ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠬᠡᠮᠵᠢᠶ᠎ᠡ᠎ᠠᠴᠠ ᠬᠡᠲᠦᠷᠡᠭᠦᠯᠦᠭᠰᠡᠨ᠎ᠢ ᠵᠠᠰᠠᠬᠤ ᠵᠢ ᠰᠢᠯᠢᠳᠡᠭᠵᠢᠭᠦᠯᠦᠨ ᠵᠠᠮ ᠨᠡᠪᠲᠡᠷᠡᠯᠭᠡ ᠵᠢᠨ ᠠᠮᠤᠷ ᠲᠦᠪᠰᠢᠨ᠎ᠢ ᠪᠠᠲᠤᠯᠠᠬᠤ ᠬᠣᠯᠪᠤᠭ᠋ᠠᠯᠠᠨ ᠬᠠᠶ᠋ᠢᠨ ᠰᠢᠯᠭ᠋ᠠᠬᠤ ᠳᠤᠭᠤᠶ᠋ᠢᠯᠠᠩ᠎ᠤᠨ᠎ᠬᠢᠨ ᠬᠥᠯᠥᠨ ᠪᠣᠶ᠋ᠢᠷ᠎ᠲᠤ ᠬᠦᠷᠴᠦ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠵᠡᠷᠭᠡ᠎ᠪᠠᠷ ᠶᠠᠪᠤᠬᠤ ᠵᠠᠰᠠᠮᠠᠯ ᠵᠠᠮ᠎ᠳᠤ ᠬᠠᠶ᠋ᠢᠨ ᠰᠢᠯᠭ᠋ᠠᠬᠤ ᠠᠵᠢᠯ ᠥᠷᠨᠢᠭᠦᠯᠪᠡ
ᠨᠡᠶ᠋ᠢᠲᠡᠯᠡᠭᠰᠡᠨ ᠴᠠᠭ᠄ 2020-11-10

     9 ᠳ᠋ᠦ᠍ᠭᠡᠷ ᠰᠠᠷ᠎ᠠ ᠵᠢᠨ 9᠎ᠤ ᠡᠳᠦᠷ᠎ᠠᠴᠠ 10᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠡᠯᠡ ᠣᠷᠣᠭᠤᠯᠤᠯᠲᠠ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠵᠠᠮ ᠬᠠᠷᠢᠯᠴᠠᠭ᠋ᠠᠨ᠎ᠤ ᠵᠢᠷᠤᠭ ᠲᠥᠯᠥᠪᠯᠡᠭᠡ ᠵᠢᠨ ᠰᠤᠳᠤᠯᠭ᠋ᠠᠨ᠎ᠤ ᠬᠦᠷᠢᠶᠡᠯᠡᠩ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠥᠪᠥᠷ ᠮᠣᠩᠭᠣᠯ᠎ᠤᠨ ᠪᠸᠢ ᠵᠢᠶᠠᠩ᠎ᠤᠨ ᠵᠠᠮ ᠬᠠᠷᠢᠯᠴᠠᠭ᠋ᠠᠨ᠎ᠤ ᠵᠢᠷᠤᠭ ᠲᠥᠯᠥᠪᠯᠡᠭᠡ ᠵᠢᠨ ᠵᠥᠪᠯᠡᠯᠭᠡ ᠥᠭᠬᠦ ᠬᠢᠵᠠᠭ᠋ᠠᠷᠲᠤ ᠺᠣᠮᠫᠠᠨᠢ᠎ᠠᠴᠠ ᠬᠣᠯᠪᠤᠭ᠋ᠠᠯᠠᠨ ᠬᠠᠶ᠋ᠢᠨ ᠰᠢᠯᠭ᠋ᠠᠬᠤ ᠳᠤᠭᠤᠶ᠋ᠢᠯᠠᠩ ᠪᠠᠶ᠋ᠢᠭᠤᠯᠵᠤ᠂ ᠬᠥᠯᠥᠨ ᠪᠣᠶ᠋ᠢᠷ᠎ᠲᠤ ᠭᠦᠨᠵᠡᠭᠡᠢ᠌ᠷᠡᠨ G10 ᠰᠤᠹᠸᠨ᠎ᠠᠴᠠ ᠮᠠᠨᠵᠤᠤᠷ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠠᠷᠤᠨ ᠬᠣᠰᠢᠭᠤ᠎ᠠᠴᠠ ᠮᠠᠨᠵᠤᠤᠷ ᠬᠦᠷᠬᠦ ᠬᠡᠰᠡᠭ᠎ᠤᠨ ᠵᠡᠷᠭᠡ᠎ᠪᠠᠷ ᠶᠠᠪᠤᠬᠤ ᠵᠠᠰᠠᠮᠠᠯ ᠵᠠᠮ᠎ᠤᠨ ᠲᠤᠬᠠᠶ ᠵᠢᠨ ᠭᠠᠵᠠᠷ᠎ᠲᠤ᠎ᠨᠢ ᠬᠠᠶ᠋ᠢᠨ ᠰᠢᠯᠭ᠋ᠠᠬᠤ ᠠᠵᠢᠯ ᠦᠷᠨᠢᠭᠦᠯᠪᠡ᠃
