ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠲᠠᠪᠤᠨ ᠶᠡᠭᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — ᠥᠪᠥᠷ ᠮᠣᠩᠭᠤᠯ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠦᠷᠭᠦᠯᠵᠢᠯᠡᠨ ᠠᠬᠢᠭᠤᠯᠵᠤ ᠪᠣᠢ
ᠨᠡᠶ᠋ᠢᠲᠡᠯᠡᠭᠰᠡᠨ ᠴᠠᠭ᠄ 2025-07-23

    ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠳᠤ᠂ ᠮᠠᠨ᠎ᠤ ᠣᠷᠣᠨ᠎ᠤ ᠰᠦᠯᠵᠢᠶᠡᠨ᠎ᠤ ᠪᠠᠷᠠᠭ᠋ᠠᠨ᠎ᠤ ᠲᠡᠭᠡᠭᠡᠪᠦᠷᠢ ᠵᠢᠨ ᠠᠵᠤ ᠦᠢ᠍ᠯᠡᠰ᠎ᠤᠨ ᠲᠡᠭᠡᠭᠡᠪᠦᠷᠢ ᠵᠢᠨ ᠬᠠᠭᠤᠳᠠᠰᠤ 363.5 ᠲᠦᠮᠡ᠂ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ 1.3 ᠳ᠋ᠦᠩᠰᠢᠭᠤᠷ ᠲᠣᠨ᠂ ᠠᠷᠠᠯᠵᠢᠶᠠᠨ᠎ᠤ ᠲᠤᠭ᠎ᠠ 77.2 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 10.7%᠂ 11.3%᠂ 1.3%᠎ᠪᠠᠷ ᠨᠡᠮᠡᠭᠳᠡᠪᠡ᠃

    ᠪᠠᠷᠠᠭ᠋ᠠᠨ᠎ᠤ ᠲᠡᠷᠭᠡ ᠵᠢᠵᠢᠭᠦᠷᠴᠢᠨ ᠦᠭᠡᠢ ᠫᠦᠨᠳ᠋᠎ᠤᠨ ᠭᠡᠷ ᠪᠠᠢ᠌ᠰᠢᠩ ᠵᠶ᠋ᠡᠷ ᠦᠩᠭᠡᠷᠡᠵᠦ ᠪᠠᠢ᠌ᠨ᠎ᠠ᠃ ᠶᠢᠨ ᠲᠥᠩ ᠵᠢᠷᠤᠭ᠎ᠢ ᠬᠠᠩᠭ᠋ᠠᠪᠠ

    7 ᠳ᠋ᠤᠭ᠋ᠠᠷ ᠰᠠᠷ᠎ᠠ ᠵᠢᠨ 16᠎ᠤ ᠡᠳᠦᠷ᠂ ᠥᠪᠥᠷ ᠮᠣᠩᠭᠤᠯ᠎ᠤᠨ ᠴᠢᠶᠠᠨ ᠲᠦᠩ ᠨᠡᠭᠦᠷᠡᠰᠦᠨ᠎ᠤ ᠪᠠᠷᠠᠭ᠋ᠠᠨ᠎ᠤ ᠭᠦᠢ᠍ᠯᠭᠡᠭᠡᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠪᠠᠷᠠᠭ᠋ᠠᠨ᠎ᠤ ᠭᠦᠢ᠍ᠯᠭᠡᠭᠡᠨ᠎ᠤ ᠣᠶᠤᠨᠴᠢ ᠲᠠᠯᠠᠪᠤᠷ ᠥᠷᠲᠡᠭᠡ᠎ᠳᠤ᠂ ᠪᠠᠷᠠᠭ᠋ᠠᠨ᠎ᠤ ᠲᠡᠷᠭᠡᠨ ᠵᠢᠯᠣᠭᠤᠴᠢ 《ᠮᠧᠩ ᠮᠠ ᠤᠶᠤᠨᠴᠢ ᠲᠡᠭᠡᠭᠡᠪᠦᠷᠢ》 ᠵᠢᠨ ᠵᠢᠯᠣᠭᠤᠴᠢ ᠦᠵᠦᠭᠦᠷ᠎ᠤᠨ APP᠎ᠪᠠᠷ ᠳᠠᠮᠵᠢᠨ ᠤᠷᠢᠳᠴᠢᠯᠠᠨ ᠪᠣᠯᠵᠣᠵᠤ ᠮᠦᠷᠯᠡᠨ ᠲᠠᠯᠠᠪᠠᠶ᠎ᠳᠤ ᠣᠷᠣᠬᠤ ᠬᠤᠭᠤᠴᠠᠭ᠋ᠠᠨ᠎ᠳᠤ᠂ 8 ᠰᠧᠺᠦ᠋ᠨ᠋ᠳ᠋᠎ᠲᠤ ᠲᠤᠢ᠌ᠯ᠎ᠤᠨ ᠬᠤᠷᠳᠤᠨ ᠫᠦᠨᠳ᠋ ᠵᠶ᠋ᠠᠷ ᠵᠢᠩᠯᠡᠪᠡ᠃

    ᠨᠡᠭᠦᠷᠡᠰᠦᠨ᠎ᠤ ᠪᠠᠷᠠᠭ᠋ᠠᠨ᠎ᠤ ᠲᠡᠷᠭᠡ ᠵᠢᠨ ᠵᠢᠯᠣᠭᠤᠴᠢ ᠯᠢ ᠪᠠᠭᠰᠢ᠄

    ᠥᠩᠭᠡᠷᠡᠭᠰᠡᠨ᠎ᠳᠤ ᠭᠠᠭᠴᠠ ᠲᠡᠷᠭᠡ ᠵᠢ ᠫᠦᠨᠳ᠋ ᠵᠶ᠋ᠠᠷ ᠵᠢᠩᠯᠡᠬᠦ᠎ᠳᠤ 3 ᠮᠢᠨᠦᠢ᠍ᠲ ᠬᠡᠷᠡᠭᠯᠡᠨ᠎ᠡ᠂ ᠡᠨᠡ ᠬᠦ᠌ ᠣᠶᠤᠨᠴᠢ ᠪᠠᠷᠠᠭ᠋ᠠᠨ᠎ᠤ ᠭᠦᠢ᠍ᠯᠭᠡᠭᠡᠨ᠎ᠤ ᠰᠢᠰᠲ᠋ᠧᠮ᠎ᠲᠠᠢ ᠪᠣᠯᠤᠭᠰᠠᠨ᠎ᠠᠴᠠ ᠣᠳᠣ ᠵᠥᠪᠬᠡᠨ 8 ᠰᠧᠺᠦᠢ᠍ᠨᠳ᠋ ᠬᠡᠷᠡᠭᠯᠡᠵᠦ᠂ ᠲᠡᠷᠭᠡ ᠲᠠᠯᠠᠪᠠᠶ᠎ᠳᠤ ᠪᠠᠢ᠌ᠬᠤ ᠬᠦᠴᠦᠨ ᠦᠭᠡᠶ ᠬᠦᠯᠢᠶᠡᠬᠦ ᠴᠠᠭ᠎ᠢ ᠪᠠᠭ᠋ᠠᠰᠬᠠᠵᠠᠶ ᠭᠡᠵᠡᠢ᠃

    ᠶᠠᠭ ᠠᠵᠢᠯᠯᠠᠵᠤ ᠪᠠᠶ᠋ᠢᠭ᠎ᠠ ᠡᠨᠡ ᠬᠦ᠌ ᠴᠢᠶᠠᠨ ᠲᠦᠩ ᠨᠡᠭᠦᠷᠡᠰᠦᠨ᠎ᠤ ᠪᠠᠷᠠᠭ᠋ᠠᠨ᠎ᠤ ᠭᠦᠢ᠍ᠯᠭᠡᠭᠡᠨ᠎ᠤ ᠣᠶᠤᠨᠴᠢ ᠲᠠᠯᠠᠪᠤᠷ ᠥᠷᠲᠡᠭᠡ᠎ᠨᠢ 《ᠮᠧᠩ ᠮᠠ ᠤᠶᠤᠨᠴᠢ ᠲᠡᠭᠡᠭᠡᠪᠦᠷᠢ》 ᠦᠢ᠍ᠯᠡᠳᠬᠦᠨ᠎ᠤ ᠠᠩᠬᠠᠳᠠᠭᠴᠢ ᠵᠢᠱ᠌ᠢᠶ᠎ᠡ ᠦᠵᠡᠭᠦᠯᠬᠦ ᠲᠥᠷᠥᠯ ᠵᠦᠢ᠍ᠯ ᠪᠣᠯᠤᠭᠰᠠᠨ᠎ᠤ ᠬᠤᠪᠢ᠎ᠳᠤ᠂ ᠢᠨᠲ᠋ᠧᠷ ᠰᠦᠯᠵᠢᠶ᠎ᠡ᠂ ᠡᠳ᠋ ᠪᠠᠷᠠᠭ᠋ᠠᠨ᠎ᠤ ᠮᠡᠳᠡᠭᠡ ᠵᠠᠩᠭᠢ ᠵᠢᠨ ᠰᠦᠯᠵᠢᠶ᠎ᠡ ᠵᠢᠴᠢ ᠰᠦᠯᠵᠢᠶᠡᠨ᠎ᠤ ᠪᠠᠷᠠᠭ᠋ᠠᠨ᠎ᠤ ᠲᠡᠭᠡᠭᠡᠪᠦᠷᠢ ᠵᠢᠨ ᠲᠠᠪᠴᠠᠩ᠎ᠲᠠᠢ ᠤᠶᠠᠯᠳᠤᠭᠤᠯᠤᠨ᠂ ᠲᠣᠮᠣ ᠳ᠋ᠠᠶ᠋ᠢᠲ᠋ᠠ ᠵᠢᠴᠢ AI ᠪᠤᠳᠤᠬᠤ ᠠᠷᠭ᠎ᠠ ᠵᠡᠷᠭᠡ ᠮᠡᠷᠭᠡᠵᠢᠯ᠂ ᠭᠠᠷ ᠤᠲᠠᠰᠤᠨ᠎ᠤ APP ᠵᠡᠷᠭᠡ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭᠯᠡᠨ᠂ ᠪᠥᠬᠦ ᠬᠡᠯᠬᠢᠶᠡᠨ᠎ᠤ ᠲᠣᠭ᠋ᠠᠴᠢᠯᠠᠭᠰᠠᠨ ᠬᠠᠮᠢᠶᠠᠷᠤᠯᠲᠠ ᠵᠢᠨ ᠲᠠᠪᠴᠠᠩ᠎ᠢ ᠪᠠᠶ᠋ᠢᠭᠤᠯᠵᠤ᠂ ᠪᠦᠬᠦ᠋ᠢ᠍ᠯᠡ ᠶᠠᠪᠤᠴᠠ᠎ᠨᠢ ᠤᠤᠯ᠎ᠤᠨ ᠬᠥᠮᠦᠨ᠎ᠤ ᠬᠦᠴᠦᠨ᠎ᠤ ᠠᠵᠢᠯᠯᠠᠭ᠎ᠠ᠎ᠠᠴᠠ᠎ᠪᠠᠨ ᠣᠲᠣ ᠵᠢᠨ ᠡᠯᠸᠺᠲᠷᠣᠨ ᠠᠵᠢᠯᠯᠠᠭ᠎ᠠ ᠪᠣᠯᠵᠣ ᠬᠤᠪᠢᠷᠠᠪᠠ᠃

    ᠥᠪᠥᠷ ᠮᠣᠩᠭᠤᠯ᠎ᠤᠨ ᠴᠢᠶᠠᠨ ᠲᠦᠩ ᠨᠡᠭᠦᠷᠡᠰᠦᠨ᠎ᠤ ᠪᠠᠷᠠᠭ᠋ᠠᠨ᠎ᠤ ᠭᠦᠢ᠍ᠯᠭᠡᠭᠡᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠶᠡᠷᠦᠩᠬᠡᠶ ᠳᠠᠭ᠋ᠠᠭ᠋ᠠᠮᠠᠯ ᠸᠠᠩ ᠰᠢᠨ᠄

    ᠨᠢᠭᠡᠨ ᠰᠠᠭᠤᠷᠢ ᠲᠤᠭ᠎ᠠ ᠪᠠᠷᠢᠮᠲᠠ ᠵᠢᠨ ᠲᠠᠪᠴᠠᠩ᠎ᠢ ᠪᠡᠶᠡᠯᠡᠭᠦᠯᠵᠦ᠂ ᠵᠢᠯᠣᠭᠤᠴᠢ ᠵᠢ ᠺᠣᠳ᠋ ᠰᠢᠷᠪᠢᠵᠦ ᠬᠠᠭᠤᠳᠠᠰᠤ ᠬᠦᠯᠢᠶᠡᠨ ᠠᠪᠬᠤ᠂ ᠨᠡᠭᠦᠷᠡᠰᠦᠨ ᠠᠭᠤᠷᠬᠠᠢ ᠵᠢᠨ ᠲᠡᠭᠡᠭᠡᠪᠦᠷᠢᠯᠡᠯᠲᠡ ᠬᠢᠬᠦ᠂ ᠦᠢ᠍ᠯᠡᠳᠪᠦᠷᠢ ᠥᠷᠲᠡᠭᠡ᠎ᠳᠤ ᠫᠦᠨᠳ᠋ ᠵᠶ᠋ᠠᠷ ᠵᠢᠩᠯᠡᠬᠦ ᠵᠡᠷᠭᠡ ᠪᠥᠬᠦ ᠶᠠᠪᠤᠴᠠ ᠵᠢ ᠨᠡᠪᠲᠡᠷᠡᠭᠦᠯᠵᠦ᠂ ᠠᠵᠤ ᠠᠬᠤᠶ᠋ᠢᠯᠠᠯ᠎ᠤᠨ ᠪᠦᠬᠦᠯᠢ ᠴᠣᠭᠴᠠ ᠵᠢᠨ ᠡᠵᠡᠩᠨᠡᠯᠲᠡ ᠵᠢᠨ ᠦᠷ᠎ᠡ ᠪᠦᠲᠦᠮᠵᠢ ᠵᠢ ᠶᠡᠭᠡ᠎ᠪᠠᠷ ᠳᠡᠭᠡᠭᠰᠢᠯᠡᠭᠦᠯᠪᠡ ᠭᠡᠵᠡᠢ᠃ ᠡᠨᠡ ᠵᠢᠯ᠎ᠠᠴᠠ ᠨᠠᠭ᠋ᠠᠰᠢ᠂ ᠮᠠᠨ᠎ᠤ ᠣᠷᠣᠨ ᠰᠦᠯᠵᠢᠶᠡᠨ᠎ᠤ ᠪᠠᠷᠠᠭ᠋ᠠᠨ᠎ᠤ ᠲᠡᠭᠡᠭᠡᠪᠦᠷᠢ ᠵᠢᠨ ᠵᠢᠷᠤᠮᠵᠢᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠦᠷᠭᠦᠯᠵᠢᠯᠡᠨ ᠠᠬᠢᠭᠤᠯᠵᠤ᠂ 《ᠮᠧᠩ ᠮᠠ ᠣᠶᠤᠨᠴᠢ ᠲᠡᠭᠡᠭᠡᠪᠦᠷᠢ》 ᠵᠢᠨ ᠲᠣᠭ᠋ᠠᠴᠢᠯᠠᠭᠰᠠᠨ ᠶᠡᠷᠦᠩᠬᠡᠶ᠋ᠢᠯᠡᠭᠰᠡᠨ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠠᠪᠴᠠᠩ᠎ᠢ ᠥᠨᠳᠥᠷ ᠪᠠᠷᠢᠮᠵᠢᠶ᠎ᠠ᠎ᠪᠠᠷ ᠪᠠᠶ᠋ᠢᠭᠤᠯᠪᠠ᠃ ᠳᠡᠭᠡᠷ᠎ᠡ ᠬᠠᠭ᠋ᠠᠰ ᠵᠢᠯ᠎ᠳᠤ᠂ 《ᠮᠧᠩ ᠮᠠ ᠣᠶᠤᠨᠴᠢ ᠲᠡᠭᠡᠭᠡᠪᠦᠷᠢ》 ᠵᠢᠨ ᠲᠣᠭ᠋ᠠᠴᠢᠯᠠᠭᠰᠠᠨ ᠶᠡᠷᠦᠩᠬᠡᠶ᠋ᠢᠯᠡᠭᠰᠡᠨ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠠᠪᠴᠠᠩ 7386 ᠲᠦᠮᠡᠨ ᠲᠣᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ᠂ 203.3 ᠲᠦᠮᠡᠨ ᠲᠡᠭᠡᠭᠡᠪᠦᠷᠢ ᠵᠢᠨ ᠬᠠᠭᠤᠳᠠᠰᠤ᠂ 42 ᠳ᠋ᠦᠩᠰᠢᠭᠤᠷ ᠲᠥᠭᠦᠷᠢᠭ᠎ᠤᠨ ᠠᠷᠠᠯᠵᠢᠶᠠᠨ᠎ᠤ ᠬᠡᠮᠵᠢᠶ᠎ᠡ ᠵᠢ ᠪᠡᠶᠡᠯᠡᠭᠦᠯᠪᠡ᠃

    ᠴᠡᠬᠡ ᠪᠣᠭᠣᠮᠲᠠ ᠵᠢᠨ AGV ᠵᠢᠯᠣᠭᠣᠴᠢ ᠦᠭᠡᠢ ᠮᠠᠰᠢᠨ ᠲᠡᠷᠭᠡ ᠶᠠᠭ ᠴᠢᠩᠭᠡᠯᠢᠭ ᠲᠡᠭᠡᠭᠡᠵᠦ ᠪᠠᠢ᠌ᠨ᠎ᠠ᠃ ᠮᠠ ᠮᠢᠨ ᠵᠢᠷᠤᠭ᠎ᠢ ᠬᠠᠩᠭ᠋ᠠᠪᠠ

    ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠭᠦᠨᠵᠡᠭᠡᠶ ᠠᠬᠢᠭᠤᠯᠬᠤ ᠵᠢᠨ ᠲᠤᠰᠠᠳᠠ᠂ ᠡᠨᠡ ᠵᠢᠯ᠎ᠤᠨ ᠡᠬᠢ᠎ᠪᠠᠷ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠵᠢᠨ ᠬᠠᠮᠲᠤ ᠵᠠᠮ ᠬᠠᠷᠢᠯᠴᠠᠭ᠎ᠠ ᠲᠡᠭᠡᠭᠡᠪᠦᠷᠢ ᠵᠢᠨ ᠬᠦᠷᠢᠶᠡᠨ᠎ᠳᠠᠬᠢ ᠠᠵᠤ ᠠᠬᠤᠶ᠋ᠢᠯᠠᠯ᠎ᠢ ᠲᠤᠰᠠᠯᠠᠬᠤ ᠠᠵᠢᠯᠯᠠᠭ᠎ᠠ ᠵᠢᠨ ᠡᠭᠦᠷᠭᠡ ᠵᠢᠨ ᠨᠠᠷᠢᠨ ᠲᠠᠩᠰᠠ ᠵᠢ ᠪᠠᠶ᠋ᠢᠭᠤᠯᠵᠤ᠂ ᠣᠲᠣ ᠦᠶ᠎ᠡ ᠵᠢᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠳᠠᠭ᠋ᠠᠭᠤᠯᠤᠭᠴᠢ ᠠᠵᠤ ᠠᠬᠤᠶ᠋ᠢᠯᠠᠯ᠎ᠢ ᠦᠷᠭᠦᠯᠵᠢᠯᠡᠨ ᠪᠤᠶ᠋ᠢᠵᠢᠭᠤᠯᠵᠤ᠂ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠦᠢ᠍ᠯᠡᠰ᠎ᠤᠨ ᠲᠣᠭᠲᠠᠭᠤᠨ ᠵᠶ᠋ᠠᠷ ᠳᠡᠭᠡᠭᠰᠢᠯᠡᠬᠦ ᠵᠢ ᠠᠬᠢᠭᠤᠯᠪᠠ᠃ ᠳᠡᠭᠡᠷ᠎ᠡ ᠬᠠᠭ᠋ᠠᠰ ᠵᠢᠯ᠎ᠳᠤ᠂ 《ᠬᠤᠶᠠᠷ᠎ᠢ ᠡᠷᠢᠬᠦ》 ᠲᠣᠭᠲᠠᠴᠠ᠎ᠪᠠᠷ ᠳᠠᠮᠵᠢᠭᠤᠯᠤᠨ ᠣᠷᠳᠣ ᠬᠤᠭᠤᠴᠠᠭ᠋ᠠᠨ᠎ᠤ ᠬᠠᠮᠵᠢᠯᠴᠠᠭ᠋ᠠᠨ᠎ᠤ ᠭᠡᠷ᠎ᠡ ᠲᠣᠭᠲᠠᠭᠰᠠᠨ᠎ᠨᠢ 2500 ᠲᠦᠮᠡᠨ ᠲᠣᠨ ᠪᠠᠶ᠋ᠢᠵᠤ᠂ ᠲᠡᠭᠡᠭᠡᠪᠦᠷᠢ ᠵᠢᠨ ᠵᠠᠷᠤᠳᠠᠯ᠎ᠨᠢ 3 ᠳ᠋ᠦᠩᠰᠢᠭᠤᠷ ᠲᠥᠭᠦᠷᠢᠭ ᠪᠣᠯᠤᠨ᠎ᠠ᠃

    ᠥᠪᠥᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠪᠠᠰᠠ ᠲᠡᠭᠡᠭᠡᠪᠦᠷᠢ ᠵᠢᠨ ᠪᠦᠲᠦᠴᠡ ᠵᠢᠨ ᠲᠣᠬᠢᠷᠠᠭᠤᠯᠤᠯᠲᠠ ᠵᠢ ᠦᠷᠭᠦᠯᠵᠢᠯᠡᠨ ᠰᠢᠯᠢᠳᠡᠭᠵᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠬᠤ ᠲᠣᠭᠲᠠᠴᠠ ᠵᠢ ᠭᠦᠨᠵᠡᠭᠡᠶ᠋ᠢᠷᠡᠭᠦᠯᠦᠨ᠂ ᠶᠡᠭᠡ ᠬᠡᠮᠵᠢᠶᠡᠨ᠎ᠤ ᠡᠳ᠋ ᠪᠠᠷᠠᠭ᠎ᠠ ᠵᠢ 《ᠵᠠᠰᠠᠮᠠᠯ ᠵᠠᠮ ᠵᠶ᠋ᠠᠷ ᠵᠥᠭᠡᠭᠡᠪᠦᠷᠢᠯᠡᠬᠦ᠎ᠠᠴᠠ ᠲᠡᠮᠦᠷ ᠵᠠᠮ ᠵᠶ᠋ᠠᠷ ᠵᠥᠭᠡᠭᠡᠪᠦᠷᠢᠯᠡᠬᠦ᠎ᠳᠤ ᠰᠢᠯᠵᠢᠭᠦᠯᠬᠦ》 ᠲᠡᠭᠡᠭᠡᠪᠦᠷᠢ ᠵᠢ ᠠᠬᠢᠭᠤᠯᠪᠠ᠃ ᠢ ᠳ᠋ᠠ ᠽᠥᠩ ᠤᠯᠤᠰ᠎ᠤᠨ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢᠨ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠡᠮᠬᠢ ᠵᠢᠷᠤᠮ᠎ᠲᠠᠢ ᠠᠬᠢᠭᠤᠯᠵᠤ᠂ ᠳᠡᠭᠡᠷ᠎ᠡ ᠬᠠᠭ᠋ᠠᠰ ᠵᠢᠯ᠎ᠳᠤ᠂ ᠢ ᠳ᠋ᠠ ᠽᠥᠩ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢ ᠨᠡᠶ᠋ᠢᠲᠡ 444 ᠴᠤᠪᠤᠭ᠎ᠠ ᠲᠡᠷᠭᠡ ᠵᠥᠭᠡᠭᠡᠪᠦᠷᠢᠯᠡᠨ ᠬᠦᠷᠭᠡᠵᠦ᠂ ᠲᠡᠭᠡᠭᠡᠪᠦᠷᠢ ᠵᠢᠨ ᠬᠡᠮᠵᠢᠶ᠎ᠡ᠎ᠨᠢ 122.29 ᠲᠦᠮᠡᠨ ᠲᠣᠨ ᠪᠠᠢ᠌ᠵᠤ᠂ AGV ᠨᠡᠶ᠋ᠢᠲᠡ 2736 ᠤᠳᠠᠭ᠎ᠠ ᠠᠵᠢᠯᠯᠠᠵᠤ᠂ ᠲᠡᠭᠡᠭᠡᠪᠦᠷᠢ ᠵᠢᠨ ᠬᠡᠮᠵᠢᠶ᠎ᠡ᠎ᠨᠢ 186.98 ᠲᠦᠮᠡᠨ ᠲᠣᠨ᠎ᠳᠤ ᠬᠦᠷᠴᠦ᠂ ᠱᠧᠨ ᠬᠤᠸᠠ ᠲᠡᠮᠦᠷ ᠵᠠᠮ᠎ᠤᠨ ᠲᠣᠨᠣᠭᠯᠠᠯ᠎ᠤᠨ ᠺᠣᠮᠫᠠᠨᠢ ᠵᠢᠨ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢ 29 ᠴᠤᠪᠤᠭ᠎ᠠ ᠲᠡᠷᠭᠡ᠂ 35992 ᠲᠣᠨ ᠵᠥᠭᠡᠭᠡᠪᠦᠷᠢᠯᠡᠨ ᠬᠦᠷᠭᠡᠵᠦ᠂ ᠲᠡᠮᠦᠷ ᠵᠠᠮ᠎ᠤᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠵᠢ 45 ᠳ᠋ᠦᠩᠰᠢᠭᠤᠷ ᠲᠣᠨ᠂ ᠪᠠᠷᠠᠭ᠋ᠠᠨ᠎ᠤ ᠡᠷᠭᠢᠯᠲᠡ ᠵᠢᠨ ᠬᠡᠮᠵᠢᠶ᠎ᠡ ᠵᠢ 1554.7 ᠳ᠋ᠦᠩᠰᠢᠭᠤᠷ ᠲᠣᠨ ᠪᠡᠶᠡᠯᠡᠭᠦᠯᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            