
《ᠥᠪᠥᠷ ᠮᠣᠩᠭᠣᠯ᠎ᠤᠨ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠠᠯᠠ ᠣᠷᠣᠭᠤᠯᠤᠯᠲᠠ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠵᠢᠨ ᠠᠮᠤᠷ ᠲᠦᠪᠰᠢᠨ᠎ᠤ ᠤᠬᠠᠭᠤᠯᠭ᠎ᠠ 〈ᠲᠠᠪᠤ ᠵᠢ ᠣᠷᠣᠭᠤᠯᠬᠤ〉 ᠠᠵᠢᠯ᠎ᠤᠨ ᠬᠡᠷᠡᠭᠵᠢᠭᠦᠯᠬᠦ ᠲᠥᠰᠦᠯ》᠎ᠤᠨ ᠱᠠᠭ᠋ᠠᠷᠳᠠᠯᠭ᠎ᠠ ᠶᠣᠰᠣᠭ᠋ᠠᠷ᠂ ᠣᠷᠳᠣᠰ᠎ᠤᠨ ᠬᠤᠪᠢᠶᠠᠷᠢ ᠺᠣᠮᠫᠠᠨᠢ᠎ᠨᠢ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ 9 ᠳ᠋ᠦ᠍ᠭᠡᠷ ᠰᠠᠷ᠎ᠠ ᠵᠢᠨ 10᠎ᠤ ᠡᠳᠦᠷ᠂ ᠡᠷᠬᠢᠨ ᠲᠣᠭᠣᠷᠢᠨ᠎ᠤ ᠬᠥᠳᠡᠭᠡ ᠲᠣᠰᠬᠣᠨ᠎ᠳᠤ ᠠᠮᠤᠷ ᠲᠦᠪᠰᠢᠨ᠎ᠤ ᠤᠬᠠᠭᠤᠯᠭ᠎ᠠ ᠵᠢ ᠬᠥᠳᠡᠭᠡ ᠲᠣᠰᠬᠣᠨ᠎ᠳᠤ ᠣᠷᠣᠭᠤᠯᠬᠤ ᠠᠵᠢᠯᠯᠠᠭ᠎ᠠ ᠵᠢ ᠥᠷᠨᠢᠭᠦᠯᠪᠡ᠃
ᠠᠵᠢᠯᠯᠠᠭ᠋ᠠᠨ᠎ᠤ ᠳᠤᠮᠳᠠ ᠬᠤᠪᠢᠶᠠᠷᠢ ᠺᠣᠮᠫᠠᠨᠢ ᠵᠢᠨ ᠪᠦᠬᠦ ᠠᠵᠢᠯᠲᠠᠳ ᠲᠣᠰᠬᠣᠨ᠎ᠤ ᠠᠷᠠᠳ᠎ᠲᠤ ᠠᠮᠤᠷ ᠲᠦᠪᠰᠢᠨ᠎ᠤ ᠮᠡᠳᠡᠯᠭᠡ ᠵᠢ ᠬᠠᠯᠠᠭᠤᠨ ᠵᠠᠷ ᠳᠠᠮᠵᠢᠭᠤᠯᠵᠤ᠂ ᠰᠠᠭᠤᠭ᠋ᠠᠯᠢ ᠠᠷᠠᠳ᠎ᠤᠨ ᠴᠠᠬᠢᠯᠭ᠋ᠠᠨ ᠬᠡᠷᠡᠭᠯᠡᠬᠦ 《ᠠᠷᠪᠠ ᠵᠢ ᠦᠯᠦ ᠵᠥᠪᠰᠢᠶᠡᠷᠡᠬᠦ》᠂ ᠵᠠᠮ ᠬᠠᠷᠢᠯᠴᠠᠭ᠋ᠠᠨ᠎ᠤ ᠡᠨᠳᠡᠯ᠎ᠢ ᠰᠡᠷᠭᠡᠶ᠋ᠢᠯᠡᠬᠦ᠂ ᠨᠣᠴᠣᠮᠠᠲᠠᠭ᠋ᠠᠶ ᠳᠡᠯᠪᠡᠷᠡᠬᠦ ᠠᠶᠤᠯ ᠪᠦᠬᠦᠢ ᠬᠢᠮᠢ ᠵᠢᠨ ᠡᠳ᠋᠎ᠤᠨ ᠬᠠᠮᠢᠶᠠᠷᠤᠯᠲᠠ᠂ ᠣᠶ ᠰᠢᠭᠤᠶ ᠵᠢᠨ ᠭᠠᠯ᠎ᠢ ᠰᠡᠷᠭᠡᠶ᠋ᠢᠯᠡᠬᠦ᠂ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠭᠠᠯ᠎ᠢ ᠰᠡᠷᠭᠡᠢ᠌ᠯᠡᠬᠦ᠂ ᠲᠠᠷᠢᠶᠠᠯᠠᠩ᠎ᠤᠨ ᠬᠣᠤᠷᠳᠠᠭᠳᠠᠯᠢ ᠰᠡᠷᠭᠡᠶ᠋ᠢᠯᠡᠬᠦ᠂ ᠨᠠᠮᠤᠭ᠎ᠤᠨ ᠬᠡᠢ ᠵᠢᠨ ᠬᠣᠤᠷᠳᠠᠭᠳᠠᠯᠢ ᠰᠡᠷᠭᠡᠢ᠌ᠯᠡᠬᠦ᠂ ᠬᠥᠳᠡᠭᠡ ᠲᠣᠰᠬᠣᠨ᠎ᠤ ᠭᠡᠷ ᠪᠠᠷᠢᠬᠤ᠂ ᠢᠳᠡᠭᠡᠨ᠎ᠤ ᠬᠣᠤᠷᠳᠠᠭᠳᠠᠯ ᠵᠡᠷᠭᠡ ᠠᠮᠤᠷ ᠲᠦᠪᠰᠢᠨ᠎ᠤ ᠮᠡᠳᠡᠯᠭᠡ ᠵᠢ ᠭᠣᠤᠯᠳᠠᠯᠭ᠎ᠠ᠎ᠲᠠᠢ᠎ᠪᠠᠷ ᠲᠠᠢ᠌ᠯᠪᠤᠷᠢᠯᠠᠵᠤ᠂ ᠡᠷᠭᠢᠨ ᠲᠣᠭᠣᠷᠢᠨ᠎ᠤ ᠣᠯᠠᠨ ᠲᠦᠮᠡᠨ᠎ᠳᠤ ᠠᠮᠤᠷ ᠲᠦᠪᠰᠢᠨ᠎ᠤ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠵᠤ᠂ ᠥᠷᠭᠡᠨ ᠣᠯᠠᠨ ᠠᠷᠠᠳ ᠲᠦᠮᠡᠨ᠎ᠳᠤ ᠬᠥᠳᠡᠭᠡ ᠲᠣᠰᠬᠣᠨ᠎ᠤ ᠠᠮᠤᠷ ᠲᠦᠪᠰᠢᠨ᠎ᠢ ᠠᠩᠬᠠᠷᠴᠤ᠂ ᠥᠪᠡᠷ᠎ᠢ᠎ᠪᠠᠨ ᠰᠡᠷᠭᠡᠢ᠌ᠯᠡᠬᠦ ᠤᠬᠠᠮᠰᠠᠷ᠎ᠢ᠎ᠨᠢ ᠳᠡᠭᠡᠭᠰᠢᠯᠡᠭᠦᠯᠪᠡ᠃ ᠲᠣᠰᠬᠣᠨ᠎ᠤ ᠠᠷᠠᠳ᠎ᠨᠢ ᠬᠣᠶ᠋ᠢᠨ᠎ᠠ ᠬᠣᠶ᠋ᠢᠨ᠎ᠠ᠎ᠠᠴᠠ᠎ᠪᠠᠨ ᠤᠬᠠᠭᠤᠯᠭ᠎ᠠ ᠵᠢᠨ ᠮᠠᠲ᠋ᠧᠷᠢᠶᠠᠯ ᠠᠪᠬᠤ᠎ᠪᠠᠷ ᠢᠷᠡᠵᠦ᠂ ᠯᠠᠪᠯᠠᠨ ᠠᠰᠠᠭᠤᠬᠤ ᠬᠥᠮᠦᠰ ᠴᠦ᠍ ᠲᠠᠰᠤᠷᠠᠯᠲᠠ ᠦᠭᠡᠢ ᠣᠯᠠᠰᠢᠷᠠᠪᠠ᠃ ᠬᠤᠪᠢᠶᠠᠷᠢ ᠺᠣᠮᠫᠠᠨᠢ ᠵᠢᠨ ᠠᠵᠢᠯᠲᠠᠳ᠎ᠠᠴᠠ ᠨᠢᠭᠡ ᠲᠠᠯ᠎ᠠ᠎ᠪᠠᠷ ᠮᠠᠲ᠋ᠧᠷᠢᠶᠠᠯ ᠲᠠᠷᠬᠠᠭ᠋ᠠᠵᠤ᠂ ᠨᠢᠭᠡ ᠲᠠᠯ᠎ᠠ᠎ᠪᠠᠷ ᠠᠮᠤᠷ ᠲᠦᠪᠰᠢᠨ᠎ᠤ ᠮᠡᠳᠡᠯᠭᠡ ᠵᠢ ᠤᠬᠠᠭᠤᠯᠤᠨ ᠲᠠᠶ᠋ᠢᠯᠪᠤᠷᠢᠯᠠᠵᠤ᠂ ᠲᠣᠰᠬᠣᠨ᠎ᠤ ᠠᠷᠠᠳ ᠰᠡᠳᠬᠢᠯ ᠲᠠᠯᠪᠢᠨ ᠰᠣᠨᠣᠰᠴᠤ᠂ ᠬᠤᠪᠢᠶᠠᠷᠢ ᠺᠣᠮᠫᠠᠨᠢ ᠵᠢᠨ ᠠᠵᠢᠯᠲᠠᠳ᠎ᠠᠴᠠ ᠡᠳᠦᠷ ᠲᠤᠲᠤᠮ᠎ᠤᠨ ᠠᠮᠤᠷ ᠲᠦᠪᠰᠢᠨ᠎ᠤ ᠠᠭᠤᠯᠭ᠎ᠠ ᠵᠢ ᠠᠰᠠᠭᠤᠵᠤ ᠪᠠᠶ᠋ᠢᠯ᠎ᠠ᠃
ᠲᠣᠰ ᠤᠳᠠᠭ᠋ᠠᠨ᠎ᠤ ᠤᠬᠠᠭᠤᠯᠭ᠎ᠠ ᠵᠢᠨ ᠠᠵᠢᠯᠯᠠᠭ᠎ᠠ᠎ᠳᠤ ᠬᠥᠳᠡᠭᠡ ᠲᠣᠰᠬᠣᠨ᠎ᠤ ᠠᠮᠤᠷ ᠲᠦᠪᠰᠢᠨ᠎ᠤ ᠤᠬᠠᠭᠤᠯᠭ᠎ᠠ ᠵᠢᠨ ᠬᠠᠭᠤᠳᠠᠰᠤ ᠵᠢ ᠨᠡᠶ᠋ᠢᠲᠡ 60 ᠭᠠᠷᠤᠶ ᠬᠤᠪᠢ ᠲᠠᠷᠬᠠᠭ᠋ᠠᠪᠠ᠃ ᠠᠶᠤᠯᠭᠦᠢ ᠵᠢᠨ ᠮᠡᠳᠡᠯᠭᠡ ᠵᠢᠨ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠬᠤ᠂ ᠲᠤᠬᠠᠶ ᠵᠢᠨ ᠲᠠᠯᠠᠪᠠᠢ᠎ᠳᠤ ᠠᠶᠤᠯᠭᠦᠢ ᠦᠢ᠍ᠯᠡᠳᠪᠦᠷᠢᠯᠡᠯ᠎ᠤᠨ ᠮᠡᠳᠡᠯᠭᠡ ᠵᠢ ᠲᠠᠶ᠋ᠢᠯᠪᠤᠷᠢᠯᠠᠬᠤ ᠬᠡᠯᠪᠡᠷᠢ᠎ᠪᠠᠷ ᠳᠠᠮᠵᠢᠭᠤᠯᠤᠨ᠂ ᠠᠮᠤᠷ ᠲᠦᠪᠰᠢᠨ᠎ᠤ ᠮᠡᠳᠡᠯᠭᠡ ᠵᠢ ᠦᠨᠡᠨ ᠬᠦ᠌ ᠲᠣᠰᠬᠣᠨ᠎ᠤ ᠠᠷᠠᠳ᠎ᠤᠨ ᠳᠡᠷᠭᠡᠳᠡ᠂ ᠲᠣᠰᠬᠣᠨ᠎ᠤ ᠠᠷᠠᠳ᠎ᠲᠤ ᠬᠦᠷᠭᠡᠵᠦ᠂ ᠲᠣᠰᠬᠣᠨ᠎ᠤ ᠠᠷᠠᠳ᠎ᠤᠨ ᠦᠢ᠍ᠯᠡᠳᠪᠦᠷᠢᠯᠡᠯ ᠠᠮᠢᠳᠤᠷᠠᠯ᠎ᠤᠨ ᠠᠮᠤᠷ ᠲᠦᠪᠰᠢᠨ᠎ᠢ ᠨᠡᠩ ᠰᠢᠭᠤᠳ ᠣᠢ᠌ᠯᠠᠭ᠋ᠠᠵᠤ᠂ ᠨᠡᠩ ᠭᠦᠨ ᠳᠡᠰ ᠳᠠᠪᠬᠤᠷᠭ᠎ᠠ ᠵᠢᠨ ᠲᠠᠨᠢᠯᠲᠠ᠎ᠲᠠᠢ ᠪᠣᠯᠭ᠋ᠠᠵᠤ᠂ ᠲᠣᠰᠬᠣᠨ᠎ᠤ ᠠᠷᠠᠳ᠎ᠤᠨ ᠠᠮᠤᠷ ᠲᠦᠪᠰᠢᠨ᠎ᠤ ᠦᠵᠡᠯ ᠤᠬᠠᠮᠰᠠᠷ ᠪᠣᠯᠤᠨ ᠠᠮᠤᠷ ᠲᠦᠪᠰᠢᠨ᠎ᠤ ᠬᠡᠪ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
ᠤᠷᠠᠨᠰᠦ ᠣᠷᠴᠢᠭᠤᠯᠪᠠ ᠬᠠᠨ ᠮᠧᠢ ᠬᠢᠨᠠᠪᠠ