     G10 ᠰᠤᠹᠸᠨ᠎ᠠᠴᠠ ᠮᠠᠨᠵᠤᠤᠷ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠵᠡᠷᠭᠡ᠎ᠪᠠᠷ ᠶᠠᠪᠤᠬᠤ ᠵᠠᠰᠠᠮᠠᠯ ᠵᠠᠮ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ᠎ᠪᠠᠨ ᠬᠡᠲᠦᠷᠡᠭᠦᠯᠦᠭᠰᠡᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠴᠢᠩᠭ᠎ᠠ ᠬᠠᠮᠢᠶᠠᠷᠤᠨ ᠡᠵᠡᠮᠳᠡᠵᠦ᠂ ᠬᠣᠯᠪᠤᠭᠳᠠᠯ ᠪᠦᠬᠦᠢ ᠪᠠᠶ᠋ᠢᠷᠢᠯᠠᠭᠤᠯᠤᠯᠲᠠ ᠵᠢ ᠦᠨᠳᠦᠰᠦᠯᠡᠨ 9 ᠳ᠋ᠦ᠍ᠭᠡᠷ ᠰᠠᠷ᠎ᠠ ᠵᠢᠨ 9᠎ᠤ ᠡᠳᠦᠷ᠂ ᠬᠠᠶ᠋ᠢᠨ ᠰᠢᠯᠭ᠋ᠠᠬᠤ ᠳᠤᠭᠤᠶ᠋ᠢᠯᠠᠩ᠎ᠠᠴᠠ G10 ᠰᠤᠹᠸᠨ᠎ᠠᠴᠠ ᠮᠠᠨᠵᠤᠤᠷ ᠬᠦᠷᠲᠡᠯᠡᠬᠢ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠠᠷᠤᠨ ᠬᠣᠰᠢᠭᠤ᠎ᠠᠴᠠ ᠮᠠᠨᠵᠤᠤᠷ ᠬᠥᠷᠬᠥ ᠬᠡᠰᠡᠭ᠎ᠤᠨ ᠵᠡᠷᠭᠡ᠎ᠪᠠᠷ ᠶᠠᠪᠤᠬᠤ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠴᠣᠪᠤᠷᠠᠯ᠎ᠤᠨ ᠬᠡᠮᠵᠢᠶᠡᠨ᠎ᠤ ᠪᠠᠶ᠋ᠢᠳᠠᠯ᠂ ᠬᠦᠨᠳᠦ ᠲᠡᠷᠭᠡᠨ᠎ᠤ ᠬᠠᠷᠢᠴᠠᠯ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠪᠡᠯᠡᠳᠬᠡᠮᠵᠢ ᠵᠢ ᠪᠠᠶ᠋ᠢᠷᠢᠯᠠᠭᠤᠯᠤᠭᠰᠠᠨ ᠪᠠᠶ᠋ᠢᠳᠠᠯ᠂ ᠪᠣᠭᠣᠮᠲᠠ ᠵᠢᠨ ᠣᠷᠣᠨ ᠪᠠᠶ᠋ᠢᠷᠢ ᠰᠣᠩᠭᠣᠬᠤ ᠵᠢ ᠳᠤᠭᠤᠷᠪᠢᠨ ᠲᠣᠭᠲᠠᠭ᠋ᠠᠬᠤ ᠪᠠ ᠰᠦᠯᠵᠢᠶᠡᠨ᠎ᠤ ᠵᠠᠯᠭ᠋ᠠᠵᠤ ᠣᠷᠣᠭᠤᠯᠬᠤ ᠣᠷᠣᠨ ᠪᠠᠶ᠋ᠢᠷᠢ ᠵᠡᠷᠭᠡ 100 ᠭᠠᠷᠤᠶ ᠬᠡᠮᠵᠢᠶ᠎ᠡ᠎ᠠᠴᠠ ᠬᠡᠲᠦᠷᠡᠭᠦᠯᠦᠭᠰᠡᠨ᠎ᠢ ᠰᠢᠢ᠍ᠳᠪᠦᠷᠢᠯᠡᠵᠦ ᠵᠠᠰᠠᠬᠤ ᠴᠡᠭ ᠪᠠᠢ᠌ᠷᠢᠨ᠎ᠳᠤ ᠨᠠᠷᠢᠨ ᠨᠢᠮᠪᠠᠶ ᠬᠠᠶ᠋ᠢᠨ ᠰᠢᠯᠭ᠋ᠠᠯᠲᠠ ᠬᠢᠪᠠ᠃
     9 ᠳ᠋ᠦ᠍ᠭᠡᠷ ᠰᠠᠷ᠎ᠠ ᠵᠢᠨ 10᠎ᠤ ᠡᠳᠦᠷ᠂ ᠬᠠᠶ᠋ᠢᠨ ᠰᠢᠯᠭ᠋ᠠᠬᠤ ᠳᠤᠭᠤᠶ᠋ᠢᠯᠠᠩ᠎ᠨᠢ ᠬᠥᠯᠥᠨ ᠪᠣᠶ᠋ᠢᠷ᠎ᠤᠨ ᠬᠤᠪᠢᠶᠠᠷᠢ ᠺᠣᠮᠫᠠᠨᠢ᠎ᠳᠤ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠵᠡᠷᠭᠡ᠎ᠪᠠᠷ ᠶᠠᠪᠤᠬᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢ ᠲᠤᠬᠠᠢ ᠵᠢᠨ ᠭᠠᠵᠠᠷ᠎ᠲᠤ᠎ᠨᠢ ᠬᠠᠶ᠋ᠢᠨ ᠰᠢᠯᠭ᠋ᠠᠬᠤ ᠵᠢ ᠵᠣᠯᠭ᠋ᠠᠭᠤᠯᠬᠤ ᠬᠤᠷᠠᠯ ᠬᠤᠷᠠᠯᠳᠤᠭᠤᠯᠪᠠ᠃ ᠡᠯ᠎ᠡ ᠬᠣᠯᠪᠣᠭᠳᠠᠯ ᠪᠦᠬᠦᠢ ᠨᠢᠭᠡᠴᠢ᠎ᠠᠴᠠ ᠵᠠᠮ᠎ᠤᠨ ᠬᠡᠰᠡᠭ᠎ᠲᠤ ᠪᠠᠶ᠋ᠢᠳᠠᠯ᠎ᠢ᠎ᠨᠢ ᠣᠶ᠋ᠢᠯᠠᠭ᠋ᠠᠬᠤ ᠪᠠᠶ᠋ᠢᠴᠠᠭ᠋ᠠᠯᠲᠠ ᠬᠢᠭᠰᠡᠨ ᠪᠦᠭᠡᠳ ᠬᠠᠶ᠋ᠢᠨ ᠰᠢᠯᠭ᠋ᠠᠬᠤ ᠳᠤᠭᠤᠶ᠋ᠢᠯᠠᠩ᠎ᠳᠤ ᠪᠠᠶ᠋ᠢᠴᠠᠭ᠋ᠠᠭᠰᠠᠨ ᠦᠷ᠎ᠡ ᠳ᠋ᠦᠩ ᠵᠶ᠋ᠠᠨ ᠮᠡᠳᠡᠭᠦᠯᠪᠡ᠃ ᠬᠤᠷᠠᠯ᠎ᠠᠴᠠ ᠵᠢᠯᠣᠭᠣᠳᠬᠤ ᠴᠢᠨᠠᠷᠲᠠᠶ ᠰᠠᠨᠠᠯ ᠪᠠ ᠰᠠᠨᠠᠭᠤᠯᠭ᠎ᠠ ᠳᠤᠷᠠᠳᠴᠤ᠂ ᠲᠠᠷᠠᠭ᠋ᠠᠴᠢ ᠵᠢᠨ ᠠᠯᠬᠤᠮ᠎ᠤᠨ ᠪᠦᠲᠦᠭᠡᠨ ᠪᠠᠶ᠋ᠢᠭᠤᠯᠤᠯᠲᠠ ᠵᠢ ᠬᠡᠷᠡᠭᠵᠢᠭᠦᠯᠬᠦ᠎ᠳᠤ ᠪᠠᠲᠤ ᠪᠡᠬᠢ ᠰᠠᠭᠤᠷᠢ ᠵᠢ ᠲᠠᠯᠪᠢᠵᠤ ᠥᠭᠪᠡ᠃

ᠢᠷᠡᠯᠲᠡ᠄ ᠥᠪᠥᠷ ᠮᠣᠩᠭᠣᠯ᠎ᠤᠨ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠡᠯᠡ ᠣᠷᠣᠭᠤᠯᠤᠯᠲᠠ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ
          
ᠬᠠᠮᠢᠶ᠎ᠡ ᠪᠦᠬᠦᠢ ᠰᠣᠨᠢᠨ
ᠬᠠᠮᠲᠤᠷᠠᠨ ᠠᠵᠢᠯᠯᠠᠵᠤ ᠬᠠᠮᠲᠤᠷᠠᠨ ᠬᠦᠳᠡᠯᠦᠯᠴᠡᠬᠦ᠎ᠪᠠᠨ ᠴᠢᠩᠭ᠋ᠠᠷᠠᠭᠤᠯᠤᠨ ᠬᠡᠭᠡᠷ᠎ᠡ ᠵᠢᠨ ᠠᠮᠢᠲᠠᠨ᠎ᠢ ᠠᠪᠤᠷᠠᠨ ᠲᠤᠰᠠᠯᠠᠬᠤ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠡᠯᠡ ᠣᠷᠤᠭᠤᠯᠤᠯᠲᠠ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠵᠢᠨ ᠬᠥᠯᠥᠨ ᠪᠣᠶ᠋ᠢᠷ᠎ᠲᠠᠬᠢ ᠬᠤᠪᠢᠶᠠᠷᠢ ᠺᠣᠮᠫᠠᠨᠢ᠎ᠨᠢ ᠲᠣᠣᠷ ᠰᠦᠯᠵᠢᠶ᠎ᠡ ᠵᠢ ᠵᠠᠪᠳᠤᠨ ᠵᠠᠰᠠᠬᠤ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ
ᠬᠥᠯᠥᠨ ᠪᠣᠶ᠋ᠢᠷ ᠬᠣᠲᠠ ᠵᠢᠨ ᠵᠠᠰᠠᠮᠠᠯ ᠵᠠᠮ ᠠᠷᠠᠴᠢᠯᠠᠨ ᠬᠠᠮᠠᠭ᠋ᠠᠯᠠᠬᠤ ᠰᠠᠯᠠᠭ᠎ᠠ ᠮᠥᠴᠢᠷ᠎ᠤᠨ᠎ᠬᠢᠨ ᠴᠠᠰᠤ ᠠᠷᠢᠯᠭ᠋ᠠᠨ ᠰᠠᠭ᠋ᠠᠳ ᠦᠭᠡᠢ ᠨᠡᠪᠲᠡᠷᠡᠭᠦᠯᠬᠦ ᠠᠵᠢᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠪᠡ
ᠦᠪᠦᠷ ᠮᠣᠩᠭᠤᠯ᠎ᠤᠨ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠪᠡᠯᠡ ᠣᠷᠤᠭᠤᠯᠤᠯᠲᠠ ᠬᠥᠭᠵᠢᠭᠦᠯᠦᠯᠲᠡ ᠵᠢᠨ ᠬᠢᠵᠠᠭ᠋ᠠᠷᠲᠤ ᠺᠣᠮᠫᠠᠨᠢ ᠵᠢᠨ ᠨᠠᠮ᠎ᠤᠨ ᠬᠣᠷᠢᠶ᠎ᠠ᠎ᠠᠴᠠ ᠨᠠᠮ᠎ᠤᠨ ᠭᠡᠰᠢᠭᠦᠨ ᠡᠯᠰᠡᠬᠦ ᠡᠲᠡᠭᠡᠳ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
ᠮᠣᠩᠭᠣᠯ ᠤᠯᠤᠰ᠎ᠠᠴᠠ ᠬᠠᠨᠳᠢᠪᠯᠠᠭᠰᠠᠨ ᠲᠦᠷᠦᠭᠦᠤ ᠪᠦᠯᠦᠭ᠎ᠤᠨ 12000 ᠬᠣᠨᠢ ᠵᠢ ᠬᠤᠪᠸᠢ ᠵᠦᠭ ᠡᠬᠢᠯᠡᠨ ᠲᠡᠭᠡᠭᠡᠪᠦᠷᠢᠯᠡᠵᠦ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ᠎ᠠᠴᠠ ᠮᠢᠩᠭ᠋ᠠᠨ ᠭᠠᠵᠠᠷ᠎ᠤᠨ ᠠᠶᠠᠯᠠᠯ᠎ᠢ᠎ᠨᠢ ᠬᠠᠮᠠᠭ᠋ᠠᠯᠠᠪᠠ
ᠣᠷᠣᠨ ᠪᠦᠰᠡ ᠪᠠ ᠪᠦᠬᠦ ᠪᠥᠮᠪᠥᠷᠴᠡᠭ᠎ᠤᠨ ᠠᠵᠤ ᠠᠬᠤᠢ ᠵᠢᠨ ᠨᠡᠮᠡᠭᠳᠡᠯ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ — ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠭᠰᠠᠨ ᠲᠤᠬᠠᠢ ᠲᠠᠶ᠋ᠢᠯᠤᠮᠵᠢ
 
            