ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠣᠯ᠎ᠤᠨ᠎ᠬᠢᠨ ᠵᠠᠮ᠎ᠤᠨ ᠲᠣᠣᠷ ᠲᠠᠰᠤᠯᠤᠭᠳᠠᠭᠰᠠᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠵᠦ ᠪᠠᠢ᠌ᠨ᠎ᠠ
ᠨᠡᠶ᠋ᠢᠲᠡᠯᠡᠭᠰᠡᠨ ᠴᠠᠭ᠄ 2025-06-06

    ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠮᠠᠯ ᠵᠠᠮ᠎ᠤᠨ ᠵᠠᠮ ᠬᠠᠷᠢᠯᠴᠠᠭ᠎ᠠ ᠲᠠᠰᠤᠯᠤᠭᠳᠠᠭᠰᠠᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠵᠢᠨ ᠬᠡᠷᠡᠭᠵᠢᠭᠦᠯᠬᠦ ᠨᠠᠷᠢᠨ ᠲᠦᠷᠢᠮ》 (《ᠨᠠᠷᠢᠨ ᠲᠦᠷᠢᠮ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠵᠠᠰᠠᠮᠠᠯ ᠵᠠᠮ᠎ᠤᠨ ᠵᠠᠮ ᠬᠠᠷᠢᠯᠴᠠᠭ᠎ᠠ ᠲᠠᠰᠤᠯᠤᠭᠳᠠᠭᠰᠠᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠤᠨ᠂ ᠵᠠᠮ᠎ᠤᠨ ᠲᠣᠤᠷ᠎ᠤᠨ ᠠᠵᠢᠯᠯᠠᠭ᠋ᠠᠨ᠎ᠢ ᠬᠢᠨᠠᠨ ᠬᠡᠮᠵᠢᠵᠦ ᠳᠣᠭᠢᠷᠠᠭᠤᠯᠬᠤ ᠵᠢ ᠴᠢᠩᠭ᠋ᠠᠳᠬᠠᠵᠤ᠂ ᠵᠠᠮ᠎ᠤᠨ ᠲᠣᠤᠷ᠎ᠤᠨ ᠬᠠᠮᠢᠶᠠᠷᠤᠯᠲᠠ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃
    《ᠨᠠᠷᠢᠨ ᠲᠦᠷᠢᠮ》᠎ᠳᠤ ᠲᠠᠰᠤᠯᠤᠭᠳᠠᠭᠰᠠᠨ ᠬᠡᠷᠡᠭ᠎ᠤᠨ ᠰᠢᠨᠵᠢ ᠴᠢᠨᠠᠷ᠂ ᠳᠡᠰ ᠪᠠ ᠡᠭᠦᠰᠦᠭᠰᠡᠨ ᠰᠢᠯᠲᠠᠭ᠋ᠠᠨ ᠵᠡᠷᠭᠡ ᠵᠢ ᠲᠥᠷᠥᠯ ᠬᠤᠪᠢᠶᠠᠵᠤ᠂ 《ᠠᠩᠬ᠎ᠠ ᠮᠡᠳᠡᠭᠦᠯᠬᠦ᠎ᠳᠤ ᠲᠦᠷᠭᠡᠨ᠂ ᠦᠷᠭᠦᠯᠵᠢᠯᠡᠨ ᠮᠡᠳᠡᠭᠦᠯᠬᠦ᠎ᠳᠤ ᠣᠨᠣᠪᠴᠢᠲᠠᠶ᠂ ᠡᠴᠦᠰ᠎ᠤᠨ ᠮᠡᠳᠡᠭᠦᠯᠦᠯᠲᠡ ᠪᠦᠷᠢᠨ᠂ ᠲᠣᠬᠢᠷᠠᠭᠤᠯᠤᠯᠲᠠ ᠬᠢᠬᠦ᠎ᠳᠤ ᠪᠣᠳᠠᠲᠠᠶ》 ᠠᠵᠢᠯ᠎ᠤᠨ ᠵᠠᠷᠴᠢᠮ ᠶᠣᠰᠣᠭ᠋ᠠᠷ᠂ ᠲᠠᠰᠤᠯᠤᠭᠳᠠᠭᠰᠠᠨ ᠬᠡᠷᠡᠭ᠎ᠢ ᠮᠡᠳᠡᠭᠦᠯᠦᠨ ᠬᠦᠷᠭᠡᠬᠦ ᠪᠠ ᠵᠠᠮ᠎ᠤᠨ ᠠᠵᠢᠯᠯᠠᠭ᠋ᠠᠨ᠎ᠤ ᠲᠣᠬᠢᠷᠠᠭᠤᠯᠤᠯᠲᠠ ᠵᠢᠨ ᠵᠥᠪᠳᠡᠯᠴᠡᠬᠦ ᠠᠵᠢᠯ᠎ᠢ ᠥᠷᠨᠢᠭᠦᠯᠵᠦ᠂ ᠴᠢᠬᠤᠯᠠ ᠶᠡᠬᠡ ᠬᠡᠷᠡᠭ᠎ᠢ ᠲᠡᠷᠡ ᠳᠠᠷᠤᠶ᠎ᠳᠤ᠎ᠨᠢ ᠮᠡᠳᠡᠭᠦᠯᠦᠨ ᠬᠦᠷᠭᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃
   《ᠨᠠᠷᠢᠨ ᠲᠦᠷᠢᠮ》᠎ᠳᠤ ᠵᠠᠰᠠᠮᠠᠯ ᠵᠠᠮ᠎ᠤᠨ ᠵᠠᠮ ᠬᠠᠷᠢᠯᠴᠠᠭ᠎ᠠ ᠲᠠᠰᠤᠯᠤᠭᠳᠠᠭᠰᠠᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠠᠵᠢᠯ᠎ᠤᠨ ᠡᠭᠦᠷᠭᠡ ᠬᠠᠷᠢᠭᠤᠴᠠᠯᠭ᠎ᠠ᠂ ᠴᠤᠭᠯᠠᠭᠤᠯᠬᠤ ᠪᠠ ᠬᠢᠨᠠᠨ ᠬᠡᠮᠵᠢᠬᠦ ᠱᠠᠭ᠋ᠠᠷᠳᠠᠯᠭ᠎ᠠ᠂ ᠮᠡᠳᠡᠭᠦᠯᠦᠨ ᠬᠦᠷᠭᠡᠬᠦ ᠪᠠ ᠨᠡᠢ᠌ᠲᠡᠯᠡᠬᠦ ᠱᠠᠭ᠋ᠠᠷᠳᠠᠯᠭ᠎ᠠ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠡᠷᠭᠡ ᠵᠢ ᠲᠣᠳᠣᠷᠬᠠᠢ᠌ᠯᠠᠵᠤ᠂ 24 ᠴᠠᠭ ᠵᠶ᠋ᠠᠷ ᠵᠢᠵᠢᠭᠦᠷᠯᠡᠨ ᠰᠠᠬᠢᠬᠤ ᠪᠠ ᠰᠠᠨᠠᠭ᠋ᠠᠴᠢᠯᠠᠭ᠎ᠠ᠎ᠠᠴᠠ᠎ᠪᠠᠨ ᠬᠢᠨᠠᠨ ᠬᠡᠮᠵᠢᠬᠦ ᠵᠢ ᠴᠢᠩᠭ᠋ᠠᠳᠬᠠᠵᠤ᠂ ᠵᠠᠰᠠᠮᠠᠯ ᠵᠠᠮ᠎ᠤᠨ ᠬᠠᠷᠠᠭ᠋ᠠᠨ ᠳᠠᠪᠲᠠᠮᠵᠢ᠎ᠪᠠᠷ ᠬᠢᠨᠠᠨ ᠬᠡᠮᠵᠢᠬᠦ ᠲᠦᠭᠦᠭᠡᠷᠦᠮᠵᠢ ᠵᠢᠨ ᠪᠠᠢ᠌ᠭᠤᠯᠤᠯᠲᠠ ᠪᠠ ᠠᠵᠢᠯᠯᠠᠭᠤᠯᠵᠤ ᠬᠠᠮᠠᠭ᠋ᠠᠯᠠᠬᠤ ᠬᠠᠮᠢᠶᠠᠷᠤᠯᠲᠠ ᠵᠢ ᠰᠠᠢ᠌ᠲᠤᠷ ᠬᠢᠬᠦ ᠵᠢ ᠠᠬᠢᠭᠤᠯᠵᠤ᠂ ᠲᠠᠰᠤᠯᠤᠭᠳᠠᠭᠰᠠᠨ ᠬᠡᠷᠡᠭ᠎ᠤᠨ ᠠᠦ᠋ᠲ᠋ᠣ᠋ ᠰᠡᠷᠡᠯ ᠪᠠ ᠣᠶᠤᠨᠴᠢ ᠵᠠᠳᠠᠯᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠲᠠᠰᠤᠯᠤᠭᠳᠠᠭᠰᠠᠨ ᠬᠡᠷᠡᠭ᠎ᠤᠨ ᠮᠡᠳᠡᠭᠡ ᠵᠠᠩᠭᠢ ᠵᠢ ᠠᠦ᠋ᠲ᠋ᠣᠴᠢᠯᠠᠨ ᠴᠤᠭᠯᠠᠭᠤᠯᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ; ᠳᠣᠲᠣᠭ᠋ᠠᠳᠤ ᠵᠢ ᠬᠠᠮᠠᠭ᠋ᠠᠯᠠᠬᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ᠂ ᠴᠠᠭ ᠠᠭᠤᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠯᠦᠭᠡ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠪᠠ ᠠᠵᠢᠯ᠎ᠤᠨ ᠬᠠᠮᠵᠢᠯᠴᠠᠭ᠎ᠠ ᠵᠢ ᠴᠢᠩᠭ᠋ᠠᠳᠬᠠᠵᠤ᠂ ᠣᠯᠠᠨ ᠨᠡᠢ᠌ᠲᠡ᠂ ᠵᠠᠭᠤᠴᠢᠯᠠᠭᠤᠷ᠎ᠤᠨ ᠬᠠᠷᠢᠯᠴᠠᠨ ᠬᠥᠳᠡᠯᠦᠯᠴᠡᠬᠦ᠎ᠳᠤ ᠣᠷᠣᠯᠴᠠᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠦᠨ᠎ᠡ᠃
   《ᠨᠠᠷᠢᠨ ᠲᠦᠷᠢᠮ》᠎ᠢ ᠨᠡᠢ᠌ᠲᠡᠯᠡᠭᠰᠡᠨ᠎ᠨᠢ ᠪᠥᠬᠥ ᠣᠷᠣᠨ᠎ᠢ ᠬᠠᠮᠤᠷᠤᠭᠰᠠᠨ ᠲᠠᠰᠤᠯᠤᠭᠳᠠᠭᠰᠠᠨ ᠬᠡᠷᠡᠭ᠎ᠤᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠰᠢᠰᠲ᠋ᠧᠮ᠎ᠢ ᠪᠠᠢ᠌ᠭᠤᠯᠬᠤ᠂ ᠵᠠᠮ᠎ᠤᠨ ᠲᠣᠣᠷ᠎ᠤᠨ ᠠᠮᠤᠷ ᠲᠦᠪᠰᠢᠨ ᠵᠶ᠋ᠠᠷ ᠠᠵᠢᠯᠯᠠᠬᠤ ᠵᠢ ᠪᠠᠲᠤᠯᠠᠬᠤ᠎ᠳᠤ ᠲᠦᠷᠢᠮ᠎ᠤᠨ ᠲᠤᠯᠭ᠋ᠠᠭᠤᠷᠢᠯᠠᠯ ᠬᠠᠩᠭ᠋ᠠᠪᠠ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — S311 ᠦᠴᠤᠸᠠᠨ᠎ᠠᠴᠠ ᠶᠠᠩ ᠱᠤ᠌ ᠪᠠ ᠬᠥᠷᠬᠥ ᠬᠡᠰᠡᠭ᠎ᠤᠨ ᠭᠣᠤᠯ ᠱᠤᠭᠤᠮ (ᠬᠥᠬᠡᠬᠣᠲᠠ ᠵᠢᠨ ᠬᠡᠰᠡᠭ) ᠲᠡᠷᠭᠡ ᠨᠡᠪᠲᠡᠷᠡᠪᠡ
《ᠵᠢᠷᠭᠤᠭ᠍ᠠᠨ ᠠᠵᠢᠯᠯᠠᠭ᠎ᠠ》 ᠵᠢ ᠨᠠᠶ᠋ᠢᠳᠠᠪᠤᠷᠢᠵᠢᠭᠤᠯᠤᠨ᠎ᠠ — ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠵᠠᠮ ᠬᠠᠷᠢᠯᠴᠠᠭ᠋ᠠᠨ᠎ᠤ ᠬᠠᠤᠯᠢ ᠬᠡᠷᠡᠭᠵᠢᠭᠦᠯᠬᠦ ᠣᠷᠣᠨ ᠪᠦᠰᠡ ᠵᠢᠨ ᠬᠠᠮᠵᠢᠯᠴᠠᠭ᠋ᠠᠨ᠎ᠤ ᠰᠢᠨ᠎ᠡ ᠪᠠᠶ᠋ᠢᠷᠢᠰᠢᠯ᠎ᠢ ᠪᠤᠶ ᠪᠣᠯᠭ᠋ᠠᠨ᠎ᠠ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 71 ᠵᠢᠯ᠎ᠤᠨ ᠤᠢ ᠵᠢ ᠪᠡᠯᠭᠡᠯᠡᠬᠦ ᠲᠤᠬᠠᠶ ᠤᠯᠤᠰ᠎ᠤᠨ ᠲᠤᠬ᠎ᠢ ᠡᠯᠭᠦᠬᠦ ᠰᠠᠨᠠᠭ᠋ᠠᠴᠢᠯᠠᠭ᠎ᠠ ᠵᠢᠨ ᠪᠢᠴᠢᠭ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠠᠴᠠ ᠣᠨᠤᠯ᠎ᠤᠨ ᠰᠤᠷᠤᠯᠴᠠᠯᠭ᠎ᠠ ᠵᠢᠨ ᠭᠣᠤᠯ ᠳᠤᠭᠤᠶ᠋ᠢᠯᠠᠩ᠎ᠤᠨ ᠶᠢᠰᠦᠳᠦᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢ ᠥᠷᠨᠢᠭᠦᠯᠪᠡ
ᠰᠢᠨ᠎ᠡ ᠴᠠᠭ ᠦᠶ᠎ᠡ ᠰᠢᠨ᠎ᠡ ᠵᠢᠳᠬᠦᠯ ᠴᠢᠷᠮᠠᠶ᠋ᠢᠯᠭ᠎ᠠ ᠰᠢᠨ᠎ᠡ ᠤᠳᠬ᠎ᠠ ᠵᠣᠬᠢᠶᠠᠯ 《ᠰᠢᠨ᠎ᠡ ᠦᠰᠦᠭᠲᠦ ᠨᠣᠮᠸᠷ》᠎ᠤᠨ ᠠᠵᠤ ᠦᠢ᠍ᠯᠡᠰ᠎ᠨᠢ ᠬᠥᠭᠵᠢᠯᠲᠡ ᠵᠢᠨ ᠬᠦᠳᠡᠯᠭᠡᠭᠴᠢ ᠡᠨᠧᠷᠭᠢ ᠵᠢᠨ ᠰᠣᠯᠢᠭᠳᠠᠯ᠎ᠤᠨ 《ᠬᠤᠪᠢᠷᠠᠮᠠᠯ ᠬᠥᠭᠵᠢᠮ》᠎ᠢ ᠬᠠᠩᠭᠢᠨᠠᠭᠤᠯᠪᠠ
 
            