ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠠᠯᠠ ᠣᠷᠣᠭᠤᠯᠤᠯᠲᠠ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ᠎ᠠᠴᠠ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠵᠢᠭᠦᠯᠵᠦ 《5 · 1》᠎ᠤ ᠬᠤᠭᠤᠴᠠᠭ᠋ᠠᠨ᠎ᠳᠤ ᠬᠠᠷᠢᠶ᠎ᠠ ᠵᠠᠰᠠᠮᠠᠯ ᠵᠠᠮ᠎ᠤᠨ ᠵᠶ᠋ᠠᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠪᠠ
ᠨᠡᠶ᠋ᠢᠲᠡᠯᠡᠭᠰᠡᠨ ᠴᠠᠭ᠄ 2020-10-14

 

      ᠡᠨᠡ ᠵᠢᠯ᠎ᠤᠨ 《5 · 1》᠎ᠤ ᠬᠤᠭᠤᠴᠠᠭ᠋ᠠᠨ᠎ᠳᠠᠬᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠠᠮᠤᠷ ᠲᠦᠪᠰᠢᠨ ᠪᠦᠭᠡᠳ ᠰᠠᠭ᠋ᠠᠳ ᠥᠬᠡᠶ ᠪᠠᠢ᠌ᠬᠤ ᠵᠢ ᠪᠠᠲᠤᠯᠠᠬᠤ ᠠᠵᠢᠯ ᠣᠨᠴᠠᠭ᠋ᠠᠶ ᠪᠠᠢ᠌ᠵᠤ ᠪᠠᠶᠠᠷ᠎ᠤᠨ ᠡᠳᠦᠷ᠎ᠤᠨ ᠰᠠᠭ᠋ᠠᠳ ᠥᠬᠡᠶ ᠪᠠᠢ᠌ᠬᠤ ᠵᠢ ᠪᠠᠲᠤᠯᠠᠬᠤ ᠠᠵᠢᠯ᠎ᠢ ᠰᠠᠶ᠋ᠢᠲᠤᠷ ᠬᠢᠬᠦ᠎ᠪᠠᠷ ᠪᠠᠷᠠᠬᠤ ᠥᠬᠡᠶ᠂ ᠰᠦᠢ᠍ᠳᠭᠡᠯ ᠬᠤᠷᠢᠶᠠᠬᠤ ᠵᠢ ᠰᠡᠷᠭᠦᠭᠡᠬᠦ᠎ᠠᠴᠠ ᠡᠮᠦᠨ᠎ᠡ ᠬᠤᠢ᠌ᠨᠠᠬᠢ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠥᠪᠥᠷ ᠮᠣᠩᠭᠣᠯ᠎ᠤᠨ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠠᠯᠠ ᠣᠷᠤᠭᠤᠯᠤᠯᠲᠠ ᠵᠢᠨ ᠬᠦᠭᠵᠢᠭᠦᠯᠦᠯᠲᠡ ᠵᠢᠨ ᠬᠢᠵᠠᠭ᠋ᠠᠷᠳᠣ ᠺᠣᠮᠫᠠᠨᠢ᠎ᠠᠴᠠ ᠲᠣᠰ ᠤᠳᠠᠭ᠋ᠠᠨ᠎ᠤ 《5 · 1》᠎ᠤ ᠬᠤᠭᠤᠴᠠᠭ᠋ᠠᠨ᠎ᠳᠠᠬᠢ ᠠᠮᠤᠷ ᠲᠦᠪᠰᠢᠨ ᠪᠦᠭᠡᠳ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠠᠵᠢᠯ᠎ᠤᠨ ᠴᠢᠬᠤᠯᠠ ᠴᠢᠨᠠᠷ᠎ᠢ ᠭᠦᠨᠵᠡᠭᠡᠶ ᠲᠠᠨᠢᠵᠤ᠂ 《5 · 1》᠎ᠤ ᠪᠠᠶᠠᠷ᠎ᠤᠨ ᠡᠳᠦᠷ᠎ᠲᠤ ᠰᠠᠭ᠋ᠠᠳ ᠥᠬᠡᠶ ᠨᠡᠪᠲᠡᠷᠡᠭᠦᠯᠬᠦ ᠵᠢ ᠪᠠᠲᠤᠯᠠᠬᠤ᠂ ᠰᠦᠢ᠍ᠳᠭᠡᠯ ᠬᠤᠷᠢᠶᠠᠬᠤ ᠵᠢ ᠰᠡᠷᠭᠦᠭᠡᠬᠦ᠎ᠠᠴᠠ ᠡᠮᠦᠨ᠎ᠡ ᠬᠤᠢ᠌ᠨᠠᠬᠢ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠬᠠᠮᠢᠶ᠎ᠠ ᠪᠥᠬᠥᠶ ᠠᠵᠢᠯ᠎ᠤᠨ ᠱᠠᠭ᠋ᠠᠷᠳᠠᠯᠭ᠎ᠠ ᠪᠠ ᠪᠠᠶ᠋ᠢᠷᠢᠯᠠᠭᠤᠯᠤᠯᠲᠠ ᠵᠢ ᠪᠣᠳᠠᠲᠠᠶ᠎ᠪᠠᠷ ᠨᠠᠷᠢᠯᠢᠭ ᠠᠳᠬᠤᠵᠤ᠂ ᠲᠣᠰ ᠤᠳᠠᠭ᠋ᠠᠨ᠎ᠤ 《5 · 1》᠎ᠤ ᠬᠤᠭᠤᠴᠠᠭ᠋ᠠᠨ᠎ᠳᠠᠬᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠪᠥᠬᠥ ᠬᠦᠴᠦᠨ ᠵᠶ᠋ᠠᠷ ᠰᠠᠢ᠌ᠳᠤᠷ ᠬᠢᠵᠦ᠂ ᠥᠷᠭᠡᠨ ᠣᠯᠠᠨ ᠠᠷᠠᠳ ᠲᠦᠮᠡᠨ᠎ᠳᠤ ᠠᠮᠤᠷ ᠲᠦᠪᠰᠢᠨ᠂ ᠰᠠᠭ᠋ᠠᠳ ᠥᠬᠡᠶ ᠨᠡᠪᠲᠡᠷᠡᠬᠦ᠂ ᠳᠥᠭᠥᠮ ᠳᠥᠲᠡ ᠠᠶᠠᠯᠠᠨ ᠵᠣᠷᠴᠢᠬᠤ ᠣᠷᠴᠢᠨ ᠨᠦᠭᠦᠴᠡᠯ᠎ᠢ ᠬᠠᠩᠭ᠋ᠠᠵᠠᠶ᠃
      ᠺᠣᠮᠫᠠᠨᠢ᠎ᠠᠴᠠ ᠡᠯ᠎ᠡ ᠰᠦᠢ᠍ᠳᠭᠡᠯ ᠬᠤᠷᠢᠶᠠᠬᠤ ᠥᠷᠲᠡᠭᠡᠨ᠎ᠤ ᠲᠡᠷᠭᠡᠨ᠎ᠤ ᠤᠷᠤᠰᠬᠠᠯ᠎ᠤᠨ ᠣᠨᠴᠠᠯᠢᠭ᠎ᠢ ᠦᠨᠳᠦᠰᠦᠯᠡᠨ᠂ ᠣᠯᠠᠨ ᠵᠤᠢ᠌ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ᠂ ᠰᠠᠭ᠋ᠠᠳ ᠥᠬᠡᠶ ᠨᠡᠪᠲᠡᠷᠡᠬᠦ ᠵᠢ ᠪᠠᠲᠤᠯᠠᠵᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠦᠯ᠎ᠢ ᠲᠣᠭᠲᠠᠭ᠋ᠠᠵᠤ᠂ ᠪᠣᠳᠠᠲᠠᠶ᠎ᠲᠠᠢ ᠤᠶᠠᠯᠳᠤᠭᠤᠯᠤᠨ ᠲᠤᠬᠠᠶ᠋ᠢᠯᠠᠭᠰᠠᠨ ᠠᠵᠢᠯ᠎ᠤᠨ ᠠᠵᠢᠯᠯᠠᠭ᠋ᠠᠨ᠎ᠤ   ᠵᠢᠯᠤᠭᠤᠳᠤᠮᠵᠢ ᠵᠢᠴᠢ ᠰᠦᠢ᠍ᠳᠭᠡᠯ ᠬᠤᠷᠢᠶᠠᠬᠤ ᠵᠢ ᠰᠡᠷᠭᠦᠭᠡᠨ᠂   ᠰᠠᠭ᠋ᠠᠳ ᠥᠬᠡᠶ ᠨᠡᠪᠲᠡᠷᠡᠬᠦ ᠵᠢ ᠪᠠᠲᠤᠯᠠᠬᠤ ᠲᠥᠰᠦᠯ ᠪᠠ ᠣᠨᠴᠠᠭ᠋ᠠᠢ ᠪᠠᠶ᠋ᠢᠳᠠᠯ᠎ᠢ ᠰᠢᠢ᠍ᠳᠪᠦᠷᠢᠯᠡᠵᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠰᠦᠯ᠎ᠢ ᠲᠣᠭᠲᠠᠭ᠋ᠠᠵᠤ᠂ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ᠂ ᠵᠠᠮ᠎ᠤᠨ ᠶᠠᠪᠤᠳᠠᠯ ᠵᠡᠷᠭᠡ ᠰᠠᠯᠠᠭ᠎ᠠ ᠮᠥᠴᠢᠷ᠎ᠲᠠᠢ ᠢᠳᠡᠪᠬᠢᠲᠡᠶ ᠵᠣᠬᠢᠴᠠᠭᠤᠯᠵᠤ ᠪᠠᠢ᠌ᠭ᠋ᠠᠳ ᠲᠦᠭᠵᠢᠷᠡᠯ᠎ᠢ ᠰᠢᠢ᠍ᠳᠪᠦᠷᠢᠯᠡᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠵᠤ᠂ ᠬᠡᠪ᠎ᠤᠨ ᠨᠡᠪᠲᠡᠷᠡᠨ ᠦᠩᠭᠡᠷᠡᠬᠦ ᠡᠮᠬᠢ ᠵᠢᠷᠤᠮ᠎ᠢ ᠪᠠᠲᠤᠯᠠᠪᠠ᠃ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 5᠎ᠤ ᠡᠳᠦᠷ ᠪᠣᠯᠲᠠᠯ᠎ᠠ᠂ ᠨᠡᠶ᠋ᠢᠲᠡ 152.76 ᠲᠦᠮᠡᠨ ᠲᠡᠷᠭᠡ ᠤᠳᠠᠭ᠎ᠠ᠎ᠠᠴᠠ ᠰᠦᠢ᠍ᠳᠭᠡᠯ ᠬᠤᠷᠢᠶᠠᠬᠤ ᠵᠢ ᠬᠠᠰᠤᠵᠤ ᠬᠡᠯᠲᠤᠷᠢᠭᠦᠯᠵᠦ᠂ 10956.53 ᠲᠦᠮᠡᠨ ᠲᠥᠭᠥᠷᠢᠭ᠎ᠲᠤ ᠬᠦᠷᠵᠡᠢ᠃
      ᠨᠢᠭᠡ᠎ᠳᠤ᠂ ᠰᠦᠢ᠍ᠳᠭᠡᠯ ᠬᠤᠷᠢᠶᠠᠬᠤ ᠠᠵᠢᠯᠲᠠᠨ᠎ᠢ ᠨᠢᠭᠡᠳᠦᠯᠲᠡᠶ ᠲᠦᠯᠦᠪᠵᠢᠭᠦᠯᠦᠨ ᠲᠣᠬᠢᠷᠠᠭᠤᠯᠵᠤ᠂ ᠵᠣᠬᠢᠴᠠᠭᠤᠯᠤᠨ ᠵᠢᠯᠣᠭᠣᠳᠬᠤ ᠬᠦᠴᠦᠨ᠎ᠢ ᠨᠡᠮᠡᠭᠳᠡᠭᠦᠯᠪᠡ᠃ ᠰᠦᠢ᠍ᠳᠭᠡᠯ ᠬᠤᠷᠢᠶᠠᠬᠤ ᠥᠷᠲᠡᠭᠡ ᠨᠢᠭᠡᠪᠦᠷᠢ᠎ᠳᠤ ᠲᠤᠰᠬᠠᠶ ᠲᠡᠷᠭᠡᠨ ᠵᠠᠮ᠎ᠤᠨ ᠵᠣᠬᠢᠴᠠᠭᠤᠯᠤᠨ ᠵᠢᠯᠤᠭᠤᠳᠬᠤ ᠠᠵᠢᠯᠲᠠᠨ ᠲᠣᠬᠢᠷᠠᠭᠤᠯᠵᠤ᠂ ᠲᠤᠬᠠᠶ ᠵᠢᠨ ᠲᠠᠯᠠᠪᠤᠷ᠎ᠤᠨ ᠪᠠᠲᠤᠯᠠᠭ᠎ᠠ ᠵᠢᠨ ᠬᠦᠴᠦᠨ ᠭᠦᠢ᠍ᠴᠡᠳ ᠪᠠᠶ᠋ᠢᠬᠤ ᠵᠢ ᠪᠠᠲᠤᠯᠠᠵᠤ᠂ ᠵᠠᠮ ᠬᠠᠷᠢᠯᠴᠠᠭ᠋ᠠᠨ᠎ᠤ ᠬᠡᠮᠵᠢᠶ᠎ᠡ ᠵᠢᠨ ᠪᠠᠶ᠋ᠢᠳᠠᠯ᠎ᠲᠠᠢ ᠤᠶᠠᠯᠳᠤᠭᠤᠯᠤᠨ᠂ ᠵᠣᠬᠢᠴᠠᠭᠤᠯᠤᠨ ᠵᠢᠯᠤᠭᠤᠳᠬᠤ ᠠᠵᠢᠯ᠎ᠢ ᠰᠠᠶ᠋ᠢᠲᠤᠷ ᠬᠢᠵᠡᠢ᠃
      ᠬᠣᠶᠠᠷ᠎ᠲᠤ᠂ ᠬᠠᠷᠢᠶ᠎ᠠ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠠᠵᠢᠯᠯᠠᠭ᠋ᠠᠨ᠎ᠤ ᠬᠣᠪᠢᠷᠠᠯᠲᠠ ᠵᠢᠨ ᠵᠢᠮ᠎ᠡ ᠶᠣᠰᠣ ᠵᠢ ᠦᠨᠳᠦᠰᠦᠯᠡᠨ᠂ ᠡᠯ᠎ᠡ ᠬᠤᠪᠢᠶᠠᠷᠢ ᠺᠣᠮᠫᠠᠨᠢ ᠵᠢᠨ ᠬᠠᠷᠢᠶ᠎ᠠ ᠣᠷᠣᠨ᠎ᠤ ᠰᠦᠢ᠍ᠳᠭᠡᠯ ᠬᠤᠷᠢᠶᠠᠬᠤ ᠵᠠᠰᠠᠮᠠᠯ ᠵᠠᠮ᠎ᠤᠨ ᠰᠦᠢ᠍ᠳᠭᠡᠯ ᠬᠤᠷᠢᠶᠠᠬᠤ ᠥᠷᠲᠡᠭᠡ ᠵᠢᠨ ᠣᠷᠤᠴᠠ ᠭᠠᠷᠴᠠ᠎ᠳᠤ ᠲᠦᠭᠵᠢᠷᠡᠭᠰᠡᠨ ᠨᠠᠷᠢᠨ ᠬᠠᠭᠤᠳᠠᠰᠤ ᠵᠢ ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠬᠤ ᠪᠠ ᠡᠮᠬᠢᠯᠡᠵᠦ᠂ ᠵᠠᠮ ᠬᠠᠷᠢᠯᠴᠠᠭ᠋ᠠᠨ᠎ᠤ ᠬᠡᠮᠵᠢᠶ᠎ᠡ ᠵᠢᠴᠢ ᠲᠡᠷᠭᠡ ᠬᠥᠰᠬᠡ ᠵᠢᠨ ᠪᠦᠷᠢᠯᠳᠦᠴᠡ ᠵᠢ ᠵᠠᠳᠠᠯᠵᠤ᠂ 《ᠨᠢᠭᠡ ᠥᠷᠲᠡᠭᠡ ᠨᠢᠭᠡ ᠬᠡᠷᠡᠭ》᠎ᠤᠨ ᠵᠠᠷᠴᠢᠮ ᠶᠣᠰᠣᠭ᠋ᠠᠷ᠂ ᠲᠡᠷᠭᠡᠨ ᠵᠠᠮ᠎ᠢ ᠴᠠᠭ ᠲᠤᠬᠠᠶ᠎ᠳᠤ᠎ᠨᠢ ᠨᠡᠮᠡᠵᠦ ᠨᠡᠭᠡᠭᠡᠬᠦ᠂ ETC ᠲᠡᠷᠭᠡᠨ ᠵᠠᠮ ᠪᠠ ᠬᠣᠯᠢᠮᠠᠭ ᠲᠡᠷᠭᠡᠨ ᠵᠠᠮ᠎ᠢ ᠵᠦᠶ ᠵᠣᠬᠢᠰᠲᠠᠶ᠎ᠪᠠᠷ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠵᠠᠮ ᠨᠡᠪᠲᠡᠷᠡᠯᠭᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠭᠦᠢ᠍ᠴᠡᠳ ᠬᠠᠩᠭ᠋ᠠᠵᠠᠢ᠃
      ᠭᠤᠷᠪᠠ᠎ᠳᠤ᠂ ᠣᠷᠭᠢᠯ᠎ᠤᠨ ᠦᠶ᠎ᠡ᠎ᠳᠤ ᠲᠡᠷᠭᠡᠨ ᠵᠠᠮ᠎ᠢ 100%᠎ᠪᠠᠷ ᠨᠡᠭᠡᠭᠡᠨ ᠨᠡᠪᠲᠡᠷᠡᠭᠦᠯᠬᠦ ᠵᠢ ᠪᠠᠲᠤᠯᠠᠪᠠ᠃ ᠪᠤᠢ ᠪᠦᠬᠦᠢ ᠲᠡᠷᠭᠡᠨ ᠵᠠᠮ᠎ᠢ 24 ᠴᠠᠭ ᠳᠠᠰᠤᠯᠳᠠᠭᠤᠯᠤᠯ ᠦᠭᠡᠢ᠎ᠪᠠᠷ ᠬᠢᠨᠠᠨ ᠰᠢᠨᠵᠢᠯᠡᠵᠦ᠂ ᠮᠥᠷᠯᠡᠵᠦ ᠪᠠᠢ᠌ᠭ᠎ᠠ᠎ᠨᠢ ᠬᠡᠪ᠎ᠤᠨ ᠪᠤᠰᠤ ᠥᠷᠲᠡᠭᠡ ᠴᠢᠭ ᠪᠣᠯᠤᠨ ᠵᠠᠮ᠎ᠤᠨ ᠬᠡᠰᠡᠭ᠎ᠤᠨ ᠪᠠᠶ᠋ᠢᠳᠠᠯ᠎ᠢ ᠰᠡᠷᠡᠵᠦ ᠮᠡᠳᠡᠭᠰᠡᠨ ᠳᠠᠷᠤᠢ᠎ᠳᠤ᠎ᠨᠢ ᠵᠣᠬᠢᠴᠠᠭᠤᠯᠤᠨ ᠵᠢᠯᠣᠭᠣᠳᠬᠤ ᠠᠷᠭ᠎ᠠ ᠬᠡᠮᠵᠢᠶ᠎ᠡ ᠵᠢ ᠲᠤᠬᠢᠷᠠᠭᠤᠯᠤᠨ ᠬᠡᠷᠡᠭᠵᠢᠭᠦᠯᠪᠡ᠃
      ᠳᠥᠷᠪᠡ᠎ᠳᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠷᠭ᠎ᠠ ᠬᠡᠮᠵᠢᠶ᠎ᠡ ᠵᠢ ᠴᠢᠩᠭ᠋ᠠᠷᠠᠭᠤᠯᠵᠤ᠂ ᠣᠨᠴᠠᠭ᠋ᠠᠢ ᠪᠠᠢ᠌ᠳᠠᠯ᠎ᠤᠨ ᠪᠡᠯᠡᠳᠭᠡᠯ ᠲᠦᠰᠦᠯ ᠲᠣᠭᠲᠠᠭ᠋ᠠᠪᠠ᠃ ᠨᠡᠪᠲᠡᠷᠡᠨ ᠦᠩᠭᠡᠷᠡᠬᠦ᠎ᠨᠢ ᠤᠳᠠᠭ᠋ᠠᠨ ᠪᠤᠶᠤ ᠲᠦᠭᠵᠢᠷᠡᠭᠰᠡᠨ ᠪᠠᠢ᠌ᠳᠠᠯ ᠭᠠᠷᠬᠤ ᠦᠶ᠎ᠡ᠎ᠳᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠦᠯ᠎ᠢ ᠲᠡᠷᠡ ᠳᠠᠷᠤᠶ᠎ᠳᠤ᠎ᠨᠢ ᠡᠬᠢᠯᠡᠭᠦᠯᠵᠦ᠂ ᠲᠤᠬᠠᠶ ᠵᠢᠨ ᠲᠠᠯᠠᠪᠤᠷ᠎ᠲᠤ ᠵᠣᠬᠢᠴᠠᠭᠤᠯᠤᠨ ᠵᠢᠯᠤᠭᠤᠳᠬᠤ ᠬᠥᠮᠦᠰ᠎ᠢ ᠨᠡᠮᠡᠨ ᠲᠣᠮᠢᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠵᠢᠯᠤᠭᠤᠴᠢᠳ᠎ᠲᠠᠢ ᠬᠠᠷᠢᠯᠴᠠᠪᠠ᠃ ᠰᠢᠰᠲ᠋ᠧᠮ᠎ᠤᠨ ᠬᠡᠪ᠎ᠤᠨ ᠪᠤᠰᠤ ᠪᠤᠶᠤ ᠵᠣᠭᠰᠤᠩᠭᠢᠷᠠᠭᠰᠠᠨ ᠵᠡᠷᠭᠡ᠎ᠠᠴᠠ ᠪᠣᠯᠵᠤ ᠬᠦᠨᠳᠦ ᠨᠣᠴᠢᠲᠠᠶ ᠲᠦᠭᠵᠢᠷᠡᠭᠰᠡᠨ ᠵᠡᠷᠭᠡ ᠭᠡᠨᠡᠳᠲᠡ ᠵᠢᠨ ᠬᠡᠷᠡᠭ ᠢᠯᠡᠷᠡᠭᠰᠡᠨ ᠦᠶ᠎ᠡ᠎ᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠦᠯ᠎ᠢ ᠲᠡᠷᠡ ᠳᠠᠷᠤᠶ᠎ᠳᠤ᠎ᠨᠢ ᠡᠬᠢᠯᠡᠭᠦᠯᠪᠡ᠃   ᠣᠷᠤᠴᠠ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ᠎ᠢ ᠵᠠᠰᠠᠬᠤ ᠡᠷᠴᠢᠮ᠎ᠢ ᠴᠢᠩᠭ᠋ᠠᠷᠠᠭᠤᠯᠵᠤ᠂ ᠬᠠᠤᠯᠢ ᠪᠤᠰᠤ᠎ᠪᠠᠷ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠭᠦᠯᠦᠭᠰᠡᠨ ᠲᠡᠷᠭᠡ ᠬᠥᠰᠬᠡ᠎ᠢ ᠪᠦᠲᠦᠮᠵᠢᠲᠡᠢ᠎ᠪᠠᠷ ᠬᠣᠷᠢᠭᠯᠠᠨ ᠵᠣᠭᠰᠤᠭ᠋ᠠᠪᠠ᠃
