ᠣᠢ᠌ᠷ᠎ᠠ᠎ᠳᠤ᠂ ᠪᠡᠭᠡᠵᠢᠩ᠂ ᠾᠧᠪᠧᠢ ᠵᠡᠷᠭᠡ ᠭᠠᠵᠠᠷ᠎ᠲᠤ ᠵᠠᠯᠭ᠋ᠠᠭ᠎ᠠ᠎ᠪᠠᠷ ᠰᠢᠷᠦᠭᠦᠨ ᠪᠣᠷᠣᠭ᠋ᠠᠨ ᠣᠷᠣᠪᠠ᠃ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠦᠶᠡᠷ᠎ᠤᠨ ᠪᠠᠢ᠌ᠳᠠᠯ ᠵᠶ᠋ᠠᠷ ᠵᠠᠷᠯᠢᠭ ᠪᠣᠯᠭ᠋ᠠᠵᠤ᠂ ᠲᠡᠷᠡ ᠳᠠᠷᠤᠢ᠎ᠳᠤ᠎ᠨᠢ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠠᠴᠠ ᠨᠡᠢ᠌ᠰᠯᠡᠯᠢ ᠳᠡᠮᠵᠢᠬᠦ᠎ᠪᠠᠷ ᠭᠤᠶᠤᠴᠢᠯᠠᠵᠤ᠂ ᠪᠡᠭᠡᠵᠢᠩ᠎ᠳᠤ ᠣᠷᠣᠬᠤ ᠲᠡᠭᠡᠭᠡᠪᠦᠷᠢ ᠵᠢᠨ ᠵᠠᠮ᠎ᠢ ᠪᠦᠬᠦ ᠬᠦᠴᠦᠨ ᠵᠶ᠋ᠡᠷ ᠵᠶ᠋ᠡᠨ ᠨᠠᠪᠲᠠᠷᠡᠭᠦᠯᠵᠦ᠂ ᠳᠡᠭᠡᠳᠦ ᠬᠤᠷᠳᠤ ᠵᠢᠨ ᠵᠠᠰᠠᠮᠠᠯ ᠵᠠᠮ᠎ᠤᠨ 《ᠰᠠᠭ᠋ᠠᠳ ᠦᠭᠡᠢ ᠨᠡᠪᠲᠡᠷᠡᠬᠦ ᠵᠠᠮ》᠎ᠢ ᠨᠡᠭᠡᠭᠡᠵᠦ᠂ ᠰᠢᠯᠢ ᠵᠢᠨ ᠭᠣᠣᠯ ᠠᠢ᠌ᠮᠠᠭ᠎ᠤᠨ ᠭᠠᠮᠰᠢᠭ᠎ᠠᠴᠠ ᠠᠪᠤᠷᠠᠬᠤ ᠡᠳ᠋ ᠪᠠᠷᠠᠭ᠎ᠠ ᠵᠢᠨ 100 ᠲᠣᠨ ᠬᠤᠨᠢᠨ ᠮᠢᠬ᠎ᠠ ᠵᠢ ᠬᠠᠮᠠᠭ᠋ᠠᠯᠠᠨ ᠪᠡᠭᠡᠵᠢᠩ ᠬᠤᠳᠠ ᠵᠢᠨ ᠮᠧᠨ ᠲᠧᠦ ᠭᠧᠦ ᠪᠣᠯᠣᠨ ᠹᠠᠩᠱ᠌ᠠᠨ ᠲᠣᠭᠣᠷᠢᠭ᠎ᠲᠤ ᠬᠦᠷᠭᠡᠵᠦ᠂ ᠭᠠᠮᠰᠢᠭ᠎ᠠᠴᠠ ᠠᠪᠤᠷᠠᠬᠤ ᠡᠳ᠋ ᠪᠠᠷᠠᠭ᠎ᠠ ᠵᠢ ᠲᠡᠷᠡ ᠳᠠᠷᠤᠢ᠎ᠳᠤ᠎ᠨᠢ ᠠᠪᠤᠷᠠᠨ ᠲᠤᠰᠠᠯᠠᠬᠤ ᠨᠢᠭᠡᠳᠦᠭᠡᠷ ᠹᠷᠣᠨᠲ᠎ᠲᠤ ᠬᠦᠷᠭᠡᠵᠦ᠂ ᠤᠯᠠᠨ ᠲᠦᠮᠡᠨ᠎ᠤ ᠭᠠᠷ᠎ᠲᠤ ᠬᠦᠷᠭᠡᠬᠦ ᠵᠢ ᠪᠠᠲᠤᠯᠠᠪᠠ᠃
ᠮᠠᠨ᠎ᠤ ᠣᠷᠣᠨ᠎ᠤ ᠪᠡᠭᠡᠵᠢᠩ᠎ᠳᠤ ᠣᠷᠣᠬᠤ ᠨᠡᠪᠲᠡᠷᠡᠬᠦ ᠵᠠᠮ᠎ᠨᠢ ᠭᠣᠣᠯᠳᠠᠭᠤ ᠤᠯᠠᠭ᠋ᠠᠨᠴᠠᠪ ᠬᠣᠲᠠ᠂ ᠰᠢᠯᠢ ᠵᠢᠨ ᠭᠣᠣᠯ ᠠᠢ᠌ᠮᠠᠭ᠂ ᠤᠯᠠᠭ᠋ᠠᠨᠬᠠᠳᠠ ᠬᠣᠲᠠ ᠵᠡᠷᠭᠡ ᠭᠤᠷᠪᠠᠨ ᠠᠢ᠌ᠮᠠᠭ ᠬᠣᠲᠠ᠎ᠪᠠᠷ ᠥᠩᠭᠡᠷᠡᠵᠦ᠂ ᠨᠡᠶ᠋ᠢᠲᠡ 15 ᠵᠤᠷᠪᠤᠰ ᠪᠠᠢ᠌ᠨ᠎ᠠ᠃ ᠡᠭᠦᠨ᠎ᠳᠤ᠂ ᠳᠡᠭᠡᠳᠦ ᠬᠤᠷᠳᠤ ᠵᠢᠨ ᠵᠠᠰᠠᠮᠠᠯ ᠵᠠᠮ 6 ᠵᠤᠷᠪᠤᠰ ᠪᠣᠶ᠂ ᠲᠣᠰ ᠲᠣᠰ G6 ᠪᠡᠭᠡᠵᠢᠩ᠎ᠠᠴᠠ ᠲᠥᠪᠡᠳ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ᠂ G7 ᠪᠡᠭᠡᠵᠢᠩ᠎ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ᠂ G18 ᠷᠦᠩᠴᠸᠩᠠᠴᠠ ᠦᠬᠠᠢ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ᠂ G45 ᠳ᠋ᠠᠴᠢᠩ᠎ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ᠂ G1013 ᠬᠠᠢ᠌ᠯᠠᠷ᠎ᠠᠴᠠ ᠵᠠᠩ ᠵᠢᠶᠠ ᠺᠧᠦ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ᠂ G5516 ᠰᠦᠨᠢᠳ᠎ᠠᠴᠠ ᠬᠤᠸᠠᠳ᠋ᠸ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ ᠪᠣᠯᠤᠨ᠎ᠠ; ᠡᠩ᠎ᠤᠨ ᠤᠯᠤᠰ᠎ᠤᠨ ᠵᠠᠮ 5 ᠵᠤᠷᠪᠤᠰ᠂ ᠮᠤᠵᠢ ᠵᠢᠨ ᠵᠠᠮ 4 ᠵᠤᠷᠪᠤᠰ ᠪᠣᠢ᠃ ᠪᠡᠭᠡᠵᠢᠩ᠎ᠳᠤ ᠣᠷᠣᠬᠤ ᠵᠠᠮ ᠨᠡᠪᠲᠡᠷᠡᠯᠭᠡ ᠵᠢᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠵᠢᠨ ᠲᠥᠯᠥᠭᠡ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠤᠳ ᠪᠡᠭᠡᠵᠢᠩ᠎ᠳᠤ ᠣᠷᠣᠬᠤ ᠵᠠᠰᠠᠮᠠᠯ ᠵᠠᠮ᠎ᠤᠨ ᠬᠥᠭᠥᠷᠭᠡ ᠭᠤᠯᠳᠤᠩ᠂ ᠨᠦᠬᠡᠨ ᠵᠠᠮ᠂ ᠤᠷᠲᠤ ᠶᠡᠬᠡ ᠤᠷᠤᠭᠤ ᠭᠠᠵᠠᠷ᠂ ᠣᠭᠵᠣᠮ ᠮᠤᠷᠤᠢ᠌ᠬᠤ ᠡᠭᠴᠡ ᠬᠥᠲᠥᠯ᠂ ᠤᠰᠤ ᠳᠠᠭ᠋ᠠᠤ᠂ ᠬᠠᠳᠠ ᠳᠠᠭ᠋ᠠᠤ᠂ ᠥᠨᠳᠥᠷ ᠬᠦᠪᠡᠭᠡᠨ ᠨᠠᠯᠠᠤ᠂ ᠦᠨᠳᠦᠷ ᠵᠠᠮ᠎ᠤᠨ ᠲᠠᠯᠠᠩ᠂ ᠪᠠᠷᠢᠯᠭ᠎ᠠ ᠵᠢᠨ ᠠᠵᠢᠯ᠎ᠤᠨ ᠵᠠᠮ ᠵᠡᠷᠭᠡ ᠠᠶᠤᠯ ᠲᠦᠭᠰᠢᠭᠦᠷᠢ ᠶᠡᠬᠡᠲᠡᠢ ᠬᠡᠰᠡᠭ ᠪᠠ ᠭᠠᠮᠰᠢᠭ ᠠᠮᠠᠷᠬᠠᠨ ᠡᠭᠦᠰᠳᠡᠭ ᠵᠠᠮ᠎ᠤᠨ ᠬᠡᠰᠡᠭ᠎ᠤᠨ ᠳᠠᠯᠳᠠ ᠬᠡᠮ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ᠂ ᠳᠠᠯᠳᠠ ᠬᠡᠮ᠎ᠢ ᠴᠠᠭ ᠲᠤᠬᠠᠢᠳᠤᠨᠢ ᠰᠢᠢ᠍ᠳᠪᠦᠷᠢᠯᠡᠪᠡ᠃ ᠣᠳᠣᠬᠠᠨ᠎ᠳᠤ᠂ 15 ᠵᠤᠷᠪᠤᠰ ᠭᠣᠣᠯᠳᠠᠯᠭ᠎ᠠ᠎ᠲᠠᠢ ᠨᠡᠪᠲᠡᠷᠡᠬᠦ ᠵᠠᠮ ᠬᠡᠪ᠎ᠤᠨ ᠪᠠᠢ᠌ᠳᠠᠯ ᠵᠶ᠋ᠠᠷ ᠨᠡᠪᠲᠡᠷᠡᠵᠦ ᠪᠠᠢ᠌ᠨ᠎ᠠ᠃ ᠡᠭᠦᠨ᠎ᠤ ᠬᠠᠮᠲᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠶᠤᠯ᠎ᠠᠴᠠ ᠠᠪᠤᠷᠠᠬᠤ ᠪᠡᠯᠡᠳᠬᠡᠯ᠎ᠢ ᠰᠠᠢ᠌ᠲᠤᠷ ᠬᠢᠵᠦ᠂ ᠵᠠᠰᠠᠮᠠᠯ ᠵᠠᠮ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠩᠨᠡᠭᠡ ᠵᠢ 687 ᠲᠥᠪᠯᠡᠷᠡᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠡᠭᠡᠭᠡᠪᠦᠷᠢ ᠵᠢᠨ ᠬᠦᠴᠦᠨ᠎ᠢ 1150 ᠰᠠᠤᠷᠢ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠳ᠋ ᠪᠠᠷᠠᠭ᠎ᠠ ᠵᠢ 11 ᠲᠦᠮᠡᠨ ᠲᠣᠨ ᠰᠢᠬᠠᠮ ᠨᠥᠭᠡᠴᠡᠯᠡᠵᠦ᠂ ᠵᠠᠩᠭᠢᠯᠠᠭ᠎ᠠ ᠵᠢᠨ ᠦᠶ᠎ᠡ᠎ᠳᠤ ᠲᠡᠬᠡᠬᠡᠪᠦᠷᠢᠯᠡᠵᠦ ᠭᠠᠷᠴᠤ ᠳᠡᠶ᠋ᠢᠯᠬᠦ᠂ ᠬᠡᠷᠡᠭᠯᠡᠵᠦ ᠳᠡᠶ᠋ᠢᠯᠬᠦ᠂ ᠢᠯᠠᠯᠲᠠ ᠣᠯᠬᠤ ᠵᠢ ᠦᠨᠡᠨ ᠬᠦ᠌ ᠪᠠᠲᠤᠯᠠᠪᠠ᠃
(ᠲᠢᠩᠬᠢᠮ᠎ᠤᠨ ᠠᠯᠪᠠᠨ ᠭᠡᠷ)