ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — S311 ᠦᠴᠤᠸᠠᠨ᠎ᠠᠴᠠ ᠶᠠᠩ ᠱᠤ᠌ ᠪᠠ ᠬᠥᠷᠬᠥ ᠬᠡᠰᠡᠭ᠎ᠤᠨ ᠭᠣᠤᠯ ᠱᠤᠭᠤᠮ (ᠬᠥᠬᠡᠬᠣᠲᠠ ᠵᠢᠨ ᠬᠡᠰᠡᠭ) ᠲᠡᠷᠭᠡ ᠨᠡᠪᠲᠡᠷᠡᠪᠡ
ᠨᠡᠶ᠋ᠢᠲᠡᠯᠡᠭᠰᠡᠨ ᠴᠠᠭ᠄ 2025-06-13

    6 ᠳ᠋ᠤᠭ᠋ᠠᠷ ᠰᠠᠷ᠎ᠠ ᠵᠢᠨ 10᠎ᠤ ᠡᠳᠦᠷ᠂ S311 ᠦᠴᠤᠸᠠᠨ᠎ᠠᠴᠠ ᠶᠠᠩ ᠱᠤ᠌ ᠪᠠ ᠬᠥᠷᠬᠥ ᠨᠢᠭᠡᠳᠦᠭᠡᠷ ᠳᠡᠰ᠎ᠤᠨ ᠵᠠᠰᠠᠮᠠᠯ ᠵᠠᠮ᠎ᠤᠨ ᠲᠥᠷᠥᠯ ᠵᠦᠢᠯ᠎ᠤᠨ ᠭᠣᠤᠯ ᠱᠤᠭᠤᠮ (ᠬᠥᠬᠡᠬᠣᠲᠠ ᠵᠢᠨ ᠬᠡᠰᠡᠭ)᠎ᠨᠢ ᠪᠠᠷᠢᠯᠭ᠎ᠠ ᠲᠤᠰᠢᠶᠠᠵᠤ ᠰᠢᠯᠭ᠋ᠠᠨ ᠠᠪᠬᠤ ᠵᠢ ᠤᠷᠤᠭᠰᠢᠲᠠᠢ ᠥᠩᠭᠡᠷᠡᠭᠡᠬᠦ ᠵᠢᠨ ᠬᠠᠮᠲᠤ ᠵᠢᠩᠬᠢᠨᠢ᠎ᠪᠠᠷ ᠲᠡᠷᠭᠡ ᠨᠡᠪᠲᠡᠷᠡᠪᠡ᠂ ᠡᠨᠡ᠎ᠨᠢ S311 ᠦᠴᠤᠸᠠᠨ᠎ᠠᠴᠠ ᠶᠠᠩ ᠱᠤ᠌ ᠪᠠ ᠬᠥᠷᠬᠥ ᠬᠡᠰᠡᠭ᠎ᠤᠨ ᠵᠠᠰᠠᠮᠠᠯ ᠵᠠᠮ ᠪᠥᠬᠥ ᠱᠤᠭᠤᠮ ᠵᠶ᠋ᠠᠷ ᠲᠡᠷᠭᠡ ᠨᠡᠪᠲᠡᠷᠡᠭᠰᠡᠨ᠎ᠢ ᠬᠠᠷᠠᠭᠤᠯᠵᠤ ᠪᠣᠶ᠃

0613-1.jpg

    S311 ᠦᠴᠤᠸᠠᠨ᠎ᠠᠴᠠ ᠶᠠᠩ ᠱᠤ᠌ ᠪᠠ ᠬᠥᠷᠬᠥ ᠨᠢᠭᠡᠳᠦᠭᠡᠷ ᠳᠡᠰ᠎ᠤᠨ ᠵᠠᠰᠠᠮᠠᠯ ᠵᠠᠮ᠎ᠤᠨ ᠭᠣᠤᠯ ᠱᠤᠭᠤᠮ᠎ᠤᠨ ᠡᠬᠢᠯᠡᠯᠲᠡ ᠵᠢᠨ ᠴᠡᠭ᠎ᠨᠢ ᠬᠥᠬᠡᠬᠣᠲᠠ ᠵᠢᠨ ᠦᠴᠤᠸᠠᠨ ᠰᠢᠶᠠᠨ᠎ᠤ ᠬᠥᠬᠡ ᠡᠷᠭᠢ ᠪᠠᠯᠭ᠋ᠠᠰᠤ ᠵᠢᠨ ᠡᠮᠦᠨ᠎ᠡ ᠲᠠᠯ᠎ᠠ᠎ᠳᠤ ᠪᠠᠢ᠌ᠵᠤ᠂ ᠡᠴᠦᠰ᠎ᠤᠨ ᠴᠡᠭ᠎ᠢ ᠪᠤᠭᠤᠲᠤ ᠬᠣᠲᠠ ᠵᠢᠨ ᠭᠦᠶᠡᠩ ᠰᠢᠶᠠᠨ᠎ᠤ ᠬᠢᠯᠢ ᠳᠣᠲᠣᠷᠠᠬᠢ ᠮᠢᠩ ᠳ᠋ᠧᠩ᠎ᠠᠴᠠ ᠶᠠᠩ ᠱᠤ᠌ ᠪᠠ ᠬᠥᠷᠬᠥ ᠨᠢᠭᠡᠳᠦᠭᠡᠷ ᠳᠡᠰ᠎ᠤᠨ ᠵᠠᠰᠠᠮᠠᠯ ᠵᠠᠮ᠎ᠲᠠᠢ ᠵᠠᠯᠭ᠋ᠠᠯᠳᠤᠭᠤᠯᠵᠤ᠂ ᠦᠴᠤᠸᠠᠨ ᠰᠢᠶᠠᠨ᠎ᠤ ᠬᠢᠯᠢ ᠳᠣᠲᠣᠷᠠᠬᠢ 9 ᠰᠢᠶᠠᠩ ᠪᠠᠯᠭ᠋ᠠᠰᠤ ᠵᠢᠨ ᠳᠣᠲᠣᠷᠠᠬᠢ 5᠎ᠨᠢ ᠨᠢᠭᠡᠳᠦᠭᠡᠷ ᠳᠡᠰ᠎ᠤᠨ ᠵᠠᠰᠠᠮᠠᠯ ᠵᠠᠮ᠎ᠢ ᠬᠣᠯᠪᠣᠨ ᠨᠡᠪᠲᠡᠷᠡᠭᠦᠯᠪᠡ᠃ ᠭᠣᠣᠯ ᠱᠤᠭᠤᠮ᠎ᠤᠨ ᠪᠦᠬᠦ ᠣᠷᠳᠣ᠎ᠨᠢ 78.8 ᠺᠢᠯᠣᠮᠧᠲᠷ᠂ ᠵᠢᠷᠤᠵᠤ ᠲᠥᠯᠥᠪᠯᠡᠭᠰᠡᠨ ᠬᠤᠷᠳᠤᠴᠠ᠎ᠨᠢ 80km / h᠂ ᠵᠠᠮ᠎ᠤᠨ ᠰᠠᠭᠤᠷᠢ ᠵᠢᠨ ᠥᠷᠭᠡᠨ᠎ᠨᠢ 25.5m ᠪᠣᠯᠤᠨ᠎ᠠ᠃
    ᠲᠣᠰ ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ᠎ᠤ ᠵᠠᠮ᠎ᠤᠨ ᠲᠣᠤᠷ᠎ᠤᠨ ᠲᠥᠯᠥᠪᠵᠢᠭᠦᠯᠭᠡ ᠵᠢᠨ ᠴᠢᠬᠤᠯᠠ ᠪᠦᠷᠢᠯᠳᠦᠬᠦᠨ ᠬᠡᠰᠡᠭ ᠮᠥᠨ᠂ 《ᠬᠥᠬᠡᠬᠣᠲᠠ ᠪᠤᠭᠤᠲᠤ ᠣᠷᠳᠣᠰ ᠦᠬᠠᠶ》 ᠵᠢ ᠨᠢᠭᠡ ᠴᠣᠭᠴᠠᠵᠢᠭᠤᠯᠤᠨ ᠬᠥᠭᠵᠢᠭᠦᠯᠬᠦ᠎ᠳᠤ ᠠᠭᠤᠰᠤᠯᠴᠠᠭᠤᠯᠬᠤ ᠴᠢᠬᠤᠯᠠ ᠬᠣᠯᠪᠣᠭ᠋ᠠᠰᠤ ᠮᠥᠨ᠂ ᠦᠴᠤᠸᠠᠨ ᠰᠢᠶᠠᠨ᠎ᠤ ᠵᠠᠮ ᠬᠠᠷᠢᠯᠴᠠᠭ᠋ᠠᠨ᠎ᠤ ᠰᠠᠭᠤᠷᠢ ᠲᠦᠭᠦᠭᠡᠷᠤᠮᠵᠢ ᠵᠢᠨ ᠨᠥᠬᠥᠴᠡᠯ᠎ᠢ ᠤᠯᠠᠮ ᠨᠢᠭᠡ ᠠᠯᠬᠤᠮ ᠰᠠᠢ᠌ᠵᠢᠷᠠᠭᠤᠯᠵᠤ᠂ ᠮᠠᠨ᠎ᠤ ᠣᠷᠣᠨ᠎ᠤ ᠭᠣᠤᠯ ᠱᠤᠭᠤᠮ᠎ᠤᠨ ᠵᠠᠰᠠᠮᠠᠯ ᠵᠠᠮ᠎ᠤᠨ ᠲᠣᠤᠷ᠎ᠢ ᠲᠡᠭᠦᠯᠳᠡᠷᠵᠢᠭᠦᠯᠵᠦ᠂ ᠵᠠᠰᠠᠮᠠᠯ ᠵᠠᠮ᠎ᠤᠨ ᠲᠡᠭᠡᠭᠡᠪᠦᠷᠢ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠵᠠᠮ ᠳᠠᠭ᠋ᠠᠤ ᠵᠢᠨ ᠵᠢᠭᠤᠯᠴᠢᠯᠠᠯ᠎ᠤᠨ ᠡᠬᠢ ᠪᠠᠶᠠᠯᠢᠭ᠎ᠤᠨ ᠨᠡᠭᠡᠭᠡᠯᠲᠡ ᠵᠢ ᠠᠬᠢᠭᠤᠯᠵᠤ᠂ ᠵᠠᠮ ᠳᠠᠭ᠋ᠠᠤ ᠵᠢᠨ ᠠᠵᠤ ᠠᠬᠤᠶ ᠨᠡᠢ᠌ᠭᠡᠮ᠎ᠤᠨ ᠬᠥᠭᠵᠢᠯᠲᠡ᠎ᠳᠤ ᠰᠠᠢ᠌ᠨ ᠰᠠᠢ᠌ᠬᠠᠨ ᠨᠥᠬᠥᠴᠡᠯ᠎ᠢ ᠪᠦᠷᠢᠯᠳᠦᠭᠦᠯᠵᠦ ᠥᠭᠬᠦ᠎ᠨᠢ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ 
  

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠵᠢᠷᠭᠤᠭ᠍ᠠᠨ ᠠᠵᠢᠯᠯᠠᠭ᠎ᠠ》 ᠵᠢ ᠨᠠᠶ᠋ᠢᠳᠠᠪᠤᠷᠢᠵᠢᠭᠤᠯᠤᠨ᠎ᠠ — ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠵᠠᠮ ᠬᠠᠷᠢᠯᠴᠠᠭ᠋ᠠᠨ᠎ᠤ ᠬᠠᠤᠯᠢ ᠬᠡᠷᠡᠭᠵᠢᠭᠦᠯᠬᠦ ᠣᠷᠣᠨ ᠪᠦᠰᠡ ᠵᠢᠨ ᠬᠠᠮᠵᠢᠯᠴᠠᠭ᠋ᠠᠨ᠎ᠤ ᠰᠢᠨ᠎ᠡ ᠪᠠᠶ᠋ᠢᠷᠢᠰᠢᠯ᠎ᠢ ᠪᠤᠶ ᠪᠣᠯᠭ᠋ᠠᠨ᠎ᠠ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 71 ᠵᠢᠯ᠎ᠤᠨ ᠤᠢ ᠵᠢ ᠪᠡᠯᠭᠡᠯᠡᠬᠦ ᠲᠤᠬᠠᠶ ᠤᠯᠤᠰ᠎ᠤᠨ ᠲᠤᠬ᠎ᠢ ᠡᠯᠭᠦᠬᠦ ᠰᠠᠨᠠᠭ᠋ᠠᠴᠢᠯᠠᠭ᠎ᠠ ᠵᠢᠨ ᠪᠢᠴᠢᠭ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠠᠴᠠ ᠣᠨᠤᠯ᠎ᠤᠨ ᠰᠤᠷᠤᠯᠴᠠᠯᠭ᠎ᠠ ᠵᠢᠨ ᠭᠣᠤᠯ ᠳᠤᠭᠤᠶ᠋ᠢᠯᠠᠩ᠎ᠤᠨ ᠶᠢᠰᠦᠳᠦᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢ ᠥᠷᠨᠢᠭᠦᠯᠪᠡ
ᠰᠢᠨ᠎ᠡ ᠴᠠᠭ ᠦᠶ᠎ᠡ ᠰᠢᠨ᠎ᠡ ᠵᠢᠳᠬᠦᠯ ᠴᠢᠷᠮᠠᠶ᠋ᠢᠯᠭ᠎ᠠ ᠰᠢᠨ᠎ᠡ ᠤᠳᠬ᠎ᠠ ᠵᠣᠬᠢᠶᠠᠯ 《ᠰᠢᠨ᠎ᠡ ᠦᠰᠦᠭᠲᠦ ᠨᠣᠮᠸᠷ》᠎ᠤᠨ ᠠᠵᠤ ᠦᠢ᠍ᠯᠡᠰ᠎ᠨᠢ ᠬᠥᠭᠵᠢᠯᠲᠡ ᠵᠢᠨ ᠬᠦᠳᠡᠯᠭᠡᠭᠴᠢ ᠡᠨᠧᠷᠭᠢ ᠵᠢᠨ ᠰᠣᠯᠢᠭᠳᠠᠯ᠎ᠤᠨ 《ᠬᠤᠪᠢᠷᠠᠮᠠᠯ ᠬᠥᠭᠵᠢᠮ》᠎ᠢ ᠬᠠᠩᠭᠢᠨᠠᠭᠤᠯᠪᠠ
ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠬᠤ ᠢᠯᠡᠳᠲᠡ ᠳᠠᠪᠠᠭᠤᠯᠢᠭ᠎ᠢ ᠭᠦᠢ᠍ᠴᠡᠳ ᠢᠯᠡᠷᠡᠭᠦᠯᠪᠡ
 
            