      ᠲᠠᠪᠤ᠎ᠳᠤ᠂ ᠲᠤᠰᠬᠠᠶ ᠨᠡᠪᠲᠡᠷᠡᠬᠦ ᠵᠠᠮ ᠲᠣᠬᠢᠷᠠᠭᠤᠯᠵᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠠᠷᠠᠭ᠋ᠠᠨ᠎ᠤ ᠲᠡᠷᠭᠡ ᠬᠥᠰᠬᠡ ᠵᠢᠨ ᠲᠦᠷᠭᠡᠨ ᠵᠶ᠋ᠠᠷ ᠨᠡᠪᠲᠡᠷᠡᠬᠦ ᠵᠢ ᠪᠠᠲᠤᠯᠠᠪᠠ᠃ 《ᠰᠠᠭ᠋ᠠᠳ ᠥᠬᠡᠶ ᠨᠡᠪᠲᠡᠷᠡᠬᠦ ᠵᠠᠮ》᠎ᠤᠨ ᠰᠦᠢ᠍ᠳᠭᠡᠯ ᠬᠤᠷᠢᠶᠠᠬᠤ ᠥᠬᠡᠶ᠎ᠪᠠᠷ ᠨᠡᠪᠲᠡᠷᠡᠭᠦᠯᠬᠦ ᠲᠥᠷᠥ ᠵᠢᠨ ᠪᠤᠳᠤᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠤᠷᠢᠳᠴᠢᠯᠠᠨ ᠪᠣᠯᠵᠣᠭᠰᠠᠨ 《ᠰᠠᠭ᠋ᠠᠳ ᠥᠬᠡᠶ ᠨᠡᠪᠲᠡᠷᠡᠬᠦ ᠲᠡᠷᠭᠡ ᠬᠥᠰᠬᠡ》 ᠵᠢ ᠪᠠᠶ᠋ᠢᠴᠠᠭ᠋ᠠᠨ ᠰᠢᠯᠭ᠋ᠠᠬᠤ ᠠᠷᠭ᠎ᠠ ᠮᠠᠶᠢᠭ᠎ᠢ ᠰᠢᠯᠢᠳᠡᠭᠵᠢᠭᠦᠯᠦᠨ᠂ ᠲᠡᠷᠭᠡ ᠬᠥᠰᠬᠡ ᠵᠢᠨ ᠨᠡᠪᠲᠡᠷᠡᠭᠰᠡᠨ ᠪᠠ ᠪᠠᠶ᠋ᠢᠴᠠᠭ᠋ᠠᠨ ᠰᠢᠯᠭ᠋ᠠᠭᠰᠠᠨ ᠲᠡᠮᠳᠡᠭᠯᠡᠯ᠎ᠢ ᠤᠶᠠᠯᠳᠤᠭᠤᠯᠤᠨ᠂ ᠪᠠᠶ᠋ᠢᠴᠠᠭ᠋ᠠᠨ ᠰᠢᠯᠭ᠋ᠠᠬᠤ ᠳᠠᠪᠲᠠᠮᠵᠢ ᠤᠳᠠᠭ᠎ᠠ ᠵᠢ ᠲᠣᠭᠲᠠᠭ᠋ᠠᠯ ᠶᠣᠰᠣᠭ᠋ᠠᠷ ᠪᠠᠭ᠋ᠠᠰᠬᠠᠵᠤ᠂ ᠨᠡᠪᠲᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠵᠦ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠠᠷᠠᠭ᠎ᠠ ᠪᠣᠯᠤᠨ ᠬᠦᠮᠦᠨ ᠲᠡᠷᠭᠡ᠎ᠳᠤ ᠲᠤᠰᠬᠠᠶ ᠨᠡᠪᠲᠡᠷᠡᠬᠦ ᠵᠠᠮ ᠲᠣᠬᠢᠷᠠᠭᠤᠯᠵᠤ᠂ ᠲᠤᠰᠬᠠᠶ ᠬᠥᠮᠦᠨ ᠲᠣᠮᠢᠯᠠᠨ ᠬᠥᠲᠥᠯᠥᠨ ᠵᠢᠯᠤᠭᠤᠳᠴᠤ᠂ 《ᠭᠤᠷᠪᠠ ᠵᠢ ᠬᠢᠬᠦ ᠦᠭᠡᠢ ᠨᠢᠭᠡ ᠵᠢ ᠤᠷᠢᠳ ᠵᠶ᠋ᠠᠷ ᠨᠡᠪᠲᠡᠷᠡᠭᠦᠯᠬᠦ》 ᠵᠠᠷᠴᠢᠮ᠎ᠢ ᠴᠢᠩᠭ᠎ᠠ ᠨᠠᠢ᠌ᠳᠠᠪᠤᠷᠢᠵᠢᠭᠤᠯᠵᠠᠢ᠃
      ᠵᠢᠷᠭᠤᠭ᠎ᠠ᠎ᠳᠤ᠂ ᠵᠠᠮ᠎ᠤᠨ ᠴᠠᠭᠳᠠᠭ᠎ᠠ ᠵᠢᠨ ᠬᠣᠯᠪᠣᠭ᠋ᠠᠯᠠᠨ ᠵᠢᠵᠢᠭᠦᠷᠯᠡᠵᠦ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠭᠡᠮᠲᠡᠯ ᠰᠠᠭ᠋ᠠᠲᠠᠯ᠎ᠢ ᠲᠦᠷᠭᠡᠨ ᠰᠢᠢ᠍ᠳᠪᠦᠷᠢᠯᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠲᠣᠭᠲᠠᠴᠠ ᠵᠢ ᠴᠢᠩᠭ᠋ᠠᠷᠠᠭᠤᠯᠵᠤ᠂ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠪᠡᠯᠡᠳᠭᠡᠯ ᠲᠥᠰᠦᠯ᠎ᠢ ᠲᠡᠭᠦᠯᠳᠡᠷᠵᠢᠭᠦᠯᠵᠦ᠂ ᠭᠡᠨᠡᠳᠲᠡ ᠵᠢᠨ ᠬᠡᠷᠡᠭ ᠲᠣᠬᠢᠶᠠᠯᠳᠤᠪᠠᠯ ᠲᠦᠷᠭᠡᠨ ᠵᠶ᠋ᠡᠷ ᠬᠠᠷᠢᠭᠤ ᠲᠤᠰᠬᠠᠬᠤ ᠵᠢ ᠪᠠᠲᠤᠯᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠬᠠᠮᠤᠭ᠎ᠤᠨ ᠲᠡᠷᠢᠭᠦᠨ᠎ᠳᠤ ᠰᠢᠢ᠍ᠳᠪᠦᠷᠢᠯᠡᠪᠡ᠃
      ᠳᠣᠯᠣᠭ᠎ᠠ᠎ᠳᠤ᠂ ᠵᠠᠮ᠎ᠤᠨ ᠪᠠᠶ᠋ᠢᠳᠠᠯ᠎ᠢ ᠬᠢᠨᠠᠨ ᠰᠢᠨᠵᠢᠯᠡᠬᠦ ᠪᠠ ᠠᠶᠠᠯᠠᠵᠤ ᠵᠣᠷᠴᠢᠬᠤ ᠮᠡᠳᠡᠭᠡ ᠵᠠᠩᠭᠢ ᠵᠢᠨ ᠰᠠᠨᠠᠭᠤᠯᠤᠮᠵᠢ ᠵᠢ ᠴᠢᠩᠭ᠋ᠠᠳᠬᠠᠪᠠ᠃ ᠵᠠᠮ᠎ᠤᠨ ᠲᠣᠭᠣᠷᠢᠨ ᠪᠠᠢ᠌ᠴᠠᠭ᠋ᠠᠬᠤ ᠡᠷᠴᠢᠮ ᠵᠢ ᠴᠢᠩᠭ᠋ᠠᠷᠠᠭᠤᠯᠵᠤ᠂ ᠲᠦᠭᠵᠢᠷᠡᠯ᠂ ᠡᠨᠳᠡᠯ ᠵᠡᠷᠭᠡ᠎ᠳᠤ ᠵᠠᠮ᠎ᠤᠨ ᠪᠠᠶ᠋ᠢᠳᠠᠯ᠎ᠤᠨ ᠮᠡᠳᠡᠭᠡ ᠵᠠᠩᠭᠢ ᠵᠢ ᠴᠠᠭ ᠲᠤᠬᠠᠶ ᠎ᠳᠤ᠎ᠨᠢ ᠨᠡᠢ᠌ᠲᠡᠯᠡᠪᠠ; ᠸᠢᠴᠠᠲ᠎ᠤᠨ ᠣᠯᠠᠨ ᠨᠡᠶ᠋ᠢᠲᠡ ᠵᠢᠨ ᠨᠣᠮᠧᠷ᠂ ᠰᠦᠯᠵᠢᠶ᠎ᠡ᠂ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠬᠣᠪᠢᠷᠠᠮᠠᠯ ᠮᠡᠳᠡᠭᠡ ᠵᠠᠩᠭᠢ ᠵᠢᠨ ᠰᠠᠮᠪᠠᠷ᠎ᠠ᠂ ᠵᠠᠮ ᠳᠠᠭ᠋ᠠᠤ ᠵᠢᠨ ᠤᠬᠠᠭᠤᠯᠭ᠎ᠠ ᠵᠢᠨ ᠬᠠᠭᠤᠳᠠᠰᠤ ᠵᠡᠷᠭᠡ ᠠᠷᠭ᠎ᠠ ᠮᠠᠶᠢᠭ᠎ᠢ ᠭᠦᠢ᠍ᠴᠡᠳ ᠠᠰᠢᠭᠯᠠᠨ ᠠᠶᠠᠯᠠᠵᠤ ᠵᠣᠷᠴᠢᠬᠤ ᠮᠡᠳᠡᠭᠡ ᠵᠠᠩᠭᠢ ᠵᠢᠨ ᠰᠠᠨᠠᠭᠤᠯᠤᠮᠵᠢ ᠵᠢ ᠣᠯᠠᠨ ᠠᠷᠭ᠎ᠠ ᠵᠠᠮ ᠵᠶ᠋ᠠᠷ ᠨᠡᠢ᠌ᠲᠡᠯᠡᠵᠡᠢ᠃
      ᠨᠠᠢ᠍ᠮᠠ᠎ᠳᠤ᠂ ᠰᠢᠰᠲ᠋ᠧᠮ᠎ᠢ ᠰᠢᠯᠢᠳᠡᠭᠵᠢᠭᠦᠯᠦᠨ ᠠᠵᠢᠯᠯᠠᠭᠤᠯᠵᠤ ᠬᠠᠮᠠᠭ᠋ᠠᠯᠠᠬᠤ ᠵᠢᠴᠢ ᠮᠠᠰᠢᠨ ᠴᠠᠬᠢᠯᠭ᠋ᠠᠨ ᠴᠢᠮᠡᠭᠡ ᠬᠣᠯᠪᠣᠭ᠎ᠠ᠂ ᠰᠦᠯᠵᠢᠶᠡᠨ᠎ᠤ ᠠᠮᠤᠷ ᠲᠦᠪᠰᠢᠨ᠎ᠢ ᠪᠠᠲᠤᠯᠠᠬᠤ ᠠᠵᠢᠯ᠎ᠢ ᠰᠠᠶ᠋ᠢᠲᠤᠷ ᠬᠢᠪᠡ᠃ ᠮᠠᠰᠢᠨ ᠴᠠᠬᠢᠯᠭ᠋ᠠᠨ᠎ᠤ ᠲᠤᠰᠬᠠᠶ ᠠᠵᠢᠯᠲᠠᠨ᠎ᠢ ᠲᠣᠬᠢᠷᠠᠭᠤᠯᠵᠤ᠂ ᠪᠠᠷᠢᠯᠭ᠎ᠠ ᠵᠢᠨ ᠨᠢᠭᠡᠴᠢ ᠵᠢᠨ ᠠᠵᠢᠯᠲᠠᠨ᠎ᠲᠠᠢ ᠵᠣᠯᠭ᠋ᠠᠭᠤᠯᠵᠤ᠂ ᠰᠦᠯᠵᠢᠶ᠎ᠡ ᠨᠡᠪᠲᠡᠷᠡᠭᠦᠯᠦᠨ ᠰᠦᠢ᠍ᠳᠭᠡᠯ ᠬᠤᠷᠢᠶᠠᠬᠤ ᠰᠢᠰᠲ᠋ᠧᠮ᠎ᠤᠨ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠪᠡ; ᠮᠡᠷᠭᠡᠵᠢᠯ ᠪᠣᠯᠤᠨ ᠮᠠᠰᠢᠨ ᠴᠠᠬᠢᠯᠭ᠋ᠠᠨ᠎ᠤ ᠠᠵᠢᠯᠲᠠᠨ᠎ᠤ ᠲᠣᠬᠢᠷᠠᠭᠤᠯᠤᠯᠲᠠ ᠵᠢ ᠪᠠᠲᠤᠯᠠᠵᠤ᠂ ᠠᠵᠢᠯᠯᠠᠭᠤᠯᠤᠨ ᠬᠠᠮᠠᠭ᠋ᠠᠯᠠᠵᠤ ᠲᠣᠭᠣᠷᠢᠨ ᠪᠠᠶ᠋ᠢᠴᠠᠭ᠋ᠠᠬᠤ ᠠᠵᠢᠯ᠎ᠢ ᠪᠦᠲᠦᠮᠵᠢᠲᠡᠶ ᠥᠷᠨᠢᠭᠦᠯᠵᠦ᠂ ᠡᠯ᠎ᠡ ᠲᠥᠷᠥᠯ᠎ᠤᠨ ᠬᠡᠮ ᠰᠠᠭ᠋ᠠᠲᠠᠯ᠎ᠢ ᠴᠠᠭ ᠲᠤᠬᠠᠶ᠎ᠳᠤ᠎ᠨᠢ ᠰᠢᠢ᠍ᠳᠪᠦᠷᠢᠯᠡᠨ᠂ ᠰᠢᠰᠲ᠋ᠧᠮ᠎ᠤᠨ ᠠᠮᠤᠷ ᠲᠦᠪᠰᠢᠨ ᠪᠦᠭᠡᠳ ᠲᠣᠭᠲᠠᠭᠤᠨ ᠵᠶ᠋ᠡᠷ ᠠᠵᠢᠯᠯᠠᠬᠤ ᠵᠢ ᠪᠠᠲᠤᠯᠠᠪᠠ᠃ 《ᠬᠡᠨ ᠭᠣᠤᠯᠴᠢᠯᠠᠨ ᠬᠠᠮᠢᠶᠠᠷᠪᠠᠯ ᠬᠡᠨ ᠬᠠᠷᠢᠭᠤᠴᠠᠬᠤ᠂ ᠬᠡᠨ ᠪᠦᠲᠦᠭᠡᠨ ᠪᠠᠶ᠋ᠢᠭᠤᠯᠪᠠᠯ ᠬᠡᠨ ᠬᠠᠷᠢᠭᠤᠴᠠᠬᠤ᠂ ᠬᠡᠨ ᠠᠵᠢᠯᠯᠠᠭᠤᠯᠪᠠᠯ ᠬᠡᠨ ᠬᠠᠷᠢᠭᠤᠴᠠᠬᠤ》 ᠪᠠ 《ᠬᠠᠷᠢᠶᠠᠯᠠᠭᠳᠠᠬᠤ ᠣᠷᠣᠨ ᠵᠶ᠋ᠠᠷ ᠬᠠᠮᠢᠶᠠᠷᠤᠭᠤᠯᠬᠤ》 ᠵᠠᠷᠴᠢᠮ ᠶᠤᠰᠤᠭ᠋ᠠᠷ᠂ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠪᠣᠳᠣᠯᠭ᠎ᠠ ᠵᠢ ᠪᠦᠲᠦᠮᠵᠢᠲᠡᠶ᠎ᠪᠠᠷ ᠲᠣᠭᠲᠠᠭ᠋ᠠᠵᠤ᠂ ᠰᠦᠯᠵᠢᠶᠡᠨ᠎ᠤ ᠠᠮᠤᠷ ᠲᠦᠪᠰᠢᠨ᠎ᠤ ᠮᠡᠷᠭᠡᠵᠢᠯ᠎ᠤᠨ ᠳᠡᠮᠵᠢᠯᠭᠡ ᠪᠠ ᠠᠵᠢᠯᠲᠠᠨ᠎ᠤ ᠪᠠᠲᠤᠯᠠᠭ᠎ᠠ ᠵᠢ ᠭᠦᠢ᠍ᠴᠡᠳᠭᠡᠬᠦ ᠵᠢ ᠪᠠᠲᠤᠯᠠᠵᠠᠢ᠃
      ᠡᠭᠦᠨ᠎ᠠᠴᠠ ᠭᠠᠳᠠᠨ᠎ᠠ᠂ ᠺᠣᠮᠫᠠᠨᠢ᠎ᠠᠴᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ᠎ᠪᠠᠨ ᠥᠴᠦᠬᠡᠨ ᠴᠦ᠍ ᠰᠤᠯᠠᠷᠠᠭᠤᠯᠤᠯ ᠥᠬᠡᠶ᠎ᠪᠠᠷ ᠬᠡᠷᠡᠭᠵᠢᠭᠦᠯᠵᠦ᠂ ᠣᠯᠠᠨ ᠨᠡᠶ᠋ᠢᠲᠡ ᠵᠢᠨ ᠣᠷᠣᠨ ᠬᠡᠪᠴᠢᠶ᠎ᠡ ᠵᠢ ᠴᠢᠩᠭ᠎ᠠ ᠠᠷᠢᠭᠤᠳᠬᠠᠵᠤ᠂ ᠠᠵᠢᠯ᠎ᠤᠨ ᠪᠠᠶ᠋ᠢᠷᠢ᠎ᠳᠤ ᠪᠠᠶ᠋ᠢᠭ᠎ᠠ ᠬᠥᠮᠦᠰ᠎ᠪᠠᠨ ᠠᠮᠠᠪᠴᠢ ᠵᠡᠭᠦᠯᠭᠡᠵᠦ᠂ ᠪᠡᠶ᠎ᠡ ᠵᠢᠨ ᠳᠤᠯᠠᠭ᠋ᠠᠨ᠎ᠢ᠎ᠨᠢ ᠪᠠᠶ᠋ᠢᠴᠠᠭ᠋ᠠᠨ ᠰᠢᠯᠭ᠋ᠠᠵᠤ᠂ CPC ᠺᠠᠷᠲ᠎ᠢ ᠲᠠᠷᠬᠠᠭ᠋ᠠᠬᠤ᠂ ᠡᠭᠡᠭᠦᠯᠦᠨ ᠬᠤᠷᠢᠶᠠᠬᠤ᠂ ᠰᠢᠯᠵᠢᠭᠦᠯᠦᠨ ᠥᠭᠬᠦ᠂ ᠬᠥᠮᠥᠷᠭᠡ᠎ᠳᠤ ᠣᠷᠣᠭᠤᠯᠬᠤ ᠵᠡᠷᠭᠡ ᠡᠯ᠎ᠡ ᠭᠣᠭᠴᠣᠭ᠋ᠠᠨ᠎ᠤ ᠠᠷᠢᠭᠤᠳᠬᠠᠬᠤ ᠠᠵᠢᠯ᠎ᠢ ᠴᠢᠩᠭ᠎ᠠ ᠬᠡᠷᠡᠭᠵᠢᠭᠦᠯᠵᠦ᠂ ᠬᠢᠵᠢᠭ᠎ᠢ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠪᠠᠲᠤᠯᠠᠵᠠᠢ᠃

                                    

                                     ᠬᠠᠨ ᠮᠧᠢ ᠣᠷᠴᠢᠭᠤᠯᠪᠠ

ᠢᠷᠡᠯᠲᠡ᠄ ᠵᠠᠮ ᠬᠠᠷᠢᠯᠴᠠᠭ᠋ᠠᠨ᠎ᠤ ᠪᠠᠯᠠ ᠣᠷᠣᠭᠤᠯᠤᠯᠲᠠ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ
          
ᠬᠠᠮᠢᠶ᠎ᠡ ᠪᠦᠬᠦᠢ ᠰᠣᠨᠢᠨ
ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠡᠯᠡ ᠣᠷᠤᠭᠤᠯᠤᠯᠲᠠ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠵᠢᠨ ᠣᠷᠳᠣᠰ᠎ᠲᠠᠬᠢ ᠬᠤᠪᠢᠶᠠᠷᠢ ᠺᠣᠮᠫᠠᠨᠢ ᠵᠢᠨ᠎ᠬᠢᠨ ᠠᠮᠤᠷ ᠲᠦᠪᠰᠢᠨ᠎ᠤ ᠤᠬᠠᠭᠤᠯᠭ᠎ᠠ ᠵᠢ ᠬᠥᠳᠡᠭᠡ ᠲᠣᠰᠬᠣᠨ᠎ᠳᠤ ᠣᠷᠣᠭᠤᠯᠬᠤ ᠠᠵᠢᠯᠯᠠᠭ᠎ᠠ ᠵᠢ ᠥᠷᠨᠢᠭᠦᠯᠪᠡ
ᠬᠡᠮᠵᠢᠶ᠎ᠡ᠎ᠠᠴᠠ ᠬᠡᠲᠦᠷᠡᠭᠦᠯᠦᠭᠰᠡᠨ᠎ᠢ ᠵᠠᠰᠠᠬᠤ ᠵᠢ ᠰᠢᠯᠢᠳᠡᠭᠵᠢᠭᠦᠯᠦᠨ ᠵᠠᠮ ᠨᠡᠪᠲᠡᠷᠡᠯᠭᠡ ᠵᠢᠨ ᠠᠮᠤᠷ ᠲᠦᠪᠰᠢᠨ᠎ᠢ ᠪᠠᠲᠤᠯᠠᠬᠤ ᠬᠣᠯᠪᠤᠭ᠋ᠠᠯᠠᠨ ᠬᠠᠶ᠋ᠢᠨ ᠰᠢᠯᠭ᠋ᠠᠬᠤ ᠳᠤᠭᠤᠶ᠋ᠢᠯᠠᠩ᠎ᠤᠨ᠎ᠬᠢᠨ ᠬᠥᠯᠥᠨ ᠪᠣᠶ᠋ᠢᠷ᠎ᠲᠤ ᠬᠦᠷᠴᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠵᠡᠷᠭᠡ᠎ᠪᠠᠷ ᠶᠠᠪᠤᠬᠤ ᠵᠠᠰᠠᠮᠠᠯ ᠵᠠᠮ᠎ᠳᠤ ᠬᠠᠶ᠋ᠢᠨ ᠰᠢᠯᠭ᠋ᠠᠬᠤ ᠠᠵᠢᠯ ᠥᠷᠨᠢᠭᠦᠯᠪᠡ
ᠬᠠᠮᠲᠤᠷᠠᠨ ᠠᠵᠢᠯᠯᠠᠵᠤ ᠬᠠᠮᠲᠤᠷᠠᠨ ᠬᠦᠳᠡᠯᠦᠯᠴᠡᠬᠦ᠎ᠪᠠᠨ ᠴᠢᠩᠭ᠋ᠠᠷᠠᠭᠤᠯᠤᠨ ᠬᠡᠭᠡᠷ᠎ᠡ ᠵᠢᠨ ᠠᠮᠢᠲᠠᠨ᠎ᠢ ᠠᠪᠤᠷᠠᠨ ᠲᠤᠰᠠᠯᠠᠬᠤ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠡᠯᠡ ᠣᠷᠤᠭᠤᠯᠤᠯᠲᠠ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠵᠢᠨ ᠬᠥᠯᠥᠨ ᠪᠣᠶ᠋ᠢᠷ᠎ᠲᠠᠬᠢ ᠬᠤᠪᠢᠶᠠᠷᠢ ᠺᠣᠮᠫᠠᠨᠢ᠎ᠨᠢ ᠲᠣᠣᠷ ᠰᠦᠯᠵᠢᠶ᠎ᠡ ᠵᠢ ᠵᠠᠪᠳᠤᠨ ᠵᠠᠰᠠᠬᠤ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ
ᠬᠥᠯᠥᠨ ᠪᠣᠶ᠋ᠢᠷ ᠬᠣᠲᠠ ᠵᠢᠨ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠰᠠᠯᠠᠭ᠎ᠠ ᠮᠥᠴᠢᠷ᠎ᠤᠨ᠎ᠬᠢᠨ ᠴᠠᠰᠤ ᠠᠷᠢᠯᠭ᠋ᠠᠨ ᠰᠠᠭ᠋ᠠᠳ ᠦᠭᠡᠢ ᠨᠡᠪᠲᠡᠷᠡᠭᠦᠯᠬᠦ ᠠᠵᠢᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠪᠡ
ᠦᠪᠦᠷ ᠮᠣᠩᠭᠤᠯ᠎ᠤᠨ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠡᠯᠡ ᠣᠷᠤᠭᠤᠯᠤᠯᠲᠠ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠵᠢᠨ ᠨᠠᠮ᠎ᠤᠨ ᠬᠣᠷᠢᠶ᠎ᠠ᠎ᠠᠴᠠ ᠨᠠᠮ᠎ᠤᠨ ᠭᠡᠰᠢᠭᠦᠨ ᠡᠯᠰᠡᠬᠦ ᠡᠲᠡᠭᠡᠳ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
 
            