ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠦᠨ᠎ᠡ — 2024 ᠣᠨ᠎ᠤ ᠪᠥᠬᠥ ᠣᠷᠣᠨ᠎ᠤ ᠵᠠᠰᠠᠮᠠᠯ ᠵᠠᠮ᠎ᠤᠨ ᠪᠠᠷᠢᠯᠭ᠎ᠠ ᠵᠢᠨ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠤᠯᠲᠠ ᠵᠢᠨ ᠢᠲᠡᠭᠡᠮᠵᠢ ᠵᠢ ᠦᠨᠡᠯᠡᠭᠰᠡᠨ ᠦᠷ᠎ᠡ ᠳ᠋ᠦᠩ᠎ᠢ ᠨᠡᠢ᠌ᠲᠡᠯᠡᠪᠡ
ᠨᠡᠶ᠋ᠢᠲᠡᠯᠡᠭᠰᠡᠨ ᠴᠠᠭ᠄ 2025-05-08

     《2024 ᠣᠨ᠎ᠤ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢ ᠦᠨᠡᠯᠡᠬᠦ ᠠᠵᠢᠯ᠎ᠢ ᠰᠠᠢ᠌ᠲᠤᠷ ᠬᠢᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》᠎ᠤᠨ ᠱᠠᠭ᠋ᠠᠷᠳᠠᠯᠭ᠎ᠠ ᠪᠠ ᠬᠠᠮᠢᠶ᠎ᠠ ᠪᠥᠬᠥᠶ ᠢᠲᠡᠭᠡᠮᠵᠢ ᠵᠢ ᠦᠨᠡᠯᠡᠬᠦ ᠲᠦᠷᠢᠮ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠪᠥᠬᠥ ᠣᠷᠣᠨ᠎ᠤ ᠵᠠᠰᠠᠮᠠᠯ ᠵᠠᠮ᠎ᠤᠨ ᠪᠠᠷᠢᠯᠭ᠎ᠠ ᠵᠢ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠠᠵᠤ ᠠᠬᠤᠢ᠌ᠯᠠᠯ ᠪᠠ ᠬᠢᠨᠠᠨ ᠬᠠᠮᠢᠶᠠᠷᠬᠤ ᠢᠨᠵᠧᠨᠧᠷ᠎ᠤᠨ ᠢᠲᠡᠭᠡᠮᠵᠢ ᠵᠢ ᠦᠨᠡᠯᠡᠬᠦ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠨᠡᠢ᠌ᠲᠡ 147 ᠠᠵᠢᠯ ᠡᠷᠭᠢᠯᠡᠬᠦ ᠠᠵᠤ ᠠᠬᠤᠢ᠌ᠯᠠᠯ ᠪᠠ 367 ᠠᠵᠢᠯ ᠡᠷᠭᠢᠯᠡᠭᠰᠡᠳ ᠢᠲᠡᠭᠡᠮᠵᠢ ᠵᠢᠨ ᠦᠨᠡᠯᠡᠯᠲᠡ᠎ᠳᠤ ᠣᠷᠣᠯᠴᠠᠪᠠ᠂ ᠡᠭᠦᠨ᠎ᠳᠤ 54 ᠠᠵᠤ ᠠᠬᠤᠢ᠌ᠯᠠᠯ᠎ᠨᠢ AA ᠲᠠᠰ ᠵᠶ᠋ᠠᠷ ᠦᠨᠡᠯᠡᠭᠳᠡᠵᠦ᠂ 36.7% ᠵᠢ ᠡᠵᠡᠯᠡᠨ᠎ᠡ; A ᠲᠡᠰ᠎ᠤᠨ ᠠᠵᠤ ᠠᠬᠤᠢ᠌ᠯᠠᠯ 90᠂ B ᠲᠡᠰ᠎ᠤᠨ ᠠᠵᠤ ᠠᠬᠤᠢ᠌ᠯᠠᠯ 3 ᠪᠤᠢ; 8 ᠠᠵᠢᠯ ᠡᠷᠭᠢᠯᠡᠭᠰᠡᠳ᠎ᠤᠨ ᠢᠲᠡᠭᠡᠮᠵᠢ ᠵᠢᠨ ᠬᠤᠪᠢ ᠵᠢ ᠬᠠᠰᠤᠪᠠ᠃
   ᠡᠨᠡ ᠬᠦ᠌ ᠠᠵᠢᠯ᠎ᠢ ᠰᠠᠢ᠌ᠲᠤᠷ ᠬᠢᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ 2024 ᠣᠨ᠎ᠤ 12 ᠳ᠋ᠤᠭ᠋ᠠᠷ ᠰᠠᠷ᠎ᠠ ᠵᠢᠨ ᠰᠢᠨᠡᠳ ᠵᠶ᠋ᠡᠷ 《2024 ᠣᠨ᠎ᠤ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢ ᠦᠨᠡᠯᠡᠬᠦ ᠠᠵᠢᠯ᠎ᠢ ᠰᠠᠢ᠌ᠲᠤᠷ ᠬᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠦᠨᠡᠯᠡᠬᠦ ᠬᠡᠪᠴᠢᠶ᠎ᠡ᠂ ᠦᠨᠡᠯᠡᠬᠦ ᠦᠨᠳᠦᠰᠦᠯᠡᠯ᠂ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ᠂ ᠡᠬᠡ ᠲᠠᠩᠰᠠ ᠵᠢᠨ ᠬᠡᠷᠡᠭᠯᠡᠯᠲᠡ᠂ ᠦᠨᠡᠯᠡᠬᠦ ᠴᠠᠭ᠎ᠤᠨ ᠬᠢᠵᠠᠭ᠋ᠠᠷ᠂ ᠳᠠᠬᠢᠨ ᠬᠢᠨᠠᠵᠤ ᠬᠤᠷᠢᠶᠠᠩᠭᠤᠢ᠌ᠯᠠᠬᠤ ᠵᠡᠷᠭᠡ ᠲᠠᠯ᠎ᠠ᠎ᠪᠠᠷ ᠲᠣᠳᠣᠷᠬᠠᠶ ᠱᠠᠭ᠋ᠠᠷᠳᠠᠯᠭ᠎ᠠ ᠳᠤᠷᠠᠳᠤᠭᠰᠠᠨ᠎ᠤ ᠬᠠᠮᠲᠤ᠂ ᠲᠣᠭ᠎ᠠ ᠪᠠᠷᠢᠮᠲᠠ ᠵᠢ ᠴᠢᠩᠭ᠎ᠠ ᠬᠢᠨᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠨ᠎ᠤ ᠪᠥᠲᠥᠭᠡᠨ ᠪᠠᠢ᠌ᠭᠤᠯᠤᠯᠲᠠ ᠵᠢᠨ ᠲᠥᠯᠥᠪᠯᠡᠭᠡ ᠪᠠ ᠡᠯ᠎ᠡ ᠲᠥᠷᠥᠯ᠎ᠤᠨ ᠰᠢᠮᠳᠠᠭᠤᠯᠤᠨ ᠪᠠᠢ᠌ᠴᠠᠭ᠋ᠠᠭᠰᠠᠨ᠂ ᠪᠠᠢ᠌ᠴᠠᠭ᠋ᠠᠭᠰᠠᠨ ᠦᠷ᠎ᠡ ᠳ᠋ᠦᠩ᠎ᠢ ᠬᠠᠷᠭᠤᠭᠤᠯᠤᠨ ᠮᠡᠳᠡᠭᠡᠯᠡᠵᠦ᠂ ᠭᠦᠢᠴᠡᠳ ᠰᠠᠨᠠᠯ ᠬᠤᠷᠢᠶᠠᠪᠠ᠃ ᠡᠭᠦᠨ᠎ᠠᠴᠠ ᠭᠠᠳᠠᠨ᠎ᠠ᠂ ᠢᠲᠡᠭᠡᠮᠵᠢ ᠵᠢ ᠦᠨᠡᠯᠡᠬᠦ ᠬᠣᠤᠰ ᠠᠯᠪᠠᠨ ᠵᠠᠷᠯᠠᠯ᠎ᠤᠨ ᠲᠦᠷᠢᠮ᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠦᠨᠡᠯᠡᠯᠲᠡ᠎ᠳᠤ ᠣᠷᠣᠯᠴᠠᠭᠰᠠᠨ ᠠᠵᠤ ᠠᠬᠤᠢ᠌ᠯᠠᠯ᠂ ᠠᠵᠢᠯᠲᠠᠨ᠂ ᠦᠷ᠎ᠡ ᠳ᠋ᠦᠩ᠎ᠢ ᠲᠣᠭᠲᠠᠭᠰᠠᠨ ᠲᠠᠰ ᠳᠠᠷᠠᠭ᠋ᠠᠯᠠᠯ᠂ ᠠᠭᠤᠯᠭ᠎ᠠ᠂ ᠴᠠᠭ᠎ᠤᠨ ᠬᠢᠵᠠᠭ᠋ᠠᠷ᠂ ᠨᠡᠢ᠌ᠲᠡᠯᠡᠬᠦ ᠵᠠᠭᠤᠴᠢᠯᠠᠭᠤᠷ ᠵᠶ᠋ᠡᠷ ᠨᠡᠢ᠌ᠲᠡ᠎ᠳᠤ ᠵᠠᠷᠯᠠᠵᠤ᠂ ᠵᠠᠷᠯᠠᠨ ᠨᠡᠢ᠌ᠲᠡᠯᠡᠵᠦ᠂ ᠨᠡᠢ᠌ᠭᠡᠮ᠎ᠤᠨ ᠡᠯ᠎ᠡ ᠡᠲᠡᠭᠡᠳ᠎ᠤᠨ ᠬᠢᠨᠠᠯᠲᠠ ᠵᠢ ᠪᠥᠬᠥ ᠲᠠᠯ᠎ᠠ᠎ᠪᠠᠷ ᠬᠦᠯᠢᠶᠡᠪᠡ᠃ ᠦᠨᠡᠯᠡᠭᠰᠡᠨ ᠦᠷ᠎ᠡ ᠳ᠋ᠦᠩ᠎ᠤᠨ ᠲᠠᠷᠬᠠᠯᠲᠠ ᠵᠢᠨ ᠪᠠᠢ᠌ᠳᠠᠯ᠎ᠠᠴᠠ ᠦᠵᠡᠪᠡᠯ᠂ ᠪᠥᠬᠥ ᠣᠷᠣᠨ᠎ᠤ ᠵᠠᠰᠠᠮᠠᠯ ᠵᠠᠮ᠎ᠤᠨ ᠪᠠᠷᠢᠯᠭ᠎ᠠ ᠵᠢᠨ ᠠᠵᠢᠯ ᠡᠷᠭᠢᠯᠡᠬᠦ ᠠᠵᠤ ᠠᠬᠤᠢ᠌ᠯᠠᠯ ᠪᠣᠯᠤᠨ ᠠᠵᠢᠯ ᠡᠷᠭᠢᠯᠡᠭᠰᠡᠳ᠎ᠤᠨ ᠢᠲᠡᠭᠡᠮᠵᠢ ᠵᠢᠨ ᠪᠠᠢ᠌ᠳᠠᠯ ᠦᠨᠳᠦᠰᠦᠨ᠎ᠳᠤ᠎ᠪᠠᠨ ᠰᠠᠢ᠌ᠨ ᠪᠠᠢ᠌ᠵᠤ᠂ ᠬᠦᠨᠳᠦ ᠨᠣᠴᠢᠲᠠᠶ ᠢᠲᠡᠭᠡᠯ ᠠᠯᠳᠠᠭᠰᠠᠨ ᠠᠰᠠᠭᠤᠳᠠᠯ ᠭᠠᠷᠤᠭᠰᠠᠨ ᠥᠬᠡᠶ᠃
     ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠵᠠᠰᠠᠮᠠᠯ ᠵᠠᠮ᠎ᠤᠨ ᠪᠠᠷᠢᠯᠭ᠎ᠠ ᠵᠢᠨ ᠪᠥᠲᠥᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠢᠲᠡᠭᠡᠮᠵᠢ ᠵᠢ ᠦᠨᠡᠯᠡᠵᠦ ᠤᠷᠮᠠᠰᠢᠭᠤᠯᠬᠤ ᠪᠠ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠷᠢᠯᠭ᠎ᠠ ᠵᠢᠨ ᠪᠥᠲᠥᠭᠡᠨ ᠪᠠᠢ᠌ᠭᠤᠯᠤᠯᠲᠠ ᠵᠢᠨ ᠢᠲᠡᠭᠡᠮᠵᠢ ᠵᠢᠨ ᠬᠠᠮᠢᠶᠠᠷᠤᠯᠲᠠ ᠪᠠ ᠬᠡᠷᠡᠭᠯᠡᠯᠲᠡ ᠵᠢ ᠦᠷᠭᠦᠯᠵᠢᠯᠡᠨ ᠴᠢᠩᠭ᠋ᠠᠳᠬᠠᠵᠤ᠂ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠶ ᠬᠥᠭᠵᠢᠯᠲᠡ᠎ᠳᠤ ᠰᠠᠢ᠌ᠨ ᠰᠠᠢ᠌ᠬᠠᠨ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠪᠣᠶ ᠪᠣᠯᠭ᠋ᠠᠨ᠎ᠠ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠮᠠᠨ᠎ᠤ ᠣᠷᠣᠨ ᠭᠤᠷᠪᠠᠨ ᠥᠩᠭᠡ ᠵᠢᠨ ᠺᠣᠳ᠋᠎ᠢ ᠬᠡᠷᠡᠭᠵᠢᠭᠦᠯᠵᠦ 《ᠬᠣᠶᠠᠷ ᠠᠶᠠᠨᠴᠢᠳ᠎ᠤᠨ ᠲᠡᠭᠡᠭᠡᠪᠦᠷᠢ ᠪᠣᠯᠤᠨ ᠨᠢᠭᠡ ᠠᠶᠤᠯᠲᠠᠶ ᠪᠣᠳᠠᠰ᠎ᠤᠨ ᠲᠡᠭᠡᠭᠡᠪᠦᠷᠢ》 ᠵᠢᠨ ᠮᠠᠰᠢᠨ ᠲᠡᠷᠭᠡ ᠵᠢ ᠣᠶᠤᠨᠴᠢ᠎ᠪᠠᠷ ᠬᠢᠨᠠᠨ ᠬᠠᠮᠢᠶᠠᠷᠬᠤ᠎ᠪᠠᠷ ᠪᠣᠶ
《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠦᠨ᠎ᠡ — ᠰᠢᠯᠢ ᠵᠢᠨ ᠭᠣᠤᠯ ᠠᠢ᠌ᠮᠠᠭ ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠢ 1845 ᠺᠢᠯᠣᠮᠧᠲᠷ ᠰᠢᠨ᠎ᠡ᠎ᠪᠠᠷ ᠥᠭᠡᠷᠡᠴᠢᠯᠡᠨ ᠪᠠᠢ᠌ᠭᠤᠯᠬᠤ᠎ᠪᠠᠷ ᠪᠣᠶ
《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠦᠨ᠎ᠡ — ᠤᠯᠠᠭ᠋ᠠᠨᠬᠠᠳᠠ ᠬᠣᠲᠠ 1039.2 ᠺᠢᠯᠣᠮᠧᠲᠷ ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠢ ᠪᠠᠢ᠌ᠭᠤᠯᠬᠤ᠎ᠪᠠᠷ ᠲᠥᠯᠥᠪᠯᠡᠵᠦ ᠪᠣᠶ
《ᠵᠢᠷᠭᠤᠭ᠋ᠠᠨ ᠠᠵᠢᠯᠯᠠᠭ᠎ᠠ》 ᠵᠢ ᠨᠠᠢ᠌ᠳᠠᠪᠤᠷᠢᠵᠢᠭᠤᠯᠤᠨ᠎ᠠ — ᠣᠷᠳᠣᠰ᠄ ᠵᠠᠮ ᠲᠡᠭᠡᠭᠡᠪᠦᠷᠢ ᠵᠢᠨ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠤ ᠥᠷᠲᠡᠭᠡ᠎ᠳᠤ 《ᠣᠯᠠᠨ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠵᠦ》 ᠪᠣᠯᠣᠨ᠎ᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠣᠯ᠎ᠤᠨ᠎ᠬᠢᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠰᠢᠦᠳᠠᠨ᠎ᠤ ᠲᠦᠷᠭᠡᠨ ᠬᠦᠷᠭᠡᠬᠦ ᠦᠢᠯᠡᠰ᠎ᠤᠨ ᠥᠪᠡᠷ᠎ᠤᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ ᠪᠠᠢ᠌ᠨ᠎ᠠ
 
            