ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠮᠠᠨ᠎ᠤ ᠣᠷᠣᠨ ᠭᠤᠷᠪᠠᠨ ᠥᠩᠭᠡ ᠵᠢᠨ ᠺᠣᠳ᠋᠎ᠢ ᠬᠡᠷᠡᠭᠵᠢᠭᠦᠯᠵᠦ 《ᠬᠣᠶᠠᠷ ᠠᠶᠠᠨᠴᠢᠳ᠎ᠤᠨ ᠲᠡᠭᠡᠭᠡᠪᠦᠷᠢ ᠪᠣᠯᠤᠨ ᠨᠢᠭᠡ ᠠᠶᠤᠯᠲᠠᠶ ᠪᠣᠳᠠᠰ᠎ᠤᠨ ᠲᠡᠭᠡᠭᠡᠪᠦᠷᠢ》 ᠵᠢᠨ ᠮᠠᠰᠢᠨ ᠲᠡᠷᠭᠡ ᠵᠢ ᠣᠶᠤᠨᠴᠢ᠎ᠪᠠᠷ ᠬᠢᠨᠠᠨ ᠬᠠᠮᠢᠶᠠᠷᠬᠤ᠎ᠪᠠᠷ ᠪᠣᠶ
ᠨᠡᠶ᠋ᠢᠲᠡᠯᠡᠭᠰᠡᠨ ᠴᠠᠭ᠄ 2025-05-09

    ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ 《ᠬᠣᠶᠠᠷ ᠠᠶᠠᠨᠴᠢᠳ᠎ᠤᠨ ᠲᠡᠭᠡᠭᠡᠪᠦᠷᠢ ᠪᠣᠯᠤᠨ ᠨᠢᠭᠡ ᠠᠶᠤᠯᠲᠠᠶ ᠪᠣᠳᠠᠰ᠎ᠤᠨ ᠲᠡᠭᠡᠭᠡᠪᠦᠷᠢ》 ᠵᠢᠨ ᠮᠠᠰᠢᠨ ᠲᠡᠷᠭᠡ ᠵᠢ ᠬᠥᠳᠡᠯᠦᠩᠭᠦᠶ᠎ᠪᠠᠷ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠰᠡᠷᠭᠡᠢ᠌ᠯᠡᠬᠦ ᠴᠢᠳᠠᠪᠤᠷᠢ ᠵᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠵᠢ ᠡᠬᠢᠯᠡᠭᠦᠯᠪᠡ᠃
    ᠲᠣᠰ ᠤᠳᠠᠭ᠋ᠠᠨ᠎ᠤ ᠠᠵᠢᠯᠯᠠᠭ᠎ᠠ᠎ᠨᠢ ᠪᠥᠬᠥ ᠣᠷᠣᠨ᠎ᠤ 2 ᠲᠦᠮᠡ ᠭᠠᠷᠤᠶ ᠵᠢᠭᠤᠯᠴᠢᠯᠠᠯ᠎ᠤᠨ ᠳᠠᠭ᠋ᠠᠭ᠋ᠠᠴᠢᠯᠠᠭᠰᠠᠨ ᠮᠠᠰᠢᠨ ᠲᠡᠷᠭᠡ᠂ ᠬᠣᠯᠠ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠡᠭᠡᠯᠵᠢ ᠵᠢᠨ ᠮᠠᠰᠢᠨ ᠲᠡᠷᠭᠡ ᠪᠣᠯᠤᠨ ᠠᠶᠤᠯᠲᠠᠶ ᠪᠣᠳᠠᠰ ᠲᠡᠭᠡᠭᠡᠪᠦᠷᠢᠯᠡᠬᠦ ᠮᠠᠰᠢᠨ ᠲᠡᠷᠭᠡ ᠵᠢᠨ ᠠᠮᠤᠷ ᠲᠦᠪᠰᠢᠨ᠎ᠤ ᠬᠠᠮᠢᠶᠠᠷᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠡᠷᠭᠡ ᠬᠥᠰᠬᠡ ᠵᠢᠨ 20 ᠭᠠᠷᠤᠶ ᠵᠦᠢᠯ᠎ᠤᠨ ᠠᠵᠢᠯᠯᠠᠭ᠋ᠠᠨ᠎ᠤ ᠭᠦᠢᠴᠡᠳᠬᠡᠯ ᠲᠣᠭ᠎ᠠ ᠵᠢ ᠴᠠᠭ ᠲᠤᠬᠠᠶ᠎ᠳᠤ᠎ᠨᠢ ᠬᠢᠨᠠᠨ ᠬᠡᠮᠵᠢᠬᠦ᠂ ᠰᠢᠰᠲ᠋ᠧᠮ᠎ᠨᠢ ᠠᠦ᠋ᠲ᠋ᠣ᠋᠎ᠪᠠᠷ ᠠᠶᠤᠯ ᠲᠦᠭᠰᠢᠭᠦᠷᠢ ᠵᠢᠨ ᠳᠠᠯᠳᠠ ᠬᠡᠮ᠎ᠢ ᠢᠯᠭ᠋ᠠᠨ ᠲᠠᠨᠢᠬᠤ ᠵᠢᠨ ᠬᠠᠮᠲᠤ 《ᠤᠯᠠᠭ᠋ᠠᠨ ᠰᠢᠷ᠎ᠠ ᠨᠣᠭᠣᠭ᠋ᠠᠨ》᠎ᠤ ᠠᠶᠤᠯ ᠲᠦᠭᠰᠢᠭᠦᠷᠢ ᠵᠢᠨ ᠲᠠᠰ᠎ᠢ ᠣᠯᠭᠣᠵᠤ᠂        《ᠰᠠᠨᠠᠭ᠋ᠠᠴᠢᠯᠠᠭ᠎ᠠ ᠥᠬᠡᠶ᠎ᠪᠠᠷ ᠰᠢᠢᠳᠪᠦᠷᠢᠯᠡᠬᠦ》᠎ᠠᠴᠠ 《ᠰᠠᠨᠠᠭ᠋ᠠᠴᠢᠯᠠᠭ᠎ᠠ᠎ᠠᠴᠠ᠎ᠪᠠᠨ ᠤᠷᠢᠳᠴᠢᠯᠠᠨ ᠰᠡᠷᠭᠡᠢ᠌ᠯᠡᠬᠦ》 ᠬᠢᠨᠠᠯᠲᠠ ᠬᠠᠮᠢᠶᠠᠷᠤᠯᠲᠠ ᠵᠢᠨ ᠵᠠᠭᠪᠤᠷ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠵᠢ ᠪᠡᠶᠡᠯᠡᠭᠦᠯᠪᠡ᠃ ᠲᠤᠰᠬᠠᠶ ᠠᠵᠢᠯᠯᠠᠭ᠎ᠠ ᠵᠢ ᠡᠬᠢᠯᠡᠭᠦᠯᠦᠭᠰᠡᠨ᠎ᠠᠴᠠ ᠨᠠᠭ᠋ᠠᠰᠢ᠂ ᠡᠯ᠎ᠡ ᠠᠢ᠌ᠮᠠᠭ ᠬᠣᠲᠠ ᠨᠢᠭᠡᠨᠲᠡ ᠪᠥᠬᠥ ᠣᠷᠣᠨ᠎ᠤ 《ᠬᠣᠶᠠᠷ ᠠᠶᠠᠨᠴᠢᠳ᠎ᠤᠨ ᠲᠡᠭᠡᠭᠡᠪᠦᠷᠢ ᠪᠣᠯᠤᠨ ᠨᠢᠭᠡ ᠠᠶᠤᠯᠲᠠᠶ ᠪᠣᠳᠠᠰ᠎ᠤᠨ ᠲᠡᠭᠡᠭᠡᠪᠦᠷᠢ》 ᠵᠢᠨ ᠮᠠᠰᠢᠨ  ᠲᠡᠷᠭᠡᠨ᠎ᠤ ᠰᠠᠭᠤᠷᠢ ᠮᠡᠳᠡᠭᠡ ᠵᠠᠩᠭᠢ ᠵᠢ ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠪᠡᠶᠡᠯᠡᠭᠦᠯᠵᠦ᠂ ᠲᠣᠭ᠎ᠠ ᠪᠠᠷᠢᠮᠲᠠ᠎ᠨᠢ ᠬᠡᠪ᠎ᠤᠨ ᠪᠤᠰᠤ ᠪᠠᠢ᠌ᠭ᠎ᠠ ᠮᠠᠰᠢᠨ ᠲᠡᠷᠭᠡ ᠵᠢ ᠨᠡᠢ᠌ᠲᠡ 1500 ᠭᠠᠷᠤᠶ ᠴᠡᠭᠴᠡᠯᠡᠨ ᠵᠠᠰᠠᠵᠤ᠂ ᠲᠣᠭᠲᠠᠭ᠋ᠠᠯ᠎ᠠᠴᠠ ᠵᠥᠷᠢᠴᠡᠭᠰᠡᠨ ᠮᠡᠳᠡᠭᠡ ᠵᠠᠩᠭᠢ ᠵᠢᠨ ᠪᠢᠲᠡᠭᠦᠮᠵᠢᠯᠡᠭᠰᠡᠨ ᠬᠠᠮᠢᠶᠠᠷᠤᠯᠲᠠ ᠵᠢᠨ ᠲᠣᠭᠲᠠᠴᠠ ᠵᠢ ᠦᠨᠳᠦᠰᠦᠨ᠎ᠳᠤ᠎ᠪᠠᠨ ᠪᠠᠢ᠌ᠭᠤᠯᠵᠤ᠂ ᠨᠢᠭᠡᠨᠲᠡ 3000 ᠭᠠᠷᠤᠶ ᠵᠣᠷᠪᠤᠰ ᠮᠠᠰᠢᠨ ᠲᠡᠷᠭᠡᠨ᠎ᠤ ᠲᠣᠭᠲᠠᠭ᠋ᠠᠯ᠎ᠠᠴᠠ ᠵᠥᠷᠢᠴᠡᠭᠰᠡᠨ ᠮᠡᠳᠡᠭᠡ ᠵᠠᠩᠭᠢ ᠵᠢ ᠬᠢᠨᠠᠨ ᠬᠠᠷᠭᠤᠭᠤᠯᠵᠤ ᠰᠢᠢᠳᠪᠦᠷᠢᠯᠡᠪᠡ᠃
     ᠣᠢ᠌ᠷ᠎ᠠ ᠵᠢᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠬᠥᠳᠡᠯᠦᠩᠭᠦᠶ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ᠎ᠪᠠᠨ ᠦᠷᠭᠦᠯᠵᠢᠯᠡᠨ ᠴᠢᠩᠭ᠋ᠠᠳᠬᠠᠬᠤ᠎ᠪᠠᠷ ᠳᠠᠮᠵᠢᠭᠤᠯᠤᠨ᠂ ᠭᠣᠤᠯᠳᠠᠯᠭ᠎ᠠ᠎ᠲᠠᠢ ᠲᠡᠷᠭᠡ ᠬᠥᠰᠬᠡ ᠵᠢᠨ ᠬᠤᠷᠳᠤᠴᠠ ᠵᠢ ᠬᠡᠲᠦᠷᠡᠭᠦᠯᠦᠨ ᠵᠢᠯᠣᠭᠣᠳᠬᠤ ᠪᠠ ᠶᠠᠳᠠᠷᠠᠭᠤ᠎ᠪᠠᠷ ᠲᠡᠷᠭᠡ ᠵᠢᠯᠣᠭᠣᠳᠬᠤ ᠦᠢᠯᠡ ᠠᠵᠢᠯᠯᠠᠭ᠎ᠠ ᠡᠭᠦᠰᠬᠦ ᠳᠠᠪᠲᠠᠮᠵᠢ ᠵᠢ ᠨᠢᠭᠡᠨᠲᠡ ᠪᠦᠲᠦᠮᠵᠢᠲᠡᠶ ᠪᠠᠭᠤᠷᠠᠭᠤᠯᠪᠠ᠂ ᠬᠠᠮᠤᠭ᠎ᠤᠨ ᠰᠢᠨ᠎ᠡ ᠪᠦᠷᠢᠳᠬᠡᠯ᠎ᠤᠨ ᠲᠣᠭ᠎ᠠ ᠪᠠᠷᠢᠮᠲᠠ ᠵᠢᠨ ᠢᠯᠡᠷᠡᠭᠦᠯᠦᠭᠰᠡᠨ ᠵᠶ᠋ᠡᠷ᠂ ᠲᠡᠷᠭᠡ ᠬᠥᠰᠬᠡ ᠵᠢᠨ ᠬᠤᠷᠳᠤᠴᠠ ᠬᠡᠲᠦᠷᠡᠭᠰᠡᠨ ᠤᠳᠠᠭ᠎ᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 73%᠎ᠪᠠᠷ ᠪᠠᠭᠤᠷᠠᠵᠤ᠂ ᠶᠠᠳᠠᠷᠠᠭᠤ᠎ᠪᠠᠷ ᠲᠡᠷᠭᠡ ᠵᠢᠯᠣᠭᠣᠳᠬᠤ ᠴᠠᠭ᠎ᠢ 90%᠎ᠪᠠᠷ ᠪᠣᠭᠣᠨᠢᠰᠬᠠᠪᠠ᠂ ᠡᠨᠡ ᠬᠣᠶᠠᠷ ᠵᠦᠢᠯ᠎ᠤᠨ ᠵᠠᠩᠭᠢᠯᠠᠭ᠎ᠠ ᠵᠢᠨ ᠠᠮᠤᠷ ᠲᠦᠪᠰᠢᠨ᠎ᠤ ᠭᠦᠢᠴᠡᠳᠬᠡᠯ ᠲᠣᠭ᠎ᠠ᠎ᠨᠢ ᠴᠥᠮ ᠪᠥᠬᠥ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠳᠠᠪᠠᠭᠤᠯᠢᠭ ᠪᠠᠢ᠌ᠨ᠎ᠠ᠃
    7 ᠳ᠋ᠤᠭ᠋ᠠᠷ ᠰᠠᠷ᠎ᠠ᠎ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠲᠥᠷᠥᠯ ᠪᠠ ᠱᠠᠲᠤ ᠬᠤᠪᠢᠶᠠᠨ ᠬᠢᠨᠠᠨ ᠬᠠᠮᠢᠶᠠᠷᠬᠤ ᠰᠢᠨ᠎ᠡ ᠲᠣᠭᠲᠠᠴᠠ ᠵᠢ ᠵᠢᠩᠬᠢᠨᠢ᠎ᠪᠠᠷ ᠬᠡᠷᠡᠭᠵᠢᠭᠦᠯᠦᠨ᠎ᠡ᠃ ᠡᠭᠦᠨ᠎ᠳᠤ᠂ ᠤᠯᠠᠭ᠋ᠠᠨ ᠺᠣᠳ᠋᠂ ᠰᠢᠷ᠎ᠠ ᠺᠣᠳ᠋᠎ᠲᠠᠢ ᠲᠡᠷᠭᠡ᠎ᠳᠤ ᠪᠠᠢ᠌ᠴᠠᠭ᠋ᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠭᠣᠤᠯᠳᠠᠯᠭ᠎ᠠ᠎ᠲᠠᠢ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠵᠦ᠂ ᠬᠦᠨᠳᠦ ᠶᠡᠬᠡ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠴᠢᠩᠭ᠎ᠠ ᠡᠵᠡᠮᠳᠡᠵᠦ᠂ ᠪᠣᠬᠢᠷᠲᠤᠯ ᠥᠬᠡᠶ ᠠᠮᠤᠷ ᠲᠦᠪᠰᠢᠨ᠎ᠤ ᠲᠡᠷᠭᠡ ᠬᠥᠰᠬᠡ᠎ᠳᠤ 《ᠴᠢᠬᠤᠯᠠ ᠥᠬᠡᠶ ᠪᠣᠯ ᠬᠠᠷᠰᠢᠯᠠᠬᠤ ᠥᠬᠡᠶ ᠪᠠᠢ᠌ᠬᠤ》 ᠲᠥᠬᠥᠮ ᠦᠵᠡᠭᠦᠯᠬᠦ ᠲᠥᠷᠥ ᠵᠢᠨ ᠪᠣᠳᠣᠯᠭ᠎ᠠ ᠵᠢ ᠬᠦᠷᠲᠡᠭᠡᠨ᠎ᠡ᠃ ᠡᠭᠦᠨ᠎ᠤ ᠬᠠᠮᠲᠤ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠵᠢᠨ ᠠᠷᠭ᠎ᠠ ᠪᠠᠷᠢᠯ ᠵᠶ᠋ᠠᠷ ᠳᠠᠮᠵᠢᠭᠤᠯᠤᠨ᠂ ᠵᠠᠮ ᠲᠡᠭᠡᠭᠡᠪᠦᠷᠢ ᠵᠢᠨ ᠠᠵᠢᠯ ᠲᠥᠷᠥᠯ᠎ᠤᠨ ᠢᠲᠡᠭᠡᠮᠵᠢ ᠵᠢᠨ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ᠎ᠠ᠃
    

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠦᠨ᠎ᠡ — ᠰᠢᠯᠢ ᠵᠢᠨ ᠭᠣᠤᠯ ᠠᠢ᠌ᠮᠠᠭ ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠢ 1845 ᠺᠢᠯᠣᠮᠧᠲᠷ ᠰᠢᠨ᠎ᠡ᠎ᠪᠠᠷ ᠥᠭᠡᠷᠡᠴᠢᠯᠡᠨ ᠪᠠᠢ᠌ᠭᠤᠯᠬᠤ᠎ᠪᠠᠷ ᠪᠣᠶ
《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠦᠨ᠎ᠡ — ᠤᠯᠠᠭ᠋ᠠᠨᠬᠠᠳᠠ ᠬᠣᠲᠠ 1039.2 ᠺᠢᠯᠣᠮᠧᠲᠷ ᠡᠯᠡᠰᠦ ᠵᠢ ᠳᠤᠭᠤᠯᠤᠭᠰᠠᠨ ᠵᠠᠰᠠᠮᠠᠯ ᠵᠠᠮ᠎ᠢ ᠪᠠᠢ᠌ᠭᠤᠯᠬᠤ᠎ᠪᠠᠷ ᠲᠥᠯᠥᠪᠯᠡᠵᠦ ᠪᠣᠶ
《ᠵᠢᠷᠭᠤᠭ᠋ᠠᠨ ᠠᠵᠢᠯᠯᠠᠭ᠎ᠠ》 ᠵᠢ ᠨᠠᠢ᠌ᠳᠠᠪᠤᠷᠢᠵᠢᠭᠤᠯᠤᠨ᠎ᠠ — ᠣᠷᠳᠣᠰ᠄ ᠵᠠᠮ ᠲᠡᠭᠡᠭᠡᠪᠦᠷᠢ ᠵᠢᠨ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠤ ᠥᠷᠲᠡᠭᠡ᠎ᠳᠤ 《ᠣᠯᠠᠨ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠵᠦ》 ᠪᠣᠯᠣᠨ᠎ᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠣᠯ᠎ᠤᠨ᠎ᠬᠢᠨ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠰᠢᠦᠳᠠᠨ᠎ᠤ ᠲᠦᠷᠭᠡᠨ ᠬᠦᠷᠭᠡᠬᠦ ᠦᠢᠯᠡᠰ᠎ᠤᠨ ᠥᠪᠡᠷ᠎ᠤᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ ᠪᠠᠢ᠌ᠨ᠎ᠠ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠣᠯ᠎ᠤᠨ᠎ᠬᠢᠨ ᠵᠠᠮ᠎ᠤᠨ ᠲᠣᠣᠷ ᠲᠠᠰᠤᠯᠤᠭᠳᠠᠭᠰᠠᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠵᠦ ᠪᠠᠢ᠌ᠨ᠎ᠠ
 
            