ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠪᠥᠬᠥ ᠣᠷᠣᠨ᠎ᠤ 11.8 ᠲᠦᠮᠡᠨ ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠲᠤ 《ᠴᠠᠭ᠋ᠠᠰᠤᠨ ᠭᠡᠷᠡᠴᠢ ᠦᠨᠡᠮᠯᠡᠯ᠎ᠢ᠎ᠨᠢ ᠬᠡᠯᠲᠦᠷᠢᠭᠦᠯᠵᠦ ᠭᠦᠢ᠍ᠴᠡᠳᠭᠡᠬᠦ》 ᠵᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2023-09-08

      ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠠᠴᠠ ᠣᠢ᠌ᠯᠠᠭ᠋ᠠᠭᠰᠠᠨ ᠵᠶ᠋ᠠᠷ᠂ ᠣᠳᠤᠬᠠᠨ ᠪᠣᠯᠲᠠᠯ᠎ᠠ᠂ ᠪᠥᠬᠥ ᠣᠷᠣᠨ᠎ᠤ 11.8 ᠲᠦᠮᠡᠨ ᠵᠦᠢ᠍ᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠲᠤ 《ᠴᠠᠭ᠋ᠠᠰᠤᠨ ᠭᠡᠷᠡᠴᠢ ᠦᠨᠡᠮᠯᠡᠯ᠎ᠢ᠎ᠨᠢ ᠬᠡᠯᠲᠦᠷᠢᠭᠦᠯᠵᠦ ᠭᠦᠢ᠍ᠴᠡᠳᠭᠡᠬᠦ》 ᠵᠢ ᠪᠡᠶᠡᠯᠡᠭᠦᠯᠪᠡ᠂ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 485 ᠵᠦᠢ᠍ᠯ ᠪᠠᠢ᠌ᠵᠤ᠂ ᠵᠠᠮ ᠬᠠᠷᠢᠯᠴᠠᠭ᠎ᠠ ᠲᠡᠭᠡᠭᠡᠪᠦᠷᠢ᠂ ᠨᠡᠢ᠌ᠭᠡᠮ᠎ᠤᠨ  ᠬᠡᠷᠡᠭ ᠶᠠᠪᠤᠳᠠᠯ᠂ ᠰᠤᠷᠭ᠋ᠠᠨ ᠬᠥᠮᠦᠵᠢᠯ ᠡᠷᠡᠭᠦᠯ ᠬᠠᠮᠠᠭ᠋ᠠᠯᠠᠯ ᠵᠡᠷᠭᠡ ᠣᠯᠠᠨ ᠬᠦᠷᠢᠶᠡᠨ᠎ᠳᠤ ᠬᠣᠯᠪᠣᠭᠳᠠᠵᠤ ᠪᠠᠢ᠌ᠨ᠎ᠠ᠃
      ᠡᠨᠡ ᠵᠢᠯ᠂ ᠪᠦᠬᠦ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠦᠷᠢᠶᠡᠨ᠎ᠳᠤ ᠠᠵᠤ ᠠᠬᠤᠢ᠌ᠯᠠᠯ᠎ᠤᠨ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ ᠬᠡᠷᠡᠭᠴᠡᠭᠡ ᠱᠠᠭ᠋ᠠᠷᠳᠠᠯᠭ᠎ᠠ ᠵᠢᠨ 《ᠨᠢᠭᠡ ᠰᠦᠯᠵᠢᠶ᠎ᠡ᠎ᠪᠠᠷ ᠨᠡᠢ᠌ᠳᠡᠮ ᠭᠦᠢ᠍ᠴᠡᠳᠭᠡᠬᠦ》 ᠵᠢᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠠᠰᠢᠭ᠎ᠢ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠭᠦᠢ᠍ᠴᠡᠳᠬᠡᠬᠦ᠎ᠳᠤ ᠭᠣᠭᠴᠣᠭ᠎ᠠ ᠵᠢ ᠪᠠᠭ᠋ᠠᠰᠬᠠᠬᠤ᠂ ᠮᠠᠲ᠋ᠧᠷᠢᠶᠠᠯ᠎ᠢ ᠪᠠᠭ᠋ᠠᠰᠬᠠᠬᠤ᠂ ᠴᠠᠭ᠎ᠤᠨ ᠬᠢᠵᠠᠭ᠋ᠠᠷ᠎ᠢ ᠪᠠᠭ᠋ᠠᠰᠬᠠᠬᠤ᠂ ᠵᠠᠷᠤᠳᠠᠯ᠎ᠢ ᠪᠠᠭ᠋ᠠᠰᠬᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠯᠧᠺᠲᠷᠣᠨ ᠭᠡᠷᠡᠴᠢ ᠦᠨᠡᠮᠯᠡᠯ᠎ᠤᠨ ᠲᠣᠭ᠎ᠠ ᠪᠠᠷᠢᠮᠲᠠ ᠵᠢ ᠬᠤᠷᠠᠮᠳᠤᠭᠤᠯᠬᠤ ᠵᠢᠴᠢ ᠬᠠᠮᠲᠤ᠎ᠪᠠᠷ ᠭᠥᠷᠳᠡᠵᠦ ᠬᠡᠷᠡᠭᠯᠡᠬᠦ ᠵᠢ ᠢᠳᠡᠪᠬᠢᠲᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ 16 ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠡᠭᠴᠡ ᠪᠦᠲᠦᠭᠡᠨ ᠪᠠᠢ᠌ᠭᠤᠯᠤᠯᠲᠠ ᠵᠢᠨ ᠰᠢᠰᠲ᠋ᠧᠮ ᠪᠠ ᠡᠯᠧᠺᠲᠷᠣᠨ ᠭᠡᠷᠡᠴᠢ ᠦᠨᠡᠮᠯᠡᠯ᠎ᠤᠨ ᠬᠥᠮᠥᠷᠭᠡ᠎ᠯᠦᠭᠡ ᠵᠣᠯᠭ᠋ᠠᠭᠤᠯᠬᠤ ᠵᠢ ᠪᠡᠶᠡᠯᠡᠭᠦᠯᠵᠦ᠂ ᠲᠣᠭ᠎ᠠ ᠪᠠᠷᠢᠮᠲᠠ ᠵᠢ ᠬᠠᠮᠲᠤ᠎ᠪᠠᠷ ᠭᠥᠷᠳᠡᠬᠦ᠂ ᠰᠦᠯᠵᠢᠶ᠎ᠡ᠎ᠪᠠᠷ ᠬᠢᠨᠠᠨ ᠰᠢᠯᠭ᠋ᠠᠬᠤ᠎ᠪᠠᠷ ᠳᠡᠮᠵᠢᠨ ᠡᠯᠧᠺᠲᠷᠣᠨ ᠭᠡᠷᠡᠴᠢ ᠦᠨᠡᠮᠯᠡᠯ᠎ᠢ ᠡᠯ᠎ᠡ ᠲᠤᠬᠠᠢ᠌ᠯᠠᠭᠰᠠᠨ ᠠᠵᠢᠯ᠎ᠤᠨ ᠰᠠᠯᠠᠭ᠎ᠠ ᠮᠥᠴᠢᠷ᠎ᠤᠨ ᠬᠣᠭᠣᠷᠣᠨᠳᠤ ᠬᠠᠷᠢᠯᠴᠠᠨ ᠨᠡᠪᠲᠡᠷᠡᠯᠴᠡᠭᠦᠯᠬᠦ ᠵᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠴᠤᠪᠤᠷᠠᠯ᠎ᠢ ᠨᠠᠩ ᠰᠢᠯᠢᠳᠡᠭᠵᠢᠭᠦᠯᠪᠡ᠃
      ᠣᠳᠣᠬᠠᠨ᠎ᠳᠤ᠂ ᠪᠥᠬᠥ ᠣᠷᠣᠨ᠎ᠳᠤ ᠨᠢᠭᠡᠨᠲᠡ ᠲᠣᠭᠲᠠᠮᠠᠯ ᠬᠥᠷᠥᠩᠭᠡ ᠵᠢᠨ ᠡᠷᠬᠡ ᠵᠢᠨ ᠦᠨᠡᠮᠯᠡᠯ᠂ ᠣᠷᠣᠭ᠎ᠤᠨ ᠦᠨᠡᠮᠯᠡᠯ᠂ ᠡᠵᠡᠩᠨᠡᠯᠲᠡ ᠵᠢᠨ ᠦᠨᠡᠮᠯᠡᠯ ᠵᠡᠷᠭᠡ 640 ᠭᠠᠷᠤᠢ ᠲᠥᠷᠥᠯ᠂ 6950 ᠲᠦᠮᠡᠨ ᠵᠤᠷᠪᠤᠰ ᠦᠨᠡᠮᠯᠡᠯ᠎ᠤᠨ ᠲᠣᠭ᠎ᠠ ᠪᠠᠷᠢᠮᠲᠠ ᠵᠢ ᠬᠤᠷᠠᠮᠳᠤᠭᠤᠯᠵᠤ᠂ ᠨᠡᠶ᠋ᠢᠲᠡ ᠬᠠᠮᠲᠤ᠎ᠪᠠᠷ ᠬᠦᠷᠲᠡᠵᠦ ᠰᠢᠯᠵᠢᠭᠦᠯᠦᠨ ᠬᠡᠷᠡᠭᠯᠡᠭᠰᠡᠨ ᠬᠡᠮᠵᠢᠶ᠎ᠡ᠎ᠨᠢ 10 ᠳ᠋ᠦᠩᠰᠢᠭᠤᠷ ᠤᠳᠠᠭ᠎ᠠ ᠵᠢ ᠳᠠᠪᠠᠵᠤ᠂ ᠠᠵᠤ ᠠᠬᠤᠢ᠌ᠯᠠᠯ ᠪᠠ ᠣᠯᠠᠨ ᠲᠦᠮᠡᠨ 《ᠮᠦᠩᠬᠡ ᠰᠤᠪᠠᠭ》᠎ᠤᠨ ᠰᠢᠯᠵᠢᠮᠡᠯ ᠦᠵᠦᠭᠦᠷ ᠪᠠ ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ᠎ᠪᠠᠷ ᠳᠠᠮᠵᠢᠭᠤᠯᠤᠨ ᠥᠪᠡᠷ᠎ᠤᠨ ᠡᠯᠧᠺᠲᠷᠣᠨ ᠭᠡᠷᠡᠴᠢ ᠦᠨᠡᠮᠯᠡᠯ ᠵᠶ᠋ᠡᠨ ᠪᠠᠢ᠌ᠴᠠᠭ᠋ᠠᠨ ᠦᠵᠡᠬᠦ ᠪᠤᠶᠤ ᠪᠠᠭᠤᠯᠭ᠋ᠠᠨ ᠠᠪᠴᠤ ᠪᠣᠯᠣᠨ᠎ᠠ᠃ ᠪᠥᠬᠥ ᠣᠷᠣᠨ᠎ᠳᠤ 《ᠴᠠᠭ᠋ᠠᠰᠤᠨ ᠭᠡᠷᠡᠴᠢ ᠦᠨᠡᠮᠯᠡᠯ᠎ᠢ᠎ᠨᠢ ᠬᠡᠯᠲᠦᠷᠢᠭᠦᠯᠵᠦ ᠭᠦᠢ᠍ᠴᠡᠳᠭᠡᠬᠦ》 ᠦᠢ᠍ᠯᠡᠴᠢᠯᠡᠭᠡ᠎ᠪᠠᠷ ᠳᠡᠮᠵᠢᠨ ᠨᠢᠭᠡᠨᠲᠡ 4.7 ᠲᠦᠮᠡᠨ ᠬᠤᠪᠢ ᠦᠢ᠍ᠯᠡᠴᠢᠯᠡᠭᠡ ᠵᠢ ᠭᠦᠢ᠍ᠴᠡᠳᠬᠡᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠳᠥᠭᠥᠮᠴᠢᠯᠡᠯᠲᠡ ᠵᠢᠨ ᠬᠢᠷᠢ  ᠲᠦᠪᠰᠢᠨ᠎ᠢ ᠪᠦᠲᠦᠮᠵᠢᠲᠡᠶ᠎ᠪᠠᠷ ᠳᠡᠭᠡᠭᠰᠢᠯᠡᠭᠦᠯᠦᠨ᠂ ᠠᠵᠤ ᠠᠬᠤᠢ᠌ᠯᠠᠯ ᠪᠠ ᠣᠯᠠᠨ ᠲᠦᠮᠡᠨ᠎ᠤ ᠥᠪᠡᠷ᠎ᠤᠨ ᠥᠷᠲᠡᠭ᠎ᠢ  ᠦᠨᠡᠨ ᠬᠦ᠌ ᠪᠠᠭᠤᠷᠠᠭᠤᠯᠵᠤ᠂ ᠲᠥᠬᠥᠮ ᠨᠥᠬᠥᠴᠡᠯ᠎ᠢ ᠨᠡᠮᠡᠭᠳᠡᠭᠦᠯᠪᠡ᠃


 

ᠢᠷᠡᠯᠲᠡ᠄ ᠦᠪᠦᠷ ᠮᠣᠩᠭᠤᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠎ᠢ ᠵᠣᠯᠭ᠋ᠠᠭᠤᠯᠬᠤ ᠬᠤᠷᠠᠯ ᠪᠡᠭᠡᠵᠢᠩ᠎ᠳᠤ ᠶᠠᠪᠤᠭᠳᠠᠪᠠ
《ᠲᠠᠪᠤᠨ ᠶᠡᠭᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠤᠯ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠦᠷᠭᠦᠯᠵᠢᠯᠡᠨ ᠠᠬᠢᠭᠤᠯᠵᠤ ᠪᠣᠢ
 
            