ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠤᠨ᠎ᠠ — 331 ᠤᠯᠤᠰ᠎ᠤᠨ ᠵᠠᠮ᠎ᠤᠨ ᠷᠠᠰᠢᠶᠠᠨ ᠪᠤᠯᠠᠭ᠎ᠠᠴᠠ ᠪᠡᠯᠭᠦᠳᠡᠢ ᠬᠦᠷᠬᠦ ᠬᠡᠰᠡᠭ᠎ᠤᠨ ᠭᠣᠣᠯ ᠴᠣᠭᠴᠠ ᠵᠢ ᠨᠡᠪᠲᠡᠷᠡᠭᠦᠯᠪᠡ
ᠨᠡᠶ᠋ᠢᠲᠡᠯᠡᠭᠰᠡᠨ ᠴᠠᠭ᠄ 2025-08-19

    8 ᠳ᠋ᠤᠭ᠋ᠠᠷ ᠰᠠᠷ᠎ᠠ ᠵᠢᠨ 11᠎ᠤ ᠡᠳᠦᠷ᠂ 331 ᠤᠯᠤᠰ᠎ᠤᠨ ᠵᠠᠮ᠎ᠤᠨ ᠷᠠᠰᠢᠶᠠᠨ ᠪᠤᠯᠠᠭ᠎ᠠᠴᠠ ᠪᠡᠯᠭᠦᠳᠡᠢ ᠬᠦᠷᠬᠦ ᠵᠠᠰᠠᠮᠠᠯ ᠵᠠᠮ᠎ᠤᠨ ᠪᠠᠷᠤᠭᠰᠢᠨ ᠵᠠᠮ᠎ᠤᠨ ᠭᠠᠳᠠᠷᠭᠤ ᠵᠢᠨ ᠪᠠᠷᠢᠯᠭ᠎ᠠ ᠵᠢᠨ ᠠᠵᠢᠯ᠎ᠢ ᠳᠠᠭᠤᠰᠬᠠᠪᠠ᠂ ᠡᠨᠡ᠎ᠨᠢ ᠲᠤᠰ ᠲᠦᠷᠦᠯ ᠵᠦᠢ᠍ᠯ᠎ᠤᠨ ᠭᠣᠣᠯ ᠴᠣᠭᠴᠠ ᠵᠢᠨ ᠪᠠᠷᠢᠯᠭ᠎ᠠ ᠪᠦᠬᠦ ᠱᠤᠭᠤᠮ ᠵᠶ᠋ᠠᠷ ᠨᠡᠪᠲᠡᠷᠡᠭᠰᠡᠨ᠎ᠢ ᠬᠠᠷᠠᠭᠤᠯᠵᠤ᠂ 10 ᠳ᠋ᠤᠭ᠋ᠠᠷ ᠰᠠᠷ᠎ᠠ᠎ᠳᠤ ᠲᠡᠷᠭᠡ ᠨᠡᠪᠲᠡᠷᠡᠬᠦ᠎ᠳᠤ ᠰᠠᠭᠤᠷᠢ ᠲᠠᠯᠪᠢᠵᠤ ᠥᠭᠴᠡᠢ᠃

    ᠲᠣᠰ ᠲᠥᠷᠥᠯ ᠵᠦᠢᠯ᠎ᠤᠨ ᠶᠡᠷᠦᠩᠬᠡᠶ ᠪᠠᠯᠠ ᠣᠷᠣᠭᠤᠯᠤᠯᠲᠠ᠎ᠨᠢ 10.74 ᠳ᠋ᠦᠩᠰᠢᠭᠤᠷ ᠲᠥᠭᠥᠷᠢᠭ᠎ᠲᠤ ᠬᠦᠷᠴᠦ᠂ ᠷᠠᠰᠢᠶᠠᠨ ᠪᠤᠯᠠᠭ ᠪᠠᠯᠭ᠋ᠠᠰᠤ᠎ᠠᠴᠠ ᠡᠬᠢᠯᠡᠨ᠂ ᠪᠡᠯᠭᠦᠳᠡᠶ ᠪᠠᠯᠭ᠋ᠠᠰᠤ᠎ᠳᠤ ᠬᠦᠷᠴᠦ᠂ ᠪᠥᠬᠥ ᠣᠷᠳᠣ᠎ᠨᠢ 112.4 ᠺᠢᠯᠣᠮᠧᠲᠷ᠂ ᠬᠣᠶᠠᠳᠤᠭ᠋ᠠᠷ ᠳᠡᠰ᠎ᠤᠨ ᠵᠠᠰᠠᠮᠠᠯ ᠵᠠᠮ᠎ᠤᠨ ᠪᠠᠷᠢᠮᠵᠢᠶ᠎ᠠ᠎ᠪᠠᠷ ᠪᠥᠲᠥᠭᠡᠨ ᠪᠠᠢ᠌ᠭᠤᠯᠵᠤ᠂ ᠵᠠᠮ᠎ᠤᠨ ᠰᠠᠭᠤᠷᠢ ᠵᠢᠨ ᠥᠷᠭᠡᠨ᠎ᠨᠢ 12 ᠮᠧᠲᠷ᠂ ᠵᠢᠷᠤᠵᠤ ᠲᠥᠯᠥᠪᠯᠡᠭᠰᠡᠨ ᠬᠤᠷᠳᠤᠴᠠ᠎ᠨᠢ 80 ᠺᠢᠯᠣᠮᠧᠲᠷ / ᠴᠠᠭ ᠪᠣᠯᠤᠨ᠎ᠠ᠃ ᠣᠳᠣᠬᠠᠨ᠎ᠳᠤ᠂ ᠲᠦᠷᠦᠯ ᠵᠦᠢ᠍ᠯ᠎ᠨᠢ ᠨᠢᠭᠡᠨᠲᠡ ᠪᠦᠬᠦ ᠱᠤᠭᠤᠮ ᠵᠶ᠋ᠠᠷ ᠪᠠᠷᠤᠭᠰᠢᠨ ᠳᠠᠪᠬᠤᠷᠭ᠎ᠠ ᠵᠢᠨ ᠳᠡᠪᠢᠰᠬᠦ ᠵᠢ ᠪᠡᠶᠡᠯᠡᠭᠦᠯᠵᠦ᠂ ᠶᠠᠭ ᠡᠯ᠎ᠡ ᠵᠦᠢ᠍ᠯ᠎ᠤᠨ ᠲᠠᠭ᠋ᠠᠯᠳᠠ ᠪᠠᠷᠢᠯᠭ᠎ᠠ ᠵᠢᠨ ᠪᠦᠳᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ ᠪᠠᠢ᠌ᠨ᠎ᠠ᠃

    ᠲᠣᠰ ᠬᠡᠰᠡᠭ ᠵᠠᠰᠠᠮᠠᠯ ᠵᠠᠮ ᠪᠣᠯ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠭᠣᠤᠯᠳᠠᠯᠭ᠎ᠠ᠎ᠲᠠᠢ ᠵᠠᠰᠠᠮᠠᠯ ᠵᠠᠮ᠎ᠤᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ ᠪᠣᠯᠬᠤ ᠪᠥᠭᠡᠳ ᠰᠢᠯᠢ ᠵᠢᠨ ᠭᠣᠤᠯ ᠠᠢ᠌ᠮᠠᠭ᠎ᠤᠨ 《ᠵᠢᠷᠭᠤᠭ᠋ᠠᠨ ᠬᠥᠨᠳᠡᠯᠡᠨ ᠲᠠᠪᠤᠨ ᠭᠤᠯᠳᠤ》 ᠵᠠᠰᠠᠮᠠᠯ ᠵᠠᠮ᠎ᠤᠨ ᠲᠣᠤᠷ᠎ᠤᠨ ᠭᠣᠤᠯ ᠪᠦᠲᠦᠴᠡ ᠵᠢᠨ ᠳᠣᠲᠣᠷᠠᠬᠢ 《ᠬᠣᠶᠠᠷ ᠬᠥᠨᠳᠡᠯᠡᠨ》 ᠎ᠤ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠪᠠᠰᠠ ᠴᠤ᠌ ᠰᠢᠯᠢ ᠵᠢᠨ ᠭᠣᠤᠯ ᠠᠢ᠌ᠮᠠᠭ᠎ᠤᠨ ᠬᠢᠯᠢ ᠳᠣᠲᠣᠷᠠᠬᠢ 331 ᠤᠯᠤᠰ᠎ᠤᠨ ᠵᠠᠮ᠎ᠤᠨ ᠭᠠᠭᠴᠠᠬᠠᠨ 《ᠮᠤᠬᠤᠷ ᠵᠠᠮ᠎ᠤᠨ ᠬᠡᠰᠡᠭ》 ᠪᠣᠯᠤᠨ᠎ᠠ᠃ ᠲᠥᠷᠥᠯ ᠵᠦᠢᠯ ᠪᠠᠢ᠌ᠭᠤᠯᠤᠭᠳᠠᠭᠰᠠᠨ᠎ᠤ ᠳᠠᠷᠠᠭ᠎ᠠ ᠰᠢᠯᠢ ᠵᠢᠨ ᠭᠣᠤᠯ ᠠᠢ᠌ᠮᠠᠭ᠎ᠤᠨ ᠬᠢᠯᠢ ᠳᠣᠲᠣᠷᠠᠬᠢ 331 ᠤᠯᠤᠰ᠎ᠤᠨ ᠵᠠᠮ᠎ᠢ ᠪᠥᠬᠥ ᠱᠤᠭᠤᠮ ᠵᠶ᠋ᠠᠷ ᠨᠡᠪᠲᠡᠷᠡᠭᠦᠯᠬᠦ ᠵᠢ ᠪᠡᠶᠡᠯᠡᠭᠦᠯᠵᠦ᠂ ᠲᠣᠰ ᠠᠢ᠌ᠮᠠᠭ᠎ᠤᠨ ᠵᠠᠰᠠᠮᠠᠯ ᠵᠠᠮ᠎ᠤᠨ ᠨᠡᠪᠲᠡᠷᠡᠬᠦ ᠴᠢᠳᠠᠪᠤᠷᠢ᠂ ᠦᠢᠯᠡᠴᠢᠯᠡᠭᠡᠨ᠎ᠤ ᠬᠢᠷᠢ ᠲᠦᠪᠰᠢᠨ ᠵᠢᠴᠢ ᠰᠢᠯᠢ ᠵᠢᠨ ᠭᠣᠤᠯ ᠠᠢ᠌ᠮᠠᠭ᠎ᠤᠨ ᠵᠡᠭᠦᠨ ᠬᠣᠢ᠌ᠲᠤ ᠬᠡᠰᠡᠭ᠂ ᠳᠤᠮᠳᠠ ᠬᠡᠰᠡᠭ᠂ ᠪᠠᠷᠠᠭᠤᠨ ᠬᠡᠰᠡᠭ᠎ᠤᠨ ᠭᠠᠵᠠᠷ ᠣᠷᠣᠨ᠎ᠤ ᠨᠡᠢ᠌ᠭᠡᠮ ᠠᠵᠤ ᠠᠬᠤᠶ ᠵᠢᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠠᠰᠢᠭ ᠬᠦᠷᠲᠡᠭᠡᠬᠦ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠭᠣᠤᠯ ᠱᠤᠭᠤᠮ᠎ᠤᠨ ᠵᠠᠰᠠᠮᠠᠯ ᠵᠠᠮ᠎ᠤᠨ ᠲᠣᠤᠷ᠎ᠤᠨ ᠪᠠᠢ᠌ᠷᠢᠰᠢᠯ᠎ᠢ ᠲᠡᠭᠦᠯᠳᠡᠷᠵᠢᠭᠦᠯᠬᠦ᠂ ᠣᠷᠣᠨ ᠪᠦᠰᠡ ᠵᠢᠨ ᠵᠠᠰᠠᠮᠠᠯ ᠵᠠᠮ᠎ᠤᠨ ᠨᠡᠪᠲᠡᠷᠡᠬᠦ ᠴᠢᠳᠠᠪᠤᠷᠢ ᠪᠠ ᠦᠢᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ᠂ ᠬᠢᠯᠢ ᠳᠠᠭ᠋ᠠᠤ ᠨᠡᠭᠡᠭᠡᠯᠲᠡ ᠬᠢᠬᠦ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ᠂ ᠵᠠᠮ ᠬᠠᠷᠢᠯᠴᠠᠭ᠎ᠠ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠬᠤ ᠵᠡᠷᠭᠡ ᠲᠠᠯ᠎ᠠ᠎ᠪᠠᠷ ᠴᠢᠬᠤᠯᠠ ᠠᠴᠢ ᠬᠣᠯᠪᠣᠭᠳᠠᠯ᠎ᠲᠠᠢ ᠶᠤᠮ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            