ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠦᠴᠢᠷ᠎ᠤᠳ ᠵᠠᠭᠤᠴᠢ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢ ᠬᠠᠤᠯᠢ ᠶᠤᠰᠤᠭ᠋ᠠᠷ ᠴᠢᠩᠭ᠋ᠠᠳᠬᠠᠪᠠ
ᠨᠡᠶ᠋ᠢᠲᠡᠯᠡᠭᠰᠡᠨ ᠴᠠᠭ᠄ 2024-07-10

    ᠣᠶ᠋ᠢᠷ᠎ᠠ᠎ᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠪᠠᠶ᠋ᠢᠷᠢᠯᠠᠭᠤᠯᠤᠯᠲᠠ ᠬᠢᠵᠦ᠂ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ᠎ᠬᠢᠨ ᠲᠣᠰ ᠪᠡᠶ᠎ᠡ ᠵᠢᠨ ᠡᠭᠦᠷᠭᠡ ᠬᠠᠷᠢᠭᠤᠴᠠᠯᠭ᠎ᠠ᠎ᠲᠠᠢ᠎ᠪᠠᠨ ᠨᠢᠭᠲᠠ ᠤᠶᠠᠯᠳᠤᠭᠤᠯᠤᠨ᠂ ᠡᠭᠦᠷᠭᠡ ᠴᠢᠳᠠᠪᠤᠷᠢ ᠵᠢᠨ ᠦᠢ᠍ᠯᠡᠳᠦᠯ ᠵᠶ᠋ᠠᠨ ᠢᠳᠡᠪᠬᠢᠲᠡᠶ ᠪᠠᠳᠠᠷᠠᠭᠤᠯᠵᠤ᠂ ᠵᠠᠭᠤᠴᠢ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢ ᠬᠠᠤᠯᠢ ᠶᠣᠰᠣᠭ᠋ᠠᠷ ᠴᠢᠩᠭ᠋ᠠᠳᠬᠠᠵᠤ᠂ ᠵᠠᠭᠤᠴᠢ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠠᠵᠢᠯ ᠲᠥᠷᠥᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃
    ᠣᠶ᠋ᠢᠷ᠎ᠠ ᠵᠢᠨ ᠵᠢᠯ᠎ᠤᠨ ᠲᠤᠷᠰᠢ᠂ ᠮᠠᠨ᠎ᠤ ᠤᠯᠤᠰ᠎ᠤᠨ ᠡᠯ᠎ᠡ ᠲᠥᠷᠥᠯ᠎ᠤᠨ ᠵᠠᠭᠤᠴᠢ ᠦᠢ᠍ᠯᠡᠴᠢᠯᠡᠭᠡᠨ᠎ᠤ ᠪᠠᠶ᠋ᠢᠭᠤᠯᠤᠮᠵᠢ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ᠂ ᠵᠠᠬ᠎ᠠ ᠳᠡᠯᠭᠡᠭᠦᠷ᠎ᠤᠨ ᠰᠠᠶ᠋ᠢᠨ ᠰᠠᠶ᠋ᠢᠬᠠᠨ ᠡᠮᠬᠢ ᠳᠢᠭᠯᠢᠮ᠎ᠢ ᠪᠠᠶ᠋ᠢᠭᠤᠯᠬᠤ ᠵᠡᠷᠭᠡ ᠲᠠᠯ᠎ᠠ᠎ᠪᠠᠷ ᠴᠢᠬᠤᠯᠠ ᠦᠢ᠍ᠯᠡᠳᠦᠯ ᠵᠶ᠋ᠠᠨ ᠪᠠᠳᠠᠷᠠᠭᠤᠯᠤᠭᠰᠠᠨ ᠪᠠᠶ᠋ᠢᠨ᠎ᠠ᠃ ᠭᠡᠪᠡᠴᠦ᠂ ᠴᠥᠭᠡᠨ ᠲᠣᠭ᠋ᠠᠨ᠎ᠤ ᠵᠠᠭᠤᠴᠢ ᠦᠢ᠍ᠯᠡᠴᠢᠯᠡᠭᠡᠨ᠎ᠤ ᠪᠠᠶ᠋ᠢᠭᠤᠯᠤᠮᠵᠢ ᠦᠨᠡᠨᠴᠢ ᠢᠲᠡᠭᠡᠮᠵᠢᠲᠡᠶ ᠡᠵᠡᠩᠨᠡᠬᠦ ᠦᠵᠡᠯ ᠤᠬᠠᠮᠰᠠᠷ ᠳᠤᠲᠠᠮᠠᠭ ᠪᠠᠶ᠋ᠢᠵᠤ᠂ 《ᠰᠦᠢ᠍ᠳᠬᠡᠯ ᠬᠤᠷᠢᠶᠠᠬᠤ ᠠᠷᠤ ᠵᠢᠨ ᠦᠰᠦᠭ》᠎ᠤᠨ ᠦᠵᠡᠭᠳᠡᠯ ᠣᠷᠣᠰᠢᠵᠤ᠂ ᠴᠢᠨᠠᠭᠰᠢᠯᠠᠪᠠᠯ ᠦᠨᠡᠮᠯᠡᠯ ᠵᠶ᠋ᠠᠨ ᠢᠯᠡ ᠦᠨ᠎ᠡ ᠬᠠᠳᠠᠵᠤ ᠬᠤᠳᠠᠯᠳᠤᠭ᠋ᠠᠯᠠᠵᠤ᠂ ᠠᠵᠤ ᠠᠬᠤᠶ ᠵᠢᠨ ᠬᠡᠪ᠎ᠤᠨ ᠡᠮᠬᠢ ᠳᠢᠭᠯᠢᠮ᠎ᠢ ᠬᠠᠷᠰᠢᠯᠠᠵᠤ᠂ ᠦᠨᠡᠨᠴᠢ ᠢᠲᠡᠭᠡᠮᠵᠢᠲᠡᠶ ᠨᠡᠶ᠋ᠢᠭᠡᠮ᠎ᠤᠨ ᠣᠷᠴᠢᠨ ᠲᠣᠭᠣᠷᠢᠨ᠎ᠢ ᠡᠪᠳᠡᠭᠰᠡᠨ ᠪᠠᠶ᠋ᠢᠨ᠎ᠠ᠃ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ᠎ᠳᠤ᠎ᠪᠠᠨ ᠰᠠᠭᠤᠷᠢᠯᠠᠨ᠂ ᠲᠦᠭᠰᠢᠭᠦᠷᠢ ᠵᠢᠨ ᠳᠠᠯᠳᠠ ᠬᠡᠮ᠎ᠢ ᠨᠡᠯᠢᠶᠡᠳ ᠣᠯᠠᠨ ᠢᠯᠡᠷᠡᠭᠦᠯᠬᠦ ᠬᠡᠰᠡᠭ ᠵᠠᠭᠤᠴᠢ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠠᠨᠳᠤᠯᠭ᠎ᠠ᠎ᠲᠠᠢ᠎ᠪᠠᠷ ᠰᠤᠭᠤᠴᠢᠨ ᠪᠠᠶ᠋ᠢᠴᠠᠭ᠋ᠠᠵᠤ᠂ ᠨᠢᠭᠡ ᠪᠦᠯᠦᠭ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ᠂ ᠨᠢᠭᠡ ᠪᠦᠯᠦᠭ ᠢᠲᠡᠭᠡᠯ ᠠᠯᠳᠠᠭᠰᠠᠨ ᠠᠵᠢᠯᠯᠠᠭ᠎ᠠ ᠵᠢ ᠵᠠᠯᠬᠠᠭ᠋ᠠᠨ ᠴᠡᠭᠡᠷᠯᠡᠭᠦᠯᠬᠦ᠂ ᠨᠢᠭᠡ ᠪᠦᠯᠦᠭ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠵᠠᠷᠯᠠᠨ ᠨᠡᠶ᠋ᠢᠲᠡᠯᠡᠬᠦ ᠵᠢᠨ ᠬᠠᠮᠲᠤ ᠳᠡᠩᠰᠡᠯᠡᠨ ᠲᠡᠮᠳᠡᠭᠯᠡᠬᠦ᠂ ᠵᠠᠷ ᠮᠡᠳᠡᠭᠡ ᠵᠢ ᠬᠢᠨᠠᠨ ᠬᠠᠮᠢᠶᠠᠷᠬᠤ᠂ ᠭᠠᠭᠴᠠᠭ᠋ᠠᠷ ᠡᠵᠡᠮᠰᠢᠯ᠎ᠢ ᠡᠰᠡᠷᠭᠦᠴᠡᠵᠦ ᠬᠠᠤᠯᠢ ᠬᠡᠷᠡᠭᠵᠢᠭᠦᠯᠬᠦ᠂ ᠰᠦᠢ᠍ᠳᠬᠡᠯ ᠬᠤᠷᠢᠶᠠᠬᠤ ᠬᠠᠮᠢᠶᠠᠷᠤᠯᠲᠠ᠂ ᠰᠦᠯᠵᠢᠶᠡᠨ᠎ᠤ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ᠎ᠪᠠᠷ ᠵᠠᠭᠤᠴᠢ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠡᠵᠡᠩᠨᠡᠯᠲᠡ ᠵᠢᠨ ᠠᠵᠢᠯᠯᠠᠭ᠎ᠠ ᠵᠢ ᠵᠢᠷᠤᠮᠵᠢᠭᠤᠯᠤᠨ᠎ᠠ᠃
 
                          ᠮᠡᠳᠡᠭᠡ ᠵᠠᠩᠭᠢ ᠵᠢᠨ ᠢᠷᠡᠯᠲᠡ᠄ ᠳᠤᠮᠳᠠᠳᠤ ᠤᠯᠤᠰ᠎ᠤᠨ ᠶᠠᠰᠤ ᠴᠢᠨᠠᠷ᠎ᠤᠨ ᠰᠣᠨᠢᠨ
   

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠬᠤᠶᠠᠷ ᠡᠷᠡᠭᠦᠯ》᠎ᠳᠤ ᠦᠢ᠍ᠯᠡᠴᠢᠯᠡᠬᠦ ᠴᠢᠳᠠᠪᠤᠷᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ ᠵᠢᠨ᠎ᠬᠢᠨ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠤᠨ᠎ᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠬᠠᠮᠲᠤᠷᠠᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠵᠤ ᠪᠤᠢ
《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠦᠨ᠎ᠡ — 2024 ᠣᠨ᠎ᠤ ᠪᠥᠬᠥ ᠣᠷᠣᠨ᠎ᠤ ᠵᠠᠰᠠᠮᠠᠯ ᠵᠠᠮ᠎ᠤᠨ ᠪᠠᠷᠢᠯᠭ᠎ᠠ ᠵᠢᠨ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠤᠯᠲᠠ ᠵᠢᠨ ᠢᠲᠡᠭᠡᠮᠵᠢ ᠵᠢ ᠦᠨᠡᠯᠡᠭᠰᠡᠨ ᠦᠷ᠎ᠡ ᠳ᠋ᠦᠩ᠎ᠢ ᠨᠡᠢ᠌ᠲᠡᠯᠡᠪᠡ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠮᠠᠨ᠎ᠤ ᠣᠷᠣᠨ ᠭᠤᠷᠪᠠᠨ ᠥᠩᠭᠡ ᠵᠢᠨ ᠺᠣᠳ᠋᠎ᠢ ᠬᠡᠷᠡᠭᠵᠢᠭᠦᠯᠵᠦ 《ᠬᠣᠶᠠᠷ ᠠᠶᠠᠨᠴᠢᠳ᠎ᠤᠨ ᠲᠡᠭᠡᠭᠡᠪᠦᠷᠢ ᠪᠣᠯᠤᠨ ᠨᠢᠭᠡ ᠠᠶᠤᠯᠲᠠᠶ ᠪᠣᠳᠠᠰ᠎ᠤᠨ ᠲᠡᠭᠡᠭᠡᠪᠦᠷᠢ》 ᠵᠢᠨ ᠮᠠᠰᠢᠨ ᠲᠡᠷᠭᠡ ᠵᠢ ᠣᠶᠤᠨᠴᠢ᠎ᠪᠠᠷ ᠬᠢᠨᠠᠨ ᠬᠠᠮᠢᠶᠠᠷᠬᠤ᠎ᠪᠠᠷ ᠪᠣᠶ
《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠦᠨ᠎ᠡ — ᠰᠢᠯᠢ ᠵᠢᠨ ᠭᠣᠤᠯ ᠠᠢ᠌ᠮᠠᠭ ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠢ 1845 ᠺᠢᠯᠣᠮᠧᠲᠷ ᠰᠢᠨ᠎ᠡ᠎ᠪᠠᠷ ᠥᠭᠡᠷᠡᠴᠢᠯᠡᠨ ᠪᠠᠢ᠌ᠭᠤᠯᠬᠤ᠎ᠪᠠᠷ ᠪᠣᠶ
 
            