠠᠷᠤᠢ ᠮᠥᠷᠯᠡᠵᠦ᠂ ᠭᠤᠷᠪᠠ ᠲᠦᠷᠪᠡᠨ ᠤᠳᠠᠭ᠎ᠠ ᠭᠦᠶᠦᠭᠡᠳ ᠰᠠᠶᠢ ᠭᠦᠢ᠍ᠴᠡᠳᠬᠡᠵᠦ ᠪᠠᠷᠠᠳᠠᠭ᠃ ᠣᠲᠣ ᠡᠯᠧᠺᠲᠷᠣᠨ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠦᠢᠯᠡᠴᠢᠯᠡᠭᠡᠨ᠎ᠤ ᠲᠠᠪᠴᠠᠩ᠎ᠲᠠᠢ ᠪᠣᠯᠵᠣ᠂ ᠣᠯᠠᠨ ᠨᠡᠢ᠌ᠲᠡ ᠵᠢᠨ ᠡᠬᠢ ᠪᠠᠶᠠᠯᠢᠭ᠎ᠤᠨ ᠠᠷᠠᠯᠵᠢᠶ᠎ᠠ᠎ᠨᠢ ᠪᠥᠬᠥ ᠶᠠᠪᠤᠴᠠ᠎ᠳᠤ ᠡᠯᠸᠺᠲᠷᠤᠨᠴᠢᠯᠠᠭᠰᠠᠨ ᠳᠠᠭ᠋ᠠᠭ᠋ᠠᠴᠢᠯᠠᠯᠲᠠ ᠵᠠᠷᠯᠠᠬᠤ ᠵᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠭᠣᠭᠴᠣᠭ᠎ᠠ ᠵᠢ ᠪᠠᠭ᠋ᠠᠰᠬᠠᠭᠰᠠᠨ ᠵᠶ᠋ᠠᠷ ᠪᠠᠷᠠᠬᠤ ᠥᠬᠡᠶ᠂ ᠪᠠᠰᠠ ᠠᠵᠢᠯ ᠶᠠᠪᠤᠳᠠᠯ ᠭᠦᠢᠴᠡᠳᠬᠡᠬᠦ ᠶᠠᠪᠤᠴᠠ ᠵᠢ ᠰᠢᠯᠢᠳᠡᠭᠵᠢᠭᠦᠯᠵᠦ᠂ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠂ ᠠᠵᠤ ᠠᠬᠤᠢ᠌ᠯᠠᠯ᠎ᠤᠨ ᠴᠠᠭ ᠪᠠ ᠥᠪᠡᠷ᠎ᠤᠨ ᠥᠷᠲᠡᠭ᠎ᠢ ᠶᠡᠬᠡ᠎ᠪᠠᠷ ᠠᠷᠪᠢᠯᠠᠵᠤ᠂ ᠲᠡᠳᠡᠨ᠎ᠳᠤ ᠮᠠᠭᠲᠠᠭ᠋ᠠᠯ ᠳᠡᠪᠰᠢᠭᠦᠯᠬᠦ ᠥᠬᠡᠶ ᠪᠠᠢ᠌ᠬᠤ ᠵᠢᠨ ᠠᠷᠭ᠎ᠠ ᠥᠬᠡᠶ》 ᠭᠡᠵᠦ ᠰᠡᠳᠬᠢᠯ᠎ᠤᠨ ᠦᠭᠡ᠎ᠪᠠᠨ ᠶᠠᠷᠢᠪᠠ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠪᠡᠭᠡᠵᠢᠩ᠎ᠳᠤ ᠣᠷᠣᠬᠤ ᠲᠡᠭᠡᠭᠡᠪᠦᠷᠢ ᠵᠢᠨ ᠵᠠᠮ᠎ᠢ ᠰᠠᠭ᠋ᠠᠳ ᠦᠭᠡᠢ ᠨᠠᠪᠲᠠᠷᠡᠭᠦᠯᠵᠦ ᠨᠡᠢ᠌ᠰᠯᠡᠯ᠎ᠤᠨ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠵᠢ ᠳᠡᠮᠵᠢᠪᠡ
ᠪᠥᠬᠥ ᠣᠷᠣᠨ᠎ᠤ 11.8 ᠲᠦᠮᠡᠨ ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠲᠤ 《ᠴᠠᠭ᠋ᠠᠰᠤᠨ ᠭᠡᠷᠡᠴᠢ ᠦᠨᠡᠮᠯᠡᠯ᠎ᠢ᠎ᠨᠢ ᠬᠡᠯᠲᠦᠷᠢᠭᠦᠯᠵᠦ ᠭᠦᠢ᠍ᠴᠡᠳᠭᠡᠬᠦ》 ᠵᠢ ᠪᠡᠶᠡᠯᠡᠭᠦᠯᠪᠡ
ᠥᠪᠥᠷ ᠮᠣᠩᠭᠤᠯ᠎ᠤᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠎ᠢ ᠵᠣᠯᠭ᠋ᠠᠭᠤᠯᠬᠤ ᠬᠤᠷᠠᠯ ᠪᠡᠭᠡᠵᠢᠩ᠎ᠳᠤ ᠶᠠᠪᠤᠭᠳᠠᠪᠠ
《ᠲᠠᠪᠤᠨ ᠶᠡᠭᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠤᠯ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠦᠷᠭᠦᠯᠵᠢᠯᠡᠨ ᠠᠬᠢᠭᠤᠯᠵᠤ ᠪᠣᠢ
 